ᠨᠦᠸᠧᠷᠦ᠋ ᠸᠢᠷᠦ᠋ᠰ ᠤᠨ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ︽ᠲᠠᠪᠤᠨ ᠬᠢᠬᠦ ᠲᠠᠪᠤᠨ ᠬᠢᠬᠦ | ᠦᠭᠡᠢ︾ ᠵᠦᠢᠯ | ᠲᠠᠪᠤ ᠬᠢᠬᠦ | 1. ᠬᠤᠭᠤᠯᠠᠨ ᠠᠴᠠ ᠡᠮᠦᠨ᠎ᠡ ᠪᠡᠶ᠎ᠡ ᠴᠡᠪᠡᠷᠯᠡᠭᠰᠡᠨ ᠤ ᠳᠠᠷᠠᠭ᠎ᠠ ᠭᠠᠷ ᠢᠶᠠᠨ ᠤᠬᠢᠶᠠᠨ᠎ᠠ᠃ | 2. ᠲᠠᠯᠠᠢ ᠶᠢᠨ ᠭᠠᠷᠤᠯᠲᠠ ᠵᠢᠭᠠᠰᠤ ᠵᠢᠷᠠᠭᠠᠬᠠᠢ ᠶᠢ ᠴᠢᠨᠠᠵᠤ ᠪᠤᠯᠭᠤᠨ᠎ᠠ᠃ | 3. ᠲᠦᠭᠦᠬᠡᠢ ᠪᠣᠯᠭᠤᠭᠰᠠᠨ ᠢᠳᠡᠭᠡᠨ ᠢ ᠰᠠᠯᠭᠠᠵᠤ ᠲᠠᠯᠪᠢᠨ᠎ᠠ᠃ | 4. ᠬᠡᠷ ᠪᠠᠶᠢᠰᠢᠩ ᠤᠨ ᠤᠷᠴᠢᠨ ᠤ ᠠᠷᠢᠭᠤᠨ ᠴᠡᠪᠡᠷ ᠢ ᠪᠠᠲᠤᠯᠠᠨ᠎ᠠ᠃ | 5. ᠡᠪᠡᠳᠴᠢᠨ ᠤ ᠢᠯᠡᠷᠡᠯ ᠭᠠᠷᠪᠠᠯ ᠡᠮᠨᠡᠭᠦᠯᠦᠨ᠎ᠡ᠃ | ᠲᠠᠪᠤ ᠬᠢᠬᠦ ᠦᠭᠡᠢ | 1. ᠲᠦᠭᠦᠬᠡᠢ ᠤᠰᠤ ᠶᠢ ᠪᠤᠴᠠᠯᠭᠠᠬᠤ ᠦᠭᠡᠢ ᠪᠣᠯ ᠤᠤᠭᠤᠬᠤ ᠦᠭᠡᠢ᠃ | 2. ᠪᠡᠶ᠎ᠡ ᠪᠠᠭᠤᠷᠠᠢ ᠬᠦᠮᠦᠰ ᠲᠦᠭᠦᠬᠡᠢ ᠣᠰᠤᠨ ᠭᠠᠷᠤᠯᠲᠠ ᠪᠠ ᠢᠳᠡᠰᠢᠨ ᠨᠣᠭᠤᠭ᠎ᠠ ᠢᠳᠡᠬᠦ ᠦᠭᠡᠢ᠃ | 3. ᠡᠪᠡᠳᠴᠢᠲᠡᠨ ᠪᠤᠰᠤᠳ ᠲᠤ ᠬᠤᠭᠤᠯᠠ ᠬᠢᠵᠦ ᠪᠣᠯᠬᠤ ᠦᠭᠡᠢ᠃ | 4. ᠫᠠᠶᠢᠰᠠ ᠦᠭᠡᠢ ᠢᠳᠡᠭᠡᠨ ᠤᠮᠳᠠᠭᠠᠨ ᠢ ᠢᠳᠡᠵᠦ ᠪᠣᠯᠬᠤ ᠦᠭᠡᠢ᠃ | 5. ᠰᠡᠷᠭᠡᠶᠢᠯᠡᠯᠲᠡ ᠣᠢᠭᠡᠢ ᠪᠠᠷ ᠡᠪᠤᠠᠴᠢᠲᠠᠨ ᠤ ᠪᠦᠭᠡᠯᠵᠢᠰᠦ ᠪᠤᠲᠠᠰ ᠪᠠ ᠪᠤᠭᠢᠷᠲᠣᠯ ᠪᠤᠲᠠᠰ ᠢ | ᠰᠢᠢᠳᠪᠦᠷᠢᠯᠡᠵᠦ ᠪᠣᠯᠬᠤ ᠦᠭᠡᠢ᠃ | ᠬᠡᠤᠬᠡᠳ ᠤᠨ ᠠᠩᠬᠠᠷᠤᠯ ᠤᠨ ᠶᠠᠪᠤᠳᠠᠯ ᠤᠨ ᠭᠤᠤᠯᠳᠠᠯᠭ᠎ᠠ | 1. ᠬᠡᠷᠪᠡ ᠠᠩᠬᠢ ᠶᠢᠨ ᠬᠡᠦᠬᠡᠳ ᠤᠳ ᠪᠦᠭᠡᠯᠵᠢᠪᠡᠯ᠂ ᠬᠡᠦᠬᠡᠳ ᠤᠳ ᠵᠠᠪᠠᠯ ᠪᠠᠭᠰᠢ ᠶᠢᠨ ᠢᠶᠠᠨ | ᠵᠢᠯᠣᠭᠤᠳᠤᠯᠭ᠎ᠠ ᠳᠣᠣᠷ᠎ᠠ ᠪᠥᠭᠡᠯᠵᠢᠰᠦ ᠪᠠᠶᠢᠭ᠎ᠠ ᠭᠠᠵᠠᠷ ᠠᠴᠠ ᠪᠠᠨ ᠰᠠᠯᠬᠤ ᠬᠡᠷᠡᠭᠲᠡᠢ᠂ ᠬᠦᠷᠢᠶᠡᠯᠡᠨ ᠦᠵᠡᠵᠦ | ᠪᠣᠯᠬᠤ ᠦᠭᠡᠢ᠃ | 2. ᠬᠡᠷᠪᠡ ᠬᠡᠤᠬᠡᠳ ᠳᠤᠷ᠎ᠠ ᠪᠤᠯᠭᠢᠬᠤ᠂ ᠪᠦᠭᠡᠯᠵᠢᠬᠦᠯᠬᠦ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ | ᠢᠯᠡᠷᠡᠪᠡᠯ ᠵᠠᠪᠠᠯ ᠳᠠᠷᠦ᠋ᠢᠬᠠᠨ ᠰᠤᠷᠭᠠᠭᠤᠯᠢ ᠶᠢᠨ ᠪᠠᠭᠰᠢ ᠳᠤ ᠮᠡᠳᠡᠭᠦᠯᠦᠨ᠎ᠡ᠂ ᠡᠪᠡᠳᠴᠢᠨ ᠲᠠᠢ ᠪᠠᠷ ᠰᠤᠷᠭᠠᠭᠤᠯᠢ ᠳᠤ | ᠰᠠᠭᠤᠬᠤ ᠦᠭᠡᠢ᠂ ᠭᠡᠷ ᠲᠤ ᠪᠠᠨ ᠠᠮᠠᠷᠠᠵᠤ ᠡᠪᠡᠳᠴᠢᠨ ᠤ ᠢᠯᠡᠷᠡᠯ ᠪᠦᠷᠢᠮᠦᠰᠦᠨ ᠠᠷᠢᠯᠤᠭᠰᠠᠨ ᠤ ᠳᠠᠷᠠᠭ᠎ᠠ 72 | ᠴᠠᠭ ᠲᠤ ᠳᠠᠬᠢᠨ ᠬᠢᠴᠢᠶᠡᠯ ᠢᠶᠠᠨ ᠰᠡᠷᠭᠦᠭᠡᠬᠦ ᠶᠢ ᠰᠠᠨᠠᠭᠤᠯᠤᠨ᠎ᠠ᠃ | 3. ᠭᠡᠷ ᠲᠡᠭᠡᠨ ᠰᠠᠭᠤᠵᠤ ᠠᠮᠠᠷᠠᠬᠤ ᠬᠤᠭᠤᠴᠠᠭᠠᠨ ᠳᠤ ᠡᠪᠡᠳᠴᠢᠲᠡᠨ ᠳᠤ ᠪᠡᠶ᠎ᠡ ᠪᠠᠨ ᠳᠠᠭᠠᠭᠠᠭᠰᠠᠨ | ᠢᠳᠡᠭᠡᠨ ᠤ ᠬᠡᠷᠡᠭᠰᠡᠯ ᠪᠡᠯᠡᠳᠬᠡᠪᠡᠯ ᠵᠣᠬᠢᠨ᠎ᠠ᠂ ᠬᠠᠮᠤᠭ ᠰᠠᠶᠢᠨ ᠨᠢ ᠭᠡᠷ ᠤᠨ ᠬᠥᠮᠦᠰ ᠲᠠᠢ ᠪᠠᠨ ᠬᠠᠮᠲᠤ ᠬᠤᠭᠤᠯᠠ | ᠢᠳᠡᠬᠦ ᠦᠭᠡᠢ︔ ᠡᠪᠡᠳᠴᠢᠲᠡᠨ ᠤ ᠰᠠᠭᠤᠯᠭᠠᠭᠰᠠᠨ ᠪᠠ ᠪᠦᠭᠡᠯᠵᠢᠰᠦ ᠶᠢ ᠾᠯᠣᠷ ᠠᠭᠤᠯᠤᠭᠰᠠᠨ ᠨᠠᠶᠢᠷᠠᠯᠭ᠎ᠠ ᠶᠢ | ᠬᠡᠷᠡᠭᠯᠡᠨ ᠠᠷᠢᠭᠤᠳᠬᠠᠨ᠎ᠠ᠂ ᠢᠳᠡᠭᠡᠨ ᠤ ᠪᠠᠭᠠᠵᠢ ᠬᠡᠷᠡᠭᠰᠡᠯ ᠢ ᠨᠢ 30 ᠮᠢᠨᠦ᠋ᠲ ᠪᠤᠴᠠᠯᠭᠠᠵᠤ ᠠᠷᠢᠭᠤᠳᠬᠠᠨ᠎ᠠ᠂ | ᠭᠡᠷ ᠤᠨ ᠠᠬᠠᠮᠠᠳ ᠪᠣᠬᠢᠷᠲᠤᠯ ᠪᠣᠳᠠᠰ ᠢ ᠰᠢᠢᠳᠪᠦᠷᠢᠯᠡᠬᠦ ᠳᠡᠭᠡᠨ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ | ᠬᠢᠬᠦ ᠬᠡᠷᠡᠭᠲᠡᠶ᠃ | |