ᠡᠯ᠎ᠡ ᠦᠨᠳᠦᠰᠦᠲᠡᠨ ᠤ ᠠᠷᠠᠳ ᠲᠦᠮᠡᠨ ᠴᠥᠮ ᠬᠠᠮᠲᠤ ᠶᠢᠨ ᠭᠡᠷ ᠣᠷᠣᠨ ᠲᠠᠢ᠂ ᠳᠠᠷᠤᠢ ᠳᠤᠮᠳᠠᠳᠤ | ᠤᠯᠤᠰ ᠪᠣᠯᠤᠨ᠎ᠠ︔ ᠴᠥᠮ ᠬᠠᠮᠲᠤ ᠶᠢᠨ ᠪᠡᠶ᠎ᠡ ᠶᠢᠨ ᠭᠠᠷᠤᠯ ᠲᠠᠢ᠂ ᠳᠠᠷᠤᠢ ᠳᠤᠮᠳᠠᠳᠤ ᠶᠢᠨ ᠦᠨᠳᠦᠰᠦᠲᠡᠨ ᠮᠥᠨ︔ | ᠴᠥᠮ ᠬᠠᠮᠲᠤ ᠶᠢᠨ ᠨᠡᠷ᠎ᠡ ᠲᠠᠢ᠂ ᠳᠠᠷᠤᠢ ᠳᠤᠮᠳᠠᠳᠤ ᠤᠯᠤᠰ ᠤᠨ ᠬᠥᠮᠦᠨ ᠪᠣᠯᠤᠨ᠎ᠠ︔ ᠴᠥᠮ ᠬᠠᠮᠲᠤ ᠶᠢᠨ | ᠬᠦᠰᠡᠯ ᠡᠷᠡᠮᠡᠯᠵᠡᠯ ᠲᠠᠢ᠂ ᠳᠠᠷᠤᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠠᠪᠤᠳᠠᠯ ᠪᠣᠯᠤᠨ᠎ᠠ᠃ | —— ᠰᠡᠳᠦᠪ ᠤᠨ ᠲᠡᠮᠳᠡᠭᠯᠡᠯ | ᠤᠢᠢᠷ᠎ᠠ ᠶᠢᠨ ᠵᠢᠯ ᠠᠴᠠ ᠨᠠᠭᠠᠰᠢ᠂ ᠬᠤᠪᠸᠢ ᠮᠤᠵᠢ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠣᠯ ᠰᠢᠵᠢᠮ ᠢ ᠪᠠᠲᠤ ᠴᠣᠭᠴᠠᠯᠠᠬᠤ ᠶᠢ ᠪᠠᠷᠢᠮᠲᠠᠯᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ | ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ | ᠬᠠᠷᠠᠯᠲᠠ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ︽ᠠᠵᠢᠯ ᠲᠦᠪᠲᠦ ᠲᠣᠭᠤᠷᠢᠭ︾ ᠢ ᠰᠠᠶᠢᠲᠤᠷ ᠵᠢᠷᠤᠭᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠬᠦ ᠬᠦᠴᠦᠨ ᠢᠶᠠᠷ ᠢᠶᠠᠨ | ᠴᠣᠭᠴᠠᠯᠠᠵᠤ᠂ ᠦᠨᠳᠦᠰᠦᠲᠡᠨ ᠤ ᠠᠵᠢᠯ ᠤᠨ ᠰᠢᠨ᠎ᠡ ᠭᠠᠷᠤᠭ᠎ᠠ ᠳᠡᠭᠡᠷ᠎ᠡ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠶᠢ ᠠᠬᠢᠭᠤᠯᠪᠠ᠃ | ᠦᠯᠢᠭᠡᠷ ᠨᠢᠭᠡ | ︽ᠰᠢᠨᠵᠢᠶᠠᠩ ᠬᠤᠪᠸᠢ ᠶᠢᠨ ᠬᠦᠪᠡᠭᠦᠳ ᠥᠬᠢᠳ︾ ᠤᠨ ᠰᠢᠨᠵᠢᠶᠠᠩ ᠬᠤᠪᠸᠢ ᠶᠢᠨ ᠰᠡᠳᠭᠢᠯᠭᠡ | ︽ᠲᠡᠷᠡ ᠨᠠᠮ ᠤᠨ ᠰᠦᠯᠳᠡ ᠪᠠᠨ ᠭᠠᠷᠭᠠᠭᠰᠠᠨ ᠲᠡᠷᠡ ᠮᠥᠴᠡ ᠳᠤ ᠮᠢᠨᠦ ᠨᠢᠯᠪᠤᠰᠤ ᠠᠰᠬᠠᠷᠠᠯ᠎ᠠ︾᠃ 3 | ᠵᠢᠯ ᠤᠨ ᠡᠮᠦᠨ᠎ᠡ᠂ ᠡᠨᠡ ᠬᠦ ᠪᠦᠬᠦ ᠰᠦᠯᠵᠢᠶ᠎ᠡ ᠳᠡᠭᠡᠷ᠎ᠡ ᠲᠤᠭ᠎ᠠ ᠲᠣᠮᠰᠢ ᠦᠭᠡᠢ ᠣᠯᠠᠨ ᠬᠥᠮᠦᠨ ᠤ ᠰᠡᠳᠭᠢᠯ ᠢ | ᠳᠣᠭᠳᠣᠯᠤᠭᠤᠯᠤᠭᠰᠠᠨ ᠦᠭᠡ᠂ ᠰᠢᠨᠵᠢᠶᠠᠩ ᠤᠨ ᠨᠢᠭᠡᠨ ᠠᠪᠠᠭ᠎ᠠ ᠦᠬᠠᠨ ᠤ ᠵᠢᠭᠤᠯᠴᠢᠯᠠᠭᠰᠠᠳ ᠢ ᠬᠠᠪᠰᠤᠷᠤᠭᠰᠠᠨ | ᠦᠯᠢᠭᠡᠷ ᠠᠴᠠ ᠢᠷᠡᠯᠲᠡ ᠲᠠᠢ᠃ | 2022 ᠣᠨ ᠤ 1 ᠳ᠋ᠦ᠋ᠭᠡᠷ ᠰᠠᠷ᠎ᠠ ᠶᠢᠨ 4 ᠤ ᠡᠳᠦᠷ᠂ ︽ᠰᠢᠨᠵᠢᠶᠠᠩ ᠬᠤᠪᠸᠢ ᠶᠢᠨ ᠬᠥᠪᠡᠭᠦᠳ ᠥᠬᠢᠳ︾ | ᠤᠨ ᠪᠦᠯᠬᠦᠮ ᠰᠢᠨᠵᠢᠶᠠᠩ ᠤᠨ ᠬᠢᠯᠢ ᠶᠢᠨ ᠱᠤᠭᠤᠮ ᠳᠤ ᠬᠦᠷᠴᠦ᠂ ᠡᠨᠡ ᠬᠦ ᠰᠢᠨᠵᠢᠶᠠᠩ ᠤᠨ ᠠᠪᠠᠭ᠎ᠠ ᠠᠪᠠᠭᠠᠫᠠᠷ · | ᠮᠧᠩᠳᠧ ᠶᠢ ᠰᠣᠷᠪᠤᠯᠵᠢᠯᠠᠵᠤ᠂ ᠲᠡᠷᠡ ︽ᠰᠢᠨᠵᠢᠶᠠᠩ ᠬᠤᠪᠸᠢ ᠶᠢᠨ ᠬᠥᠪᠡᠭᠦᠳ ᠥᠬᠢᠳ︾ ᠤᠨ ᠰᠢᠷᠢᠰ 14 | ᠳ᠋ᠦ᠋ᠭᠡᠷ ᠭᠤᠣᠯ ᠪᠠᠭᠠᠲᠤᠷ ᠪᠣᠯᠤᠭᠰᠠᠨ ᠪᠠᠶᠢᠨ᠎ᠠ᠃ | ︽ᠰᠢᠨᠵᠢᠶᠠᠩ ᠬᠤᠪᠸᠢ ᠶᠢᠨ ᠬᠥᠪᠡᠭᠦᠳ ᠥᠬᠢᠳ︾ ᠪᠣᠯ ᠦᠬᠠᠨ ᠤ ᠸᠧᠢ ᠮᠧᠩ ᠵᠠᠭᠤᠴᠢᠯᠠᠭᠤᠷ ᠠᠴᠠ | ᠭᠠᠷᠭᠠᠭᠰᠠᠨ ᠰᠢᠷᠢᠰ ᠣᠬᠤᠷ ᠹᠢᠯᠢᠮ ᠪᠣᠯᠤᠨ᠎ᠠ᠂ ᠰᠢᠨᠵᠢᠶᠠᠩ ᠪᠣᠯᠤᠨ ᠬᠤᠪᠧᠶ ᠶᠢᠨ ᠥᠯᠢᠭᠡᠷ ᠢ ᠶᠠᠷᠢᠵᠤ᠂ ᠬᠤᠪᠧᠶ | ᠮᠤᠵᠢ ᠶᠢᠨ ᠦᠨᠳᠦᠰᠦᠲᠡᠨ ᠤ ᠱᠠᠰᠢᠨ ᠰᠤᠷᠲᠠᠬᠤᠨ ᠤ ᠵᠥᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠬᠤᠪᠧᠶ ᠮᠤᠵᠢ ᠶᠢᠨ ᠨᠠᠮ ᠤᠨ ᠬᠤᠷᠢᠶ᠎ᠠ᠂ ᠦᠬᠠᠨ ᠬᠤᠲᠠ ᠶᠢᠨ ᠦᠨᠳᠦᠰᠦᠲᠡᠨ ᠤ ᠱᠠᠰᠢᠨ ᠰᠤᠷᠲᠠᠬᠤᠨ ᠤ | ᠵᠥᠪᠯᠡᠯ ᠠᠴᠠ ᠵᠢᠭᠠᠨ ᠵᠢᠯᠤᠭᠤᠳᠤᠨ᠎ᠠ᠃ ︽ᠰᠢᠨᠵᠢᠶᠠᠩ ᠬᠤᠪᠧᠶ ᠶᠢᠨ ᠬᠥᠪᠡᠭᠦᠳ ᠥᠬᠢᠳ︾ ᠤᠨ ᠵᠣᠬᠢᠶᠠᠨ | ᠪᠦᠲᠦᠭᠡᠬᠦ ᠪᠦᠯᠬᠦᠮ ᠦᠬᠠᠨ ᠤ ᠸᠧᠢ ᠮᠧᠩ ᠰᠣᠶᠣᠯ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ | ᠢᠷᠡᠯᠲᠡ ᠲᠠᠢ᠂ ᠺᠣᠮᠫᠠᠨᠢ ᠶᠢᠨ ᠡᠭᠦᠳᠦᠨ ᠪᠠᠶᠢᠭᠤᠯᠤᠭᠴᠢ ᠵᠠᠩ ᠫᠸᠢ ᠸᠧᠨ ᠪᠣᠯ ᠦᠬᠠᠨ ᠳᠤ ᠰᠤᠶᠤᠯ ᠤᠨ ᠵᠠᠮ | ᠬᠦᠭᠡᠭᠡᠵᠦ ᠦᠢᠯᠡᠰ ᠪᠤᠰᠬᠠᠭᠰᠠᠨ ᠰᠢᠨᠵᠢᠶᠠᠩ ᠨᠤᠲᠤᠭ ᠲᠠᠢ ᠶᠡᠭᠡ ᠰᠤᠷᠭᠠᠭᠤᠯᠢ ᠲᠡᠭᠦᠰᠦᠭᠰᠡᠨ ᠨᠢᠭᠡᠨ ᠣᠶᠤᠲᠠᠨ | ᠪᠣᠯᠤᠨ᠎ᠠ᠃ | ︽ᠠᠪᠠᠭᠠᠫᠠᠷ ᠠᠪᠠᠭ᠎ᠠ ᠶᠢᠨ ᠪᠡᠶ᠎ᠡ ᠳᠡᠭᠡᠷ᠎ᠡ ᠨᠢᠭᠡᠨ ᠰᠠᠶᠢᠨ ᠬᠥᠮᠦᠨ ᠤ ᠰᠠᠶᠢᠬᠠᠨ ᠰᠡᠳᠭᠢᠯ ᠪᠠᠶᠢᠬᠤ | ᠪᠥᠭᠡᠳ ᠨᠡᠩ ᠴᠤ ᠨᠢᠭᠡᠨ ᠨᠠᠮ ᠤᠨ ᠭᠡᠰᠢᠭᠦᠨ ᠵᠢᠩᠬᠢᠨᠢ ᠪᠥᠭᠡᠳ ᠡᠷᠡᠰ ᠪᠠᠲᠤ ᠣᠪᠤᠷ ᠪᠠᠶᠢᠨ᠎ᠠ︾ ᠭᠡᠵᠦ ᠵᠠᠩ ᠫᠸᠢ | ᠸᠧᠨ ᠬᠡᠯᠡᠪᠡ᠃ | ᠠᠷᠪᠠ ᠭᠠᠷᠤᠢ ᠵᠢᠯ ᠤᠨ ᠦᠬᠠᠨ ᠤ ᠠᠮᠢᠳᠤᠷᠠᠯ ᠵᠠᠩ ᠫᠧᠢ ᠸᠧᠨ ᠳᠤ ᠨᠡᠩ ᠤᠯᠠᠨ ᠨᠠᠶᠢᠵᠠ ᠨᠠᠷ ᠢ | ᠲᠠᠨᠢᠭᠤᠯᠵᠠᠢ᠂ ︽ᠣᠨᠴᠠᠭᠠᠶᠢᠯᠠᠨ ᠦᠬᠠᠨ ᠳᠤ ᠪᠠᠶᠢᠭ᠎ᠠ ᠰᠢᠨᠵᠢᠶᠠᠩ ᠤᠨ ᠬᠦᠮᠦᠨ᠂ ᠨᠠᠳᠠ ᠳᠤ ᠠᠪᠴᠤ ᠬᠡᠯᠡᠪᠡᠯ | ᠮᠠᠰᠢ ᠳᠣᠲᠣᠨᠣ︾᠃ | ᠰᠤᠯᠠ ᠰᠡᠯᠡᠭᠦᠦ ᠴᠠᠭ ᠢᠶᠠᠷ ᠢᠶᠠᠨ ᠬᠠᠮᠲᠤ ᠰᠡᠳᠬᠢᠯ ᠤᠨ ᠦᠭᠡ ᠪᠠᠨ ᠶᠠᠷᠢᠯᠴᠠᠵᠤ᠂ ᠤᠨᠴᠠᠯᠢᠬᠳᠤ ᠠᠮᠲᠠᠲᠤ | ᠢᠳᠡᠭᠡᠨ ᠢᠳᠡᠨ᠎ᠡ᠂ ᠶᠠᠪᠤᠯᠴᠠᠭ᠎ᠠ ᠤᠯᠠᠮ ᠭᠦᠨᠵᠡᠭᠡᠶᠢᠷᠡᠬᠦ ᠶᠢ ᠳᠠᠭᠠᠯᠳᠤᠨ᠂ ᠵᠠᠩ ᠫᠸᠢ ᠸᠧᠨ᠂ ᠴᠦᠮ | ᠰᠢᠨᠵᠢᠶᠠᠩ ᠤᠨ ᠬᠥᠮᠦᠨ ᠪᠠᠶᠢᠲᠠᠯ᠎ᠠ ᠡᠯ᠎ᠡ ᠵᠦᠢᠯ ᠤᠨ ᠰᠢᠯᠲᠠᠭᠠᠨ ᠠᠴᠠ ᠪᠤᠯᠵᠤ ᠦᠬᠠᠨ ᠲᠠᠢ ᠤᠴᠠᠷᠠᠪᠠ᠂ ᠬᠥᠮᠦᠨ | ᠪᠦᠷᠢ ᠥᠪᠡᠷ ᠤᠨ ᠦᠯᠢᠭᠡᠷ ᠲᠠᠢ ᠪᠠᠶᠢᠳᠠᠭ᠂ ᠡᠨᠡ ᠪᠣᠯ ᠳᠠᠷᠤᠢ ᠨᠢᠭᠡᠨ ᠮᠠᠰᠢ ᠰᠠᠶᠢᠨ ᠬᠠᠮᠲᠤᠯᠢᠭ ᠤᠨ ᠵᠢᠷᠤᠭ | ᠳᠦᠷᠰᠦ ᠪᠦᠲᠦᠭᠡᠯᠲᠡ ᠪᠣᠯᠤᠨ᠎ᠠ ᠭᠡᠳᠡᠭ ᠢ ᠰᠡᠷᠡᠵᠦ ᠮᠡᠳᠡᠷᠡᠪᠡ᠃ | ︽ᠰᠢᠨᠵᠢᠶᠠᠩ ᠬᠤᠪᠸᠢ ᠶᠢᠨ ᠬᠥᠪᠡᠭᠦᠳ ᠥᠬᠢᠳ︾ ᠤᠨ ᠠᠩᠬᠠᠨ ᠤ ᠬᠤᠭᠤᠴᠠᠭᠠᠨ ᠤ ᠭᠤᠣᠯ ᠪᠠᠭᠠᠲᠤᠷ | ᠪᠣᠯ ᠬᠤᠲ᠋ᠠᠶᠢᠨ ᠤ ᠣᠶᠢᠭᠤᠷ ᠦᠨᠳᠦᠰᠦᠲᠡᠨ ᠮᠠᠶᠢᠷᠬᠠᠪ · ᠦ᠋ ᠯᠠ ᠮᠦ ᠪᠣᠯᠤᠨ᠎ᠠ᠃ 2014 ᠣᠨ ᠳᠤ ᠶᠡᠭᠡ | ᠰᠤᠷᠭᠠᠭᠤᠯᠢ ᠲᠡᠭᠦᠰᠦᠭᠰᠡᠨ ᠤ ᠳᠠᠷᠠᠭ᠎ᠠ᠂ ᠲᠡᠷᠡ ᠰᠣᠩᠭᠤᠨ ᠰᠢᠯᠵᠢᠭᠦᠯᠬᠦ ᠰᠤᠷᠤᠭᠴᠢ ᠶᠢᠨ ᠬᠤᠪᠢ ᠪᠠᠷ ᠦᠬᠠᠨ | ᠬᠤᠲᠠ ᠶᠢᠨ ᠽᠢ ᠶᠠᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠪᠠ ᠣᠯᠠᠨ ᠲᠦᠮᠡᠨ ᠤ ᠠᠵᠢᠯ ᠤᠨ | ᠬᠡᠯᠲᠡᠰ ᠲᠤ ᠬᠤᠪᠢᠶᠠᠭᠳᠠᠪᠠ᠃ ᠵᠠᠯᠭᠠᠭᠠᠳ᠂ ᠡᠨᠡ ᠬᠦ ᠰᠢᠷᠢᠰ ᠸᠢᠳᠢᠣ᠋ ᠤᠨ ᠭᠤᠣᠯ ᠪᠠᠭᠠᠲᠤᠷ ᠨᠢ ᠪᠠᠰᠠ ᠦᠬᠠᠨ ᠳᠤ | ᠪᠠᠶᠢᠭ᠎ᠠ ᠣᠶᠤᠲᠠᠨ᠂ ᠠᠷᠠᠯᠵᠢᠶᠠᠴᠢᠨ᠂ ᠬᠥᠯᠥᠰᠥᠨ ᠠᠵᠢᠯᠴᠢᠨ ᠵᠡᠷᠭᠡ ᠬᠠᠮᠲᠤᠯᠢᠭ ᠪᠠᠶᠢᠳᠠᠭ᠃ | | ᠵᠠᠩ ᠫᠧᠢ ᠸᠧᠨ ᠤ ᠪᠠᠶᠢᠭ᠎ᠠ ᠠᠵᠤ ᠠᠬᠤᠢᠯᠠᠯ — ᠦᠬᠠᠨ ᠤ ᠸᠧᠢ ᠮᠧᠩ ᠰᠣᠶᠣᠯ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠠᠮᠲᠤ ᠨᠡᠶᠢᠲᠡ ᠪᠠᠷ ᠦᠨᠡᠯᠡᠭᠳᠡᠪᠡ᠃ | ︽ᠤᠳᠠᠭ᠎ᠠ ᠪᠦᠷᠢ ᠭᠡᠷ ᠲᠡᠭᠡᠨ ᠬᠠᠷᠢᠬᠤ ᠳᠤ ᠪᠠᠨ ᠪᠢ ᠪᠥᠲᠥᠭᠡᠯ ᠢᠶᠠᠨ ᠡᠮᠬᠢᠯᠡᠵᠦ ᠨᠤᠲᠤᠭ ᠤᠨ ᠠᠬ᠎ᠠ | ᠳᠡᠭᠦᠦ ᠨᠠᠷ ᠲᠤ ᠪᠠᠨ ᠦᠵᠡᠭᠦᠯᠳᠡᠭ᠂ ᠲᠡᠳᠡᠨ ᠳᠤ ᠨᠢᠭᠡ ᠨᠤᠲᠤᠭ ᠤᠨ ᠬᠦᠮᠦᠰ ᠤᠨ ᠰᠢᠨᠵᠢᠶᠠᠩ ᠠᠴᠠ ᠭᠠᠳᠠᠨᠠᠬᠢ | ᠠᠮᠢᠳᠤᠷᠠᠯ ᠮᠦᠨ ᠴᠤ ᠮᠠᠰᠢ ᠡᠯᠪᠡᠭ ᠪᠠᠶᠠᠯᠢᠭ ᠪᠠᠶᠢᠬᠤ ᠶᠢ ᠬᠠᠷᠠᠭᠤᠯᠤᠨ᠎ᠠ᠃ ᠭᠠᠳᠠᠨ᠎ᠠ ᠣᠷᠣᠨ ᠤ ᠬᠥᠮᠦᠰ | ᠰᠢᠨᠵᠢᠶᠠᠩ ᠤᠨ ᠪᠠᠷᠢᠮᠲᠠᠲᠤ ᠺᠢᠨᠣ᠋ ᠶᠢ ᠦᠵᠡᠭᠰᠡᠨ ᠤ ᠳᠠᠷᠠᠭ᠎ᠠ ᠰᠢᠨᠵᠢᠶᠠᠩ ᠳᠤ ᠣᠴᠢᠬᠤ ᠰᠠᠨᠠᠭ᠎ᠠ ᠲᠠᠢ ᠠᠳᠠᠯᠢ᠂ | ᠪᠠᠷᠢᠮᠲᠠᠯᠠᠪᠠᠯ ᠰᠢᠨᠵᠢᠶᠠᠩ ᠤᠨ ᠨᠢᠭᠡ ᠨᠤᠲᠤᠭ ᠤᠨ ᠬᠦᠮᠦᠨ ᠴᠤ ᠰᠢᠨᠵᠢᠶᠠᠩ ᠤᠨ ᠠᠳᠠᠯᠢ ᠪᠤᠰᠤ ᠦᠵᠡᠮᠵᠢ ᠶᠢ | ᠮᠡᠳᠡᠷᠡᠨ᠎ᠡ ᠭᠡᠳᠡᠭ ᠢ ᠢᠲᠡᠭᠡᠵᠦ ᠪᠠᠶᠢᠨ᠎ᠠ︾ ᠭᠡᠵᠦ ᠵᠠᠩ ᠫᠸᠢ ᠸᠧᠨ ᠬᠡᠯᠡᠪᠡ᠃ | 2022 ᠣᠨ ᠤ ᠰᠢᠨ᠎ᠡ ᠵᠢᠯ ᠰᠠᠶ᠋ᠢᠬᠠᠨ ᠥᠩᠭᠡᠷᠡᠵᠦ᠂ ᠵᠠᠩ ᠫᠸᠢ ᠸᠧᠨ ᠤ ᠰᠡᠭᠦᠳᠡᠷᠯᠡᠬᠦ ᠪᠦᠯᠬᠦᠮ | ᠦᠬᠠᠨ ᠠᠴᠠ ᠮᠣᠷᠳᠠᠵᠤ᠂ 6000 ᠭᠠᠷᠤᠢ ᠺᠢᠯᠤᠮᠧᠲᠷ ᠠᠯᠤᠰᠯᠠᠵᠤ᠂ 38 ᠴᠠᠭ ᠶᠠᠪᠤᠵᠤ᠂ 4 ᠵᠦᠢᠯ ᠤᠨ ᠵᠠᠮ | ᠬᠠᠷᠢᠯᠴᠠᠭᠠᠨ ᠤ ᠪᠠᠭᠠᠵᠢ ᠰᠣᠯᠢᠵᠤ᠂ ᠴᠠᠰᠤᠲᠤ ᠠᠭᠤᠯᠠ ᠶᠢᠨ ᠳᠣᠣᠷ᠎ᠠ ᠪᠠᠶᠢᠭ᠎ᠠ ᠮᠣᠵᠢ ᠰᠢᠶᠠᠩ ᠳᠤ ᠬᠦᠷᠴᠦ᠂ | ᠠᠪᠠᠭᠠᠫᠠᠷ ᠠᠪᠠᠭ᠎ᠠ ᠲᠠᠢ ᠠᠭᠤᠯᠵᠠᠪᠠ᠃ | ︽ᠪᠢᠳᠡ ᠬᠤᠶᠠᠷ ᠡᠳᠦᠷ ᠬᠠᠮᠲᠤ ᠶᠠᠪᠤᠯᠴᠠᠪᠠ᠂ ᠲᠡᠷᠡ ᠪᠢᠳᠡᠨ ᠢ ᠳᠠᠭᠠᠭᠤᠯᠤᠨ ᠲᠡᠨᠳᠡᠬᠢ ᠨᠡᠷᠡᠲᠦ ᠭᠠᠯᠲᠤ | ᠠᠭᠤᠯᠠ ᠶᠢᠨ ᠠᠮᠠᠰᠠᠷ ᠢ ᠰᠣᠨᠢᠷᠬᠠᠭᠤᠯᠵᠤ᠂ ᠦᠨᠳᠦᠷ ᠠᠭᠤᠯᠠᠨ ᠤ ᠠᠮᠲᠠᠲᠤ ᠬᠤᠨᠢᠨ ᠮᠢᠬ᠎ᠠ ᠠᠮᠰᠠᠭᠤᠯᠵᠤ᠂ | ᠡᠾᠧᠽᠢᠯᠰᠣ ᠶᠢᠨ ᠭᠢᠷᠭᠢᠰ ᠦᠨᠳᠦᠰᠦᠲᠡᠨ ᠤ ᠵᠠᠩ ᠳᠠᠳᠬᠠᠯ ᠢ ᠲᠠᠨᠢᠯᠴᠠᠭᠤᠯᠵᠤ᠂ ᠪᠠᠰᠠ ᠥᠩᠭᠡᠷᠡᠭᠰᠡᠨ ᠤ ᠮᠠᠰᠢ | ᠣᠯᠠᠨ ᠦᠯᠢᠭᠡᠷ ᠢᠶᠠᠨ ᠶᠠᠷᠢᠵᠠᠶ︾ ᠡᠳᠡᠭᠡᠷ ᠪᠣᠷᠣ ᠮᠠᠲ᠋ᠧᠷᠢᠶᠠᠯ ᠢ ᠴᠦᠮ ᠲᠡᠮᠳᠡᠭᠯᠡᠵᠦ ︽ᠰᠢᠨᠵᠢᠶᠠᠩ ᠬᠤᠪᠸᠢ ᠶᠢᠨ | ᠬᠥᠪᠡᠭᠦᠳ ᠥᠬᠢᠳ︾ ᠰᠢᠷᠢᠰ ᠤᠨ 14 ᠳ᠋ᠦ᠋ᠭᠡᠷ ᠪᠦᠯᠦᠭ ᠪᠣᠯᠭᠠᠨ ᠦᠢᠯᠡᠳᠴᠡᠢ᠃ | ︽ᠳᠤᠮᠳᠠᠳᠤ ᠶᠢᠨ ᠦᠨᠳᠦᠰᠦᠲᠡᠨ 960 ᠲᠦᠮᠡᠨ ᠲᠡᠭᠰᠢ ᠳᠥᠷᠪᠡᠯᠵᠢᠨ ᠺᠢᠯᠤᠮᠧᠲᠷ ᠤᠨ ᠥᠷᠭᠡᠨ | ᠠᠭᠤᠳᠠᠮ ᠭᠠᠵᠠᠷ ᠰᠢᠷᠣᠶ ᠲᠠᠢ ᠪᠠᠶᠢᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠬᠢᠵᠠᠭᠠᠯᠠᠰᠢ ᠦᠭᠡᠢ | ᠡᠯᠪᠡᠭ ᠪᠠᠶᠠᠯᠢᠭ ᠰᠣᠶᠣᠯ ᠤᠨ ᠰᠢᠮ᠎ᠡ ᠲᠡᠵᠢᠭᠡᠯ ᠢ ᠬᠤᠷᠠᠮᠳᠤᠭᠤᠯᠵᠤ᠂ ᠥᠷᠭᠡᠨ ᠠᠭᠤᠳᠠᠮ ᠭᠠᠵᠠᠷ ᠣᠷᠣᠨ ᠨᠢ ᠴᠦ | ᠥᠪᠡᠷ ᠥᠪᠡᠷ ᠤᠨ ᠵᠠᠩ ᠠᠭᠠᠯᠢ ᠶᠢ ᠪᠤᠢ ᠪᠣᠯᠭᠠᠭᠰᠠᠨ ᠪᠠᠶᠢᠨ᠎ᠠ᠃ 56 ᠦᠨᠳᠦᠰᠦᠲᠡᠨ ᠤ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠪᠣᠯ ︿ᠠᠮᠢᠰᠬᠤᠭ᠎ᠠ ᠪᠠᠨ ᠨᠢᠭᠡᠳᠬᠡᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ | ᠂ ᠲᠠᠨ ᠤ ᠳᠤᠮᠳᠠ ᠪᠢ ᠪᠠᠶᠢᠨ᠎ᠠ᠂ ᠮᠢᠨᠦ ᠳᠣᠲᠣᠷ᠎ᠠ ᠴᠢ ᠪᠠᠶᠢᠨ᠎ᠠ᠂ ᠬᠡᠨ ᠴᠦ ᠬᠡᠨ ᠠᠴᠠ ᠰᠠᠯᠵᠤ ᠴᠢᠳᠠᠬᠤ ᠦᠭᠡᠢ﹀ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠮᠡᠳᠡᠷᠡᠮᠵᠢ᠂ ᠦᠨᠳᠦᠰᠦᠲᠡᠨ ᠤ ᠶᠡᠭᠡ ᠪᠦᠯᠬᠦᠮᠳᠡᠯ ᠳᠠᠬᠢ | ᠳᠤᠲᠠᠭᠳᠠᠵᠤ ᠪᠣᠯᠤᠰᠢ ᠦᠭᠡᠢ ᠨᠢᠭᠡ ᠬᠡᠰᠡᠭ ᠮᠥᠨ ᠭᠡᠳᠡᠭ ᠢ ᠪᠢᠳᠡ ᠪᠠᠲᠤ ᠴᠡᠭᠡᠵᠢᠯᠡᠬᠦ ᠴᠢᠬᠤᠯᠠ ᠲᠠᠢ ᠶᠤᠮ︾ | ᠭᠡᠵᠦ ᠵᠠᠩ ᠫᠸᠢ ᠸᠧᠨ ᠬᠡᠯᠡᠪᠡ᠃ | | ᠦᠯᠢᠭᠡᠷ ᠬᠤᠶᠠᠷ | ᠦᠨᠳᠦᠰᠦᠲᠡᠨ ᠤ ᠪᠦᠯᠬᠦᠮᠳᠡᠯ ᠤᠨ ︽ᠠᠨᠠᠷ ᠤᠨ ᠦᠷ᠎ᠡ︾ ᠪᠣᠯᠬᠤ | ︽ᠪᠢᠳᠡ ᠶᠠᠭ ᠴᠠᠩᠱᠠ ᠳᠤ ᠢᠳᠡᠭᠡᠨ ᠤᠮᠳᠠᠭᠠᠨ ᠤ ᠬᠠᠮᠢᠶᠠᠷᠤᠯᠲᠠ ᠶᠢ ᠰᠤᠷᠤᠯᠴᠠᠵᠤ ᠪᠠᠶᠢᠨ᠎ᠠ᠂ | ᠬᠤᠨᠢᠨ ᠤ ᠭᠡᠳᠡᠰᠦ ᠳᠣᠲᠤᠷ ᠤᠨ ᠬᠤᠭᠤᠯᠠᠨ ᠭᠡᠷ ᠣᠲᠣ 1187 ᠣᠷᠴᠢᠮ ᠤᠨ ᠠᠵᠢᠯᠲᠠᠨ ᠲᠠᠢ᠂ ᠪᠥᠬᠦ | ᠤᠯᠤᠰ ᠤᠨ ᠬᠤᠯᠪᠣᠭᠠᠲᠤ ᠳᠡᠯᠭᠡᠭᠦᠷ 56 ᠪᠠᠶᠢᠨ᠎ᠠ︾ ᠭᠡᠵᠦ ︽ᠠᠪᠦᠳᠦ ᠬᠤᠨᠢᠨ ᠤ ᠭᠡᠳᠡᠰᠦ ᠳᠣᠲᠤᠷ ︾ ᠨᠡᠷᠡᠲᠦ | ᠲᠡᠮᠳᠡᠭᠲᠦ ᠶᠢᠨ ᠬᠤᠯᠪᠣᠯᠳᠤᠭᠰᠠᠨ ᠳᠡᠯᠭᠡᠭᠦᠷ ᠤᠨ ᠡᠭᠦᠰᠭᠡᠨ ᠪᠠᠢᠭᠤᠯᠤᠭᠴᠢ ᠠᠪᠦᠳᠦᠷᠧᠬᠢᠮᠦ · ᠢᠮᠢᠲ ︵ᠳᠣᠷᠤᠭᠰᠢ | ᠠᠪᠦᠳᠦ ᠭᠡᠵᠦ ᠲᠣᠪᠴᠢᠯᠠᠨ᠎ᠠ︶᠂ ᠬᠡᠷᠪᠡ ᠵᠠᠰᠠᠭ ᠤᠨ ᠣᠷᠳᠣᠨ ᠳᠡᠮᠵᠢᠯᠭᠡ᠂ ᠨᠠᠶᠢᠵᠠ ᠨᠠᠷ ᠤᠨ ᠳᠡᠮᠵᠢᠯᠭᠡ ᠦᠭᠡᠢ | ᠪᠣᠯ ᠥᠨᠦᠳᠦᠷ ᠤᠨ ᠬᠤᠨᠢᠨ ᠤ ᠭᠡᠳᠡᠰᠦ ᠳᠣᠲᠤᠷ ᠤᠨ ᠳᠡᠯᠭᠡᠭᠦᠷ ᠪᠠᠶᠢᠬᠤ ᠦᠭᠡᠢ ᠭᠡᠪᠡ᠃ | ︽ᠲᠤᠬᠠᠢ ᠶᠢᠨ ᠭᠠᠵᠠᠷ ᠤᠨ ᠤᠯᠠᠨ ᠲᠦᠮᠡᠨ ᠴᠥᠮ ᠮᠠᠰᠢ ᠬᠠᠯᠠᠭᠤᠮᠰᠤᠭ ᠪᠠᠶᠢᠵᠤ᠂ ᠲᠦᠷᠦᠯ | ᠰᠠᠳᠤᠨ ᠲᠠᠢ ᠠᠳᠠᠯᠢ ᠪᠠᠷ ᠨᠠᠳᠠ ᠳᠤ ᠡᠯ᠎ᠡ ᠵᠦᠢᠯ ᠤᠨ ᠬᠠᠪᠰᠤᠷᠤᠯᠭ᠎ᠠ ᠬᠠᠩᠭᠠᠪᠠ︾ ᠭᠡᠵᠦ ᠠᠪᠤᠳᠦ 2008 | ᠣᠨ ᠤ ᠡᠬᠢ ᠪᠠᠷ ᠨᠤᠲᠤᠭ ᠰᠢᠨᠵᠢᠶᠠᠩ ᠠᠴᠠ ᠪᠠᠨ ᠰᠠᠶ᠋ᠢᠬᠠᠨ ᠬᠤᠪᠸᠢ ᠶᠢᠨ ᠵᠢᠩᠵᠸᠦ ᠳᠤ ᠢᠷᠡᠭᠰᠡᠨ ᠦᠶ᠎ᠡ ᠪᠠᠨ | ᠡᠷᠭᠢᠴᠡᠭᠦᠯᠪᠡ᠃ | ᠠᠩᠬ᠎ᠠ ᠢᠷᠡᠬᠦ ᠳᠤ ᠲᠠᠨᠢᠵᠦ ᠮᠡᠳᠡᠬᠦ ᠬᠦᠮᠦᠨ ᠦᠭᠡᠢ᠂ ᠠᠪᠤᠳᠦ ᠨᠢᠭᠡᠨᠲᠡ ᠵᠢᠩᠵᠸᠦ ᠳᠤ ᠬᠤᠨᠢᠨ ᠮᠢᠬᠠᠨ | ᠰᠢᠷᠠᠮᠠᠯ ᠤᠨ ᠮᠠᠶᠢᠮᠠᠢ ᠣᠯᠠᠨ ᠵᠢᠯ ᠬᠢᠭᠰᠡᠨ ᠠᠬ᠎ᠠ ᠲᠠᠢ ᠪᠠᠨ ᠴᠤᠭ ᠳᠡᠯᠭᠡᠨ ᠬᠤᠳᠠᠯᠳᠤᠭ᠎ᠠ ᠬᠢᠵᠦ ᠪᠠᠶᠢᠪᠠ᠃ | ᠲᠤᠬᠠᠢ ᠶᠢᠨ ᠦᠶ᠎ᠡ ᠳᠤ ᠠᠬ᠎ᠠ ᠨᠢ ᠰᠢᠷᠠᠮᠠᠯ ᠤᠨ ᠲᠡᠷᠭᠡ ᠪᠠᠨ ᠰᠠᠬᠢᠵᠤ᠂ ᠠᠪᠤᠳᠦ ᠵᠢᠮᠢᠰ ᠤᠨ ᠮᠠᠶᠢᠮᠠᠢ ᠪᠠᠨ ᠰᠠᠬᠢᠵᠤ | ᠠᠮᠢᠳᠤᠷᠠᠯ ᠨᠢ ᠲᠤᠩ ᠬᠦᠴᠢᠷ ᠲᠠᠢ ᠪᠠᠶᠢᠪᠠ᠃ | 2012 ᠣᠨ ᠳᠤ ᠵᠢᠩᠵᠸᠦ ᠬᠤᠲᠠ ᠶᠢᠨ ᠦᠨᠳᠦᠰᠦᠲᠡᠨ ᠤ ᠱᠠᠰᠢᠨ ᠰᠤᠷᠲᠠᠬᠤᠨ ᠤ ᠰᠠᠯᠠᠭ᠎ᠠ | ᠮᠥᠴᠢᠷ ᠨᠢ ᠬᠤᠲᠠ ᠶᠢᠨ ᠲᠣᠭᠤᠷᠢᠭ ᠲᠤ ᠬᠠᠮᠤᠭ ᠲᠡᠷᠢᠭᠦᠨ ᠳᠤ 3 ᠲᠣᠭᠲᠠᠭᠰᠠᠨ ᠡᠵᠡᠩᠨᠡᠯᠲᠡ ᠶᠢᠨ ᠴᠡᠭ | ᠭᠠᠷᠭᠠᠵᠤ᠂ ᠡᠯ᠎ᠡ ᠦᠨᠳᠦᠰᠦᠲᠡᠨ ᠤ ᠠᠬ᠎ᠠ ᠳᠡᠭᠦᠦ ᠨᠠᠷ ᠢ ᠬᠥᠲᠥᠯᠦᠨ ᠵᠢᠯᠣᠭᠤᠳᠴᠤ ᠪᠠᠢᠭᠠᠳ ᠲᠣᠭᠲᠠᠭᠰᠠᠨ | ᠴᠡᠭ ᠲᠤ ᠳᠡᠯᠭᠡᠨ ᠬᠤᠳᠠᠯᠳᠤᠭᠤᠯᠵᠤ᠂ ᠪᠠᠰᠠ ᠲᠡᠳᠡᠨ ᠢ ᠬᠠᠪᠰᠤᠷᠤᠨ ᠤᠰᠤ ᠴᠠᠬᠢᠯᠭᠠᠨ ᠢ ᠨᠢ ᠵᠠᠯᠭᠠᠵᠤ᠂ | ᠰᠢᠷᠠᠮᠠᠯ ᠤᠨ ᠲᠡᠷᠭᠡᠨ ᠤ ᠤᠲᠠᠭ᠎ᠠ ᠦᠭᠡᠢ ᠴᠡᠪᠡᠷᠰᠢᠭᠦᠯᠬᠦ ᠮᠠᠰᠢᠨ ᠰᠦᠢᠳᠭᠡᠯ ᠬᠤᠷᠢᠶᠠᠬᠤ ᠦᠭᠡᠢ ᠪᠠᠷ ᠤᠭᠰᠠᠷᠠᠵᠤ᠂ | ᠨᠡᠭᠦᠳᠡᠯ ᠳᠡᠯᠭᠡᠭᠦᠷᠴᠢᠨ ᠤ ᠠᠮᠢᠳᠤᠷᠠᠯ ᠤᠨ ᠲᠤᠯᠭᠠᠮ᠎ᠠ ᠬᠡᠷᠡᠭᠴᠡᠭᠡ ᠶᠢ ᠨᠢ ᠰᠢᠢᠳᠪᠦᠷᠢᠯᠡᠪᠡ᠃ | ᠡᠵᠡᠩᠨᠡᠯᠲᠡ ᠶᠢᠨ ᠭᠠᠵᠠᠷ ᠨᠢ ᠲᠣᠭᠲᠠᠪᠤᠷᠢᠵᠢᠵᠤ᠂ ᠰᠠᠭᠤᠷᠢ ᠲᠥᠬᠦᠭᠡᠷᠦᠮᠵᠢ ᠶᠢ ᠨᠢ ᠬᠠᠮᠢᠶᠠᠷᠬᠤ ᠬᠦᠮᠦᠨ | ᠲᠠᠢ ᠪᠣᠯᠤᠭᠰᠠᠨ ᠠᠴᠠ᠂ ᠠᠪᠤᠳᠦ ᠠᠬ᠎ᠠ ᠳᠡᠭᠦᠦ ᠬᠤᠶᠠᠭᠤᠯᠠ ᠲᠡᠨᠦᠭᠦᠯ ᠠᠮᠢᠳᠤᠷᠠᠯ ᠠᠴᠠ ᠰᠠᠯᠪᠠ᠃ 2017 | ᠣᠨ ᠳᠤ ᠳᠡᠯᠭᠡᠭᠦᠷ ᠤᠨ ᠡᠭᠦᠳᠦᠨ ᠳᠡᠭᠡᠨ ᠬᠤᠨᠢᠨ ᠮᠢᠬ᠎ᠠ ᠰᠢᠷᠠᠵᠤ ᠪᠠᠶᠢᠭᠰᠠᠨ ᠠᠪᠤᠳᠦ᠂ ᠬᠤᠵᠢᠮ ᠤᠨ ᠭᠠᠷ | ᠬᠤᠯᠪᠣᠨ ᠠᠳᠠᠯ ᠦᠢᠯᠡᠰ ᠪᠣᠰᠬᠠᠭᠰᠠᠨ ᠰᠠᠶᠢᠨ ᠨᠠᠶᠢᠵᠠ ᠯᠢ ᠶᠠᠨ ᠬᠤᠸᠠ ᠲᠠᠢ ᠤᠴᠠᠷᠠᠵᠤ᠂ ︽ᠠᠪᠦᠳᠦ ᠬᠤᠨᠢᠨ ᠤ | ᠭᠡᠳᠡᠰᠦ ᠳᠣᠲᠤᠷ︾ ᠨᠡᠷᠡᠲᠦ ᠲᠡᠮᠳᠡᠭ ᠢᠩᠭᠢᠵᠦ ᠮᠡᠨᠳᠦᠯᠡᠪᠡ᠃ | | ᠠᠪᠦᠳᠦᠷᠧᠬᠢᠮᠦ ︵ᠪᠠᠷᠠᠭᠤᠨᠳᠠᠬᠢ︶ ᠪᠠ ᠯᠢ ᠶᠠᠨ ᠬᠤᠸᠠ | ︽ᠪᠠᠭ᠎ᠠ ᠠᠰᠢᠭ ᠢᠶᠠᠷ ᠠᠷᠪᠢᠨ ᠪᠣᠷᠣᠯᠠᠭᠤᠯᠵᠤ᠂ ᠡᠷᠡᠭᠦᠯ ᠴᠢᠭᠢᠷᠠᠭ ᠪᠣᠬᠢᠷᠲᠤᠯ ᠦᠭᠡᠢ︾ | ᠡᠵᠡᠩᠨᠡᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠨᠢᠨ ᠤ ᠭᠡᠳᠡᠰᠦ ᠳᠣᠲᠤᠷ ᠳᠡᠯᠭᠡᠭᠦᠷ ᠮᠠᠰᠢ ᠲᠦᠷᠭᠡᠨ | ᠬᠦᠭᠵᠢᠵᠦ ᠡᠬᠢᠯᠡᠪᠡ᠃ ᠵᠦᠪᠬᠡᠨ ᠬᠤᠶᠠᠷ ᠵᠢᠯ ᠤᠨ ᠬᠤᠭᠤᠴᠠᠭᠠᠨ ᠳᠤ ᠵᠢᠩᠵᠸᠤ ᠶᠢᠨ ︽ᠠᠪᠦᠳᠦ ᠬᠤᠨᠢᠨ ᠤ | ᠭᠡᠳᠡᠰᠦ ᠳᠣᠲᠤᠷ︾ ᠳᠡᠯᠭᠡᠭᠦᠷ ᠤᠨ ᠰᠢᠭᠤᠳ ᠡᠵᠡᠩᠨᠡᠬᠦ ᠳᠡᠯᠭᠡᠭᠦᠷ᠂ ᠬᠤᠯᠪᠣᠭᠠᠲᠤ ᠳᠡᠯᠭᠡᠭᠦᠷ 17 ᠪᠣᠯᠵᠤ | ᠬᠦᠭᠵᠢᠪᠡ᠃ 2019 ᠣᠨ ᠳᠤ᠂ ︽ᠠᠪᠦᠳᠦ ᠬᠤᠨᠢᠨ ᠤ ᠭᠡᠳᠡᠰᠦ ᠳᠣᠲᠤᠷ︾ ᠳᠡᠯᠭᠡᠭᠦᠷ ᠵᠢᠩᠬᠢᠨᠢ ᠪᠠᠷ | ᠬᠤᠪᠸᠢ ᠶᠢᠨ ᠠᠨᠠᠷ ᠤᠨ ᠦᠷ᠎ᠡ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠣᠯᠵᠤ | ᠬᠤᠪᠢᠷᠠᠪᠠ᠃ | ᠦᠬᠠᠨ᠂ ᠵᠢᠩᠵᠸᠤ ᠵᠡᠷᠭᠡ ᠭᠠᠵᠠᠷ ᠤᠨ ᠦᠨᠳᠦᠰᠦᠲᠡᠨ ᠤ ᠱᠠᠰᠢᠨ ᠰᠤᠷᠲᠠᠬᠤᠨ ᠤ ᠰᠠᠯᠠᠭ᠎ᠠ ᠮᠥᠴᠢᠷ ᠤᠨ | ᠬᠠᠪᠰᠤᠷᠤᠯᠭ᠎ᠠ ᠲᠡᠮᠵᠢᠯᠭᠡ ᠲᠤᠤᠷ᠎ᠠ᠂ ︽ᠠᠪᠦᠳᠦ ᠬᠤᠨᠢᠨ ᠤ ᠭᠡᠳᠡᠰᠦ ᠳᠣᠲᠤᠷ︾ ᠲᠡᠯᠭᠡᠬᠦᠷ ᠨᠢ ᠦᠷᠬᠦᠯᠵᠢ | ᠠᠵᠢᠯ ᠤᠨ ᠪᠣᠯᠪᠠᠰᠣᠷᠠᠯ ᠤᠨ ᠬᠤᠷᠠᠯ᠂ ᠨᠦᠬᠦᠷᠯᠡᠯ ᠤᠨ ᠬᠤᠷᠠᠯ ᠢ ᠵᠤᠬᠢᠶᠠᠨ ᠪᠠᠶᠢᠭᠤᠯᠤᠨ᠎ᠠ᠃ ᠵᠢᠯ ᠪᠦᠷᠢ ᠶᠢᠨ | ᠰᠡᠭᠦᠯᠴᠢ ᠳᠤ ᠴᠥᠮ ᠠᠵᠢᠯᠲᠠᠳ ᠤᠨ ᠬᠤᠪᠢ ᠣᠷᠣᠭᠤᠯᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ | ᠰᠢᠨᠵᠢᠶᠠᠩ ᠤᠨ ᠠᠵᠢᠯᠴᠢᠨ ᠤ ᠡᠵᠡᠨ ᠬᠥᠮᠦᠨ ᠤ ᠤᠬᠠᠮᠰᠠᠷ ᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ | ᠰᠢᠨᠵᠢᠶᠠᠩ ᠤᠨ ᠠᠵᠢᠯᠴᠢᠨ ᠪᠠ ᠲᠤᠰ ᠭᠠᠵᠠᠷ ᠤᠨ ᠠᠵᠢᠯᠴᠢᠨ ᠤ ᠰᠣᠯᠢᠯᠴᠠᠭ᠎ᠠ ᠢᠲᠡᠭᠡᠯᠴᠡᠭᠡ ᠶᠢ ᠨᠡᠮᠡᠭᠳᠡᠭᠦᠯᠦᠨ᠎ᠡ᠃ | ︽ᠪᠢᠳᠡ ᠠᠵᠢᠯᠴᠢᠳ ᠲᠤ ᠴᠠᠯᠢᠩ ᠥᠭᠬᠦ ᠠᠴᠠ ᠭᠠᠳᠠᠨ᠎ᠠ ᠪᠠᠰᠠ ᠲᠡᠳᠡᠨ ᠤ ᠡᠯ᠎ᠡ ᠳᠡᠯᠭᠡᠭᠦᠷ ᠲᠤ ᠬᠤᠪᠢ | ᠣᠷᠣᠭᠤᠯᠵᠤ᠂ ᠠᠳᠠᠯ ᠦᠢᠯᠡᠰ ᠴᠣᠭᠴᠠᠯᠠᠭᠴᠢ ᠪᠣᠯᠵᠣ᠂ ᠳᠡᠯᠭᠡᠭᠦᠷ ᠤᠨ ᠬᠠᠮᠢᠶᠠᠷᠤᠯᠲᠠ ᠳᠤ ᠣᠷᠣᠯᠴᠠᠬᠤ ᠶᠢ | ᠵᠣᠷᠢᠭᠵᠢᠭᠤᠯᠤᠨ᠎ᠠ᠃ ᠣᠳᠣ ᠡᠩ ᠤᠨ ᠠᠵᠢᠯᠴᠢᠨ ᠤ ᠨᠢᠭᠡ ᠰᠠᠷ᠎ᠠ ᠶᠢᠨ ᠴᠠᠯᠢᠩ ᠨᠢ 4000 ᠲᠥᠭᠦᠷᠢᠭ ᠣᠷᠴᠢᠮ | ᠪᠠᠶᠢᠵᠤ᠂ ᠬᠤᠪᠢ ᠣᠷᠣᠭᠤᠯᠤᠭᠰᠠᠨ ᠠᠵᠢᠯᠴᠢᠨ ᠤ ᠬᠠᠮᠤᠭ ᠤᠨ ᠥᠨᠳᠥᠷ ᠲᠡᠭᠡᠨ ᠰᠠᠷ᠎ᠠ ᠳᠤ 3 ᠲᠦᠮᠡᠨ ᠲᠥᠭᠦᠷᠢᠭ | ᠬᠤᠪᠢᠶᠠᠷᠢᠯᠠᠵᠤ ᠣᠯᠣᠨ᠎ᠠ︾ ᠭᠡᠵᠦ ᠠᠪᠤᠳᠦ ᠬᠡᠯᠡᠪᠡ᠃ | | ᠤᠶᠢᠭᠤᠷ ᠦᠨᠳᠦᠰᠦᠲᠡᠨ ᠤ ᠠᠵᠢᠯᠲᠠᠨ ᠭᠦᠯᠢ ᠨᠤᠲᠤᠭ ᠠᠴᠠ ᠪᠠᠨ ᠶᠡᠷᠦ ᠰᠠᠯᠵᠤ ᠥᠩᠭᠡᠷᠡᠭᠡ ᠦᠭᠡᠢ᠂ | ᠠᠨᠠᠷ ᠤᠨ ᠦᠷ᠎ᠡ ᠶᠢᠨ ᠺᠣᠮᠫᠠᠨᠢ ᠳᠤ ᠠᠵᠢᠯᠯᠠᠭᠰᠠᠨ ᠤ ᠳᠠᠷᠠᠭ᠎ᠠ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠰᠢᠯᠢᠳᠡᠭ ᠵᠣᠭᠤᠰ ᠬᠤᠷᠢᠶᠠᠭᠴᠢ ᠪᠣᠯᠵᠤ ᠦᠰᠦᠨ ᠪᠤᠶᠢᠵᠢᠭᠰᠠᠨ ᠪᠠᠶᠢᠨ᠎ᠠ᠃ | ᠯᠢ ᠶᠠᠨ ᠬᠤᠸᠠ᠂ ᠤᠶᠢᠭᠤᠷ ᠦᠨᠳᠦᠰᠦᠲᠡᠨ ᠤ ᠠᠬ᠎ᠠ ᠳᠡᠭᠦᠦ ᠨᠡᠷ ᠲᠠᠢ ᠲᠠᠨᠢᠯᠴᠠᠵᠤ ᠮᠡᠳᠡᠯᠴᠡᠬᠦ | ᠲᠣᠬᠢᠶᠠᠯ ᠲᠠᠢ ᠪᠠᠶᠢᠵᠤ᠂ ᠬᠠᠮᠲᠤ ᠪᠠᠷ ᠠᠵᠢᠯ ᠦᠢᠯᠡᠰ ᠪᠣᠰᠬᠠᠬᠤ ᠪᠣᠯ ᠣᠯᠳᠠᠬᠤᠶ᠎ᠠ ᠪᠡᠷᠬᠡ ᠬᠤᠪᠢ ᠨᠡᠮᠡᠷᠢ ᠮᠥᠨ᠂ | ᠪᠢᠳᠡ ᠬᠠᠮᠲᠤ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ︽ᠠᠨᠠᠷ ᠤᠨ ᠦᠷ᠎ᠡ︾ ᠪᠣᠯᠬᠤ ᠬᠡᠷᠡᠭᠲᠡᠶ ᠭᠡᠪᠡ᠃ | | ᠦᠯᠢᠭᠡᠷ ᠭᠤᠷᠪᠠ | ︽ᠬᠦᠮᠦᠨ ᠢ ᠠᠪᠤᠷᠠᠬᠤ ᠪᠣᠯ ᠠᠰᠤᠷᠤ ᠶᠡᠭᠡ ᠬᠡᠷᠡᠭ︾ | ︽ᠲᠡᠷᠡ ᠴᠠᠭ ᠮᠦᠴᠡ ᠳᠤ ᠶᠠᠭᠤ ᠪᠣᠳᠣᠵᠤ ᠠᠮᠵᠢᠬᠤ ᠦᠭᠡᠢ᠂ ᠵᠥᠪᠬᠡᠨ ᠬᠥᠮᠥᠨ ᠢ ᠠᠯᠢ ᠴᠢᠳᠠᠬᠤ ᠪᠠᠷ | ᠬᠤᠷᠳᠤᠨ ᠠᠪᠤᠷᠠᠶ᠎ᠠ ᠭᠡᠵᠦ ᠪᠣᠳᠤᠵᠤ ᠪᠠᠶᠢᠵᠠᠢ᠂ ᠬᠦᠮᠦᠨ ᠠᠪᠤᠷᠠᠬᠤ ᠪᠣᠯ ᠠᠰᠤᠷᠤ ᠶᠡᠭᠡ ᠬᠡᠷᠡᠭ ᠁︾ | ᠴᠠᠭ ᠮᠥᠴᠡ 2022 ᠣᠨ ᠤ 4 ᠳ᠋ᠦ᠋ᠭᠡᠷ ᠰᠠᠷ᠎ᠠ ᠶᠢᠨ 9 ᠤ ᠡᠳᠦᠷ ᠢᠷᠡᠵᠦ᠂ ᠦᠳᠡ ᠶᠢᠨ ᠬᠤᠢᠨᠠᠬᠢ 2 | ᠴᠠᠭ 40 ᠮᠢᠨᠦ᠋ᠲ ᠤᠨ ᠦᠶ᠎ᠡ ᠪᠠᠷ᠂ ᠢᠦᠶᠢᠰᠦᠫᠦᠵᠢᠠᠩ · ᠠᠶᠢᠪᠢᠪᠦᠯᠠ ᠵᠢᠶᠠᠨ ᠯᠢ ᠰᠢᠶᠠᠨ ᠤ ᠷᠦᠩ ᠴᠧᠩ | ᠪᠠᠯᠭᠠᠰᠤᠨ ᠤ ᠶᠠᠨ ᠫᠦ ᠡᠯᠡᠰᠦᠨ ᠲᠠᠩ ᠳᠡᠭᠡᠷ᠎ᠡ ᠰᠢᠷᠠᠭᠰᠠᠨ ᠮᠢᠬᠠᠨ ᠳᠡᠯᠭᠡᠨ ᠬᠤᠳᠠᠯᠳᠤᠭ᠎ᠠ ᠬᠢᠵᠦ ᠪᠠᠶᠢᠪᠠ᠂ | ᠭᠡᠨᠡᠳᠲᠡ ︽ᠮᠦᠷᠡᠨ ᠳᠤ ᠬᠥᠮᠦᠨ ᠤᠨᠠᠯ᠎ᠠ︕︾ ᠭᠡᠬᠦ ᠬᠠᠰᠭᠢᠷᠤᠯᠲᠠ ᠶᠢ ᠰᠣᠨᠤᠰᠪᠠ᠃ | ᠢᠦᠶᠢᠰᠦᠫᠦᠵᠢᠠᠩ ᠲᠡᠷᠡ ᠳᠠᠷᠤᠢ ᠳᠤ ᠨᠢ ᠤᠰᠤᠨ ᠳᠤ ᠤᠨᠠᠭᠰᠠᠨ ᠵᠦᠭ ᠬᠦᠶᠦᠪᠡ᠃ ᠲᠤᠬᠠᠢ ᠶᠢᠨ | ᠦᠶ᠎ᠡ ᠳᠤ ᠤᠰᠤᠨ ᠳᠤ ᠤᠨᠠᠭᠰᠠᠨ ᠬᠥᠮᠥᠨ ᠡᠷᠭᠢ ᠠᠴᠠ ᠳᠣᠯᠤᠭ᠎ᠠ ᠨᠠᠢᠮᠠᠨ ᠮᠧᠲᠷ ᠵᠠᠶᠢᠲᠠᠢ ᠪᠠᠶᠢᠪᠠ᠃ | ᠢᠦᠶᠢᠰᠦᠫᠦᠵᠢᠠᠩ ᠤᠮᠪᠠᠵᠤ ᠴᠢᠳᠠᠬᠤ ᠦᠭᠡᠢ ᠮᠦᠷᠲᠡᠭᠡᠨ ᠬᠥᠮᠦᠨ ᠠᠪᠤᠷᠠᠭᠰᠠᠨ ᠲᠤᠷᠰᠢᠯᠭ᠎ᠠ ᠦᠭᠡᠢ᠃ | ︽ᠪᠢᠴᠢᠬᠠᠨ ᠬᠦᠦ ᠶᠢᠨ ᠲᠡᠯᠴᠢᠯᠡᠭᠰᠡᠨ ᠤ ᠳᠠᠷᠠᠭ᠎ᠠ ᠠᠭᠠᠵᠢᠮ ᠢᠶᠠᠷ ᠳᠣᠷᠣᠭᠰᠢ ᠲᠤᠨᠤᠵᠤ᠂ ᠪᠠᠶᠢᠳᠠᠯ | ᠤᠯᠠᠮ ᠠᠴᠠ ᠤᠯᠠᠮ ᠮᠠᠭᠤᠳᠠᠵᠤ ᠪᠠᠶᠢᠬᠤ ᠶᠢ ᠣᠯᠵᠤ ᠬᠠᠷᠠᠪᠠ︾᠃ ᠢᠦᠶᠢᠰᠦᠫᠦᠵᠢᠠᠩ ᠮᠥᠷᠡᠨ ᠤᠷᠤᠭᠤ | ᠦᠰᠦᠷᠦᠨ ᠣᠷᠣᠵᠤ᠂ ᠪᠠᠷᠠᠭᠤᠨ ᠬᠥᠯ ᠢᠶᠠᠷ ᠢᠶᠠᠨ ᠢᠰᠬᠦᠯᠵᠦ᠂ ᠬᠠᠭᠠᠰ ᠬᠥᠪᠬᠦ ᠬᠡᠯᠪᠡᠷᠢᠲᠡᠢ ᠣᠶᠢᠷᠠᠳᠴᠤ᠂ ᠮᠠᠰᠢ | ᠲᠦᠷᠭᠡᠨ ᠵᠢᠭᠠᠯ ᠬᠦᠦ ᠲᠡᠭᠦᠨ ᠢ ᠲᠠᠲᠠᠨ ᠡᠪᠦᠷᠲᠦᠯᠡᠨ ᠠᠪᠴᠤ᠂ ᠪᠢᠴᠢᠬᠠᠨ ᠬᠦᠦ ᠶᠢ ᠠᠮᠵᠢᠯᠲᠠ ᠲᠠᠢ ᠠᠪᠤᠷᠠᠪᠠ᠃ | ᠳᠠᠷᠠᠭ᠎ᠠ ᠡᠳᠦᠷ ᠨᠢ ᠠᠶᠤᠯ ᠳᠠᠬᠢᠨ ᠡᠭᠦᠰᠪᠡ᠃ ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ | ᠢᠦᠶᠢᠰᠦᠫᠦᠵᠢᠠᠩ ᠰᠢᠷᠠᠮᠠᠯ ᠢᠳᠡᠭᠡᠨ ᠤ ᠳᠡᠯᠭᠡᠨ ᠬᠤᠳᠠᠯᠳᠤᠭ᠎ᠠ ᠪᠠᠨ ᠡᠵᠡᠩᠨᠡᠬᠦ ᠦᠶ᠎ᠡ ᠳᠤ ᠪᠠᠰᠠ ᠨᠢᠭᠡ ᠬᠡᠰᠡᠭ | ᠪᠠᠴᠢᠮ ᠬᠠᠰᠬᠢᠷᠤᠯᠲᠠ ᠰᠣᠨᠣᠰᠳᠠᠪᠠ᠃ ᠲᠡᠷᠡ ᠲᠣᠯᠣᠭᠠᠢ ᠪᠠᠨ ᠡᠷᠭᠦᠨ ᠦᠵᠡᠪᠡᠯ᠂ ᠨᠢᠭᠡᠨ ᠵᠢᠭᠠᠯ ᠬᠦᠦ ᠶᠠᠭ | ᠳᠣᠷᠣᠭᠰᠢ ᠲᠣᠨᠤᠵᠤ ᠪᠠᠶᠢᠵᠠᠢ᠂ ᠬᠠᠵᠠᠭᠤ ᠶᠢᠨ ᠭᠡᠷ ᠤᠨ ᠠᠬᠠᠮᠠᠳ ᠨᠢ ᠠᠪᠤᠷᠠᠬᠤ ᠳᠠᠭᠠᠨ ᠪᠣᠯᠭᠤᠮᠵᠢ ᠦᠭᠡᠢ ᠪᠠᠷ | ᠪᠠᠰᠠ ᠤᠰᠤᠨ ᠳᠤ ᠤᠨᠠᠵᠠᠢ᠃ | ᠢᠦᠶᠢᠰᠦᠫᠦᠵᠢᠠᠩ ᠳᠠᠬᠢᠨᠲᠠ ᠤᠰᠤᠨ ᠳᠤ ᠣᠷᠣᠵᠤ ᠬᠥᠮᠦᠨ ᠢ ᠠᠪᠤᠷᠠᠵᠠᠢ᠃ ᠲᠡᠷᠡ ᠵᠢᠭᠠᠯ ᠬᠦᠦ ᠶᠢᠨ | ᠭᠠᠷ ᠠᠴᠠ ᠴᠢᠩᠭᠠᠭᠠᠵᠤ᠂ ᠨᠥᠭᠦᠭᠡ ᠭᠠᠷ ᠢᠶᠠᠷ ᠢᠶᠠᠨ ᠪᠢᠴᠢᠬᠠᠨ ᠬᠦᠦ ᠶᠢᠨ ᠡᠵᠢ ᠶᠢᠨ ᠨᠢᠷᠤᠭᠤ ᠠᠴᠠ ᠬᠦᠴᠦᠯᠡᠨ | ᠲᠦᠯᠬᠢᠵᠦ᠂ ᠬᠤᠶᠠᠷ ᠬᠦᠮᠦᠨ ᠡᠷᠭᠢ ᠳᠡᠭᠡᠷ᠎ᠡ ᠲᠦᠯᠬᠢᠭᠳᠡᠪᠡ᠂ ᠢᠦᠶᠢᠰᠦᠫᠦᠵᠢᠠᠩ ᠬᠠᠷᠢᠨ ᠤᠰᠤ ᠬᠠᠭ᠋ᠠᠵᠤ᠂ | ᠬᠦᠴᠦᠯᠡᠨ ᠡᠷᠭᠢ ᠥᠭᠡᠳᠡ ᠪᠤᠴᠠᠪᠠ᠃ ᠠᠪᠤᠷᠠᠬᠲᠠᠬᠰᠠᠨ ᠵᠠᠩ ᠯᠢᠶᠠᠨ ᠡᡁᠦ᠋ᠩ ᠡᠵᠢ ᠬᠡᠦ ᠬᠤᠶᠠᠷ ᠡᠷᠢᠭᠰᠡᠭᠡᠷ | ᠪᠠᠶᠢᠵᠤ ᠲᠦᠩᠭᠡᠵᠦ ᠢᠦᠶᠢᠰᠦᠫᠦᠵᠢᠠᠩ ᠢ ᠡᠷᠢᠨ ᠣᠯᠵᠤ᠂ ᠲᠡᠭᠦᠨ ᠳᠤ ︽ᠦᠨᠡᠨ ᠶᠣᠰᠤᠨ ᠤ ᠲᠦᠯᠦᠭᠡ | ᠡᠷᠡᠯᠬᠡᠭ ᠢᠶᠠᠷ ᠲᠡᠮᠡᠴᠡᠭᠰᠡᠨ ᠪᠠᠭᠠᠲᠤᠷ ᠣᠢᠠᠲᠣᠰᠣᠲᠠᠨ ᠤ ᠪᠦᠯᠭᠦᠮᠲᠠᠯ ᠤᠨ ᠣᠢᠯᠢᠭᠡᠷ ᠵᠢᠱᠢᠶ᠎ᠡ︾ ᠬᠡᠰᠠᠨ ᠬᠡᠮᠡᠷᠯᠢᠭ | ᠲᠤᠭ ᠬᠦᠢᠷᠭᠡᠭᠦ ᠶᠢᠨ ᠬᠠᠮᠲᠤ ᠠᠮᠢ ᠠᠪᠤᠷᠠᠭᠰᠠᠨ ᠠᠴᠢ ᠳᠤ ᠨᠢ ᠨᠢᠭᠤᠷᠳᠠᠨ ᠲᠠᠯᠠᠷᠬᠠᠪᠠ᠃ | | ᠵᠠᠩ ᠯᠢᠶᠠᠨ ᠬᠤᠩ ︵ᠵᠡᠭᠦᠨᠳᠡᠬᠢ︶ ᠠᠮᠢ ᠠᠪᠤᠷᠠᠭᠴᠢ ᠢᠦᠶᠢᠰᠦᠫᠦᠵᠢᠠᠩ ᠳᠤ ᠬᠡᠮᠡᠷᠯᠢᠭ ᠲᠤᠭ ᠬᠦᠷᠭᠡᠵᠡᠢ | ᠃ ᠭᠡᠷᠡᠯ ᠵᠢᠷᠤᠭ ᠤᠨ ᠢᠷᠡᠯᠲᠡ᠄ ᠲᠦᠢᠯ ᠤᠨ ᠰᠣᠨᠢᠨ ᠮᠡᠳᠡᠭᠡ | ᠢᠦᠶᠢᠰᠦᠫᠦᠵᠢᠠᠩ ᠬᠤᠶᠠᠷ ᠡᠳᠦᠷ 3 ᠬᠥᠮᠦᠨ ᠢ ᠠᠪᠤᠷᠠᠭᠰᠠᠨ ᠬᠡᠷᠡᠭ ᠢ ᠵᠠᠭᠤᠴᠢᠯᠠᠭᠤᠷ ᠤᠨ ᠬᠢᠨ | ᠮᠡᠳᠡᠭᠡᠯᠡᠭᠰᠡᠨ ᠤ ᠳᠠᠷᠠᠭ᠎ᠠ᠂ ᠨᠡᠶᠢᠭᠡᠮ ᠤᠨ ᠤᠨ ᠴᠢᠩᠭ᠎ᠠ ᠳᠤᠰᠬᠠᠯ ᠪᠠ ᠣᠯᠠᠨ ᠤ ᠠᠩᠬᠠᠷᠤᠯ ᠢ ᠶᠡᠬᠡᠪᠡᠷ ᠲᠠᠲᠠᠵᠠᠢ᠃ | ᠲᠠᠷᠠ᠂ ᠬᠤᠶᠠᠷ ᠣᠲᠠᠭᠠᠨ ᠤ ᠭᠡᠨᠡᠨ ᠵᠣᠷᠢᠭ ᠪᠠᠶᠢᠭᠰᠠᠨ ᠨᠢ᠂ ᠬᠤᠪᠧᠢ ᠶᠢᠨ ᠠᠮᠢᠲᠣᠷᠠᠯ ᠤᠨ ᠬᠤᠭᠤᠴᠠᠭᠠᠨ ᠳᠠᠬᠢ | ᠬᠦᠷᠲᠡᠭᠰᠡᠨ ᠠᠴᠠ ᠬᠠᠶᠢᠷ᠎ᠠ ᠬᠠᠯᠠᠮᠵᠢᠯᠠᠯ ᠠᠴᠠ ᠰᠠᠯᠵᠤ ᠴᠢᠲᠠᠬᠤ ᠣᠢᠭᠡᠢ ᠶᠣᠮ ᠭᠡᠪᠡ᠃ | ᠢᠦᠶᠢᠰᠦᠫᠦᠵᠢᠠᠩ᠂ ᠬᠤᠪᠧᠶ ᠶᠢᠨ ᠠᠮᠢᠳᠤᠷᠠᠯ ᠶᠢᠨ ᠦᠰᠦᠨ ᠪᠤᠶᠢᠵᠢᠭᠰᠠᠨ ᠡᠲᠡᠭᠡᠷ ᠵᠢᠯ ᠳᠤ᠂ ᠦᠷᠭᠦᠯᠵᠢ | ᠳᠡᠷᠭᠡᠳᠡᠬᠢ ᠬᠥᠮᠦᠰ ᠤᠨ ᠬᠠᠪᠰᠤᠷᠤᠯᠭ᠎ᠠ ᠶᠢ ᠭᠥᠷᠳᠡᠵᠦ᠂ ᠥᠪᠡᠷ ᠢᠶᠠᠨ ᠪᠠᠰᠠ ᠲᠤᠬᠠᠶ ᠶᠢᠨ ᠭᠠᠵᠠᠷ ᠲᠤ | ᠪᠦᠷᠢᠮᠤᠰᠤᠨ ᠠᠭᠤᠰᠴᠤ᠂ 2021 ᠣᠨ ᠳᠤ ᠵᠢᠶᠠᠨ ᠯᠢ ᠬᠤᠲᠠ ᠶᠢᠨ ᠪᠠᠭᠪᠠᠭᠠᠶ ᠴᠡᠴᠡᠭ ᠰᠠᠶᠢᠨ ᠳᠤᠷ᠎ᠠ ᠶᠢᠨ | ᠠᠵᠢᠯᠯᠠᠭᠴᠢᠳ ᠤᠨ ᠨᠡᠶᠢᠭᠡᠮᠯᠢᠭ ᠲᠤ ᠣᠷᠤᠪᠠ᠂ ᠬᠤᠪᠧᠶ ᠶᠢᠨ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ ᠲᠤ | ᠢᠯᠡᠭᠦᠬᠡᠨ ᠠᠵᠢᠯ ᠬᠢᠬᠦ ᠶᠢ ᠬᠦᠰᠡᠵᠦ ᠪᠠᠶᠢᠨ᠎ᠠ᠂ ᠤᠴᠢᠷ ᠨᠢ ︽ᠪᠢᠳᠡ ᠨᠢᠭᠡ ᠭᠡᠷ ᠤᠨ ᠬᠦᠮᠦᠰ︾ ᠭᠡᠵᠡᠶ᠃ | ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠤᠨ ᠠᠮᠤᠷ ᠢ ᠬᠠᠮᠠᠭᠠᠯᠠᠬᠤ ᠬᠠᠮᠵᠢᠨ ᠬᠠᠮᠢᠶᠠᠷᠤᠭᠴᠢ | ᠪᠣᠯᠬᠤ ᠪᠠᠷ ᠨᠡᠷ᠎ᠡ ᠮᠡᠳᠡᠭᠦᠯᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠳᠡᠷᠭᠡᠳᠡᠬᠢ ᠬᠦᠴᠢᠷᠳᠡᠯᠲᠡᠶ ᠣᠯᠠᠨ | ᠲᠦᠮᠡᠨ ᠳᠤ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ ᠁ ᠰᠠᠶᠢᠨ ᠬᠥᠮᠦᠨ ᠤ ᠰᠠᠶᠢᠨ ᠶᠠᠪᠤᠳᠠᠯ ᠨᠢᠭᠡᠪᠦᠷᠢ᠂ | ᠢᠦᠶᠢᠰᠦᠫᠦᠵᠢᠠᠩ ᠳᠤ ᠠᠪᠴᠤ ᠬᠡᠯᠡᠪᠡᠯ ᠶᠣᠰᠣ ᠵᠦᠢ ᠶᠢᠨ ᠬᠠᠷᠢᠶ᠎ᠠ᠂ ᠬᠢᠪᠡᠰᠦ ᠵᠣᠬᠢᠬᠤ ᠶᠠᠪᠤᠳᠠᠯ ᠪᠣᠯᠤᠨ᠎ᠠ᠃ | 2024 ᠣᠨ ᠤ 9 ᠳ᠋ᠦ᠋ᠭᠡᠷ ᠰᠠᠷ᠎ᠠ ᠳᠤ ᠢᠦᠶᠢᠰᠦᠫᠦᠵᠢᠠᠩ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠢᠶᠠᠷ ᠦᠨᠡᠯᠡᠭᠳᠡᠪᠡ᠃ | | ᠦᠯᠢᠭᠡᠷ ᠳᠦᠷᠪᠡ | ᠱᠠᠨ ᠨᠠᠨ ᠠᠴᠠ ᠬᠤᠪᠸᠢ ᠳᠤ ᠬᠦᠷᠦᠭᠰᠡᠨ | 2024 ᠣᠨ ᠤ ᠰᠢᠨ᠎ᠡ ᠵᠢᠯ ᠳᠤ᠂ ᠲᠥᠪᠡᠳ ᠬᠡᠦᠬᠡᠨ ᠭᠧ ᠵᠧᠨ ᠬᠤᠪᠸᠢ ᠶᠢᠨ ᠬᠤᠸᠠᠩ ᠱᠢ ᠶᠢᠨ | ᠵᠠᠯᠠᠭᠤ ᠺᠧ ᠴᠠᠩ ᠱᠠᠨ ᠲᠠᠢ ᠵᠠᠯᠭᠠᠯᠳᠤᠵᠤ ᠪᠠᠶᠢᠯᠴᠠᠪᠠ᠃ ︽ᠪᠢ ᠨᠡᠬᠡᠷᠡᠨ ᠪᠣᠳᠣᠵᠤ ᠣᠯᠣᠭᠰᠠᠨ ᠦᠭᠡᠢ᠂ ᠬᠤᠸᠠᠩ | ᠱᠢ ᠳᠤ ᠢᠷᠡᠭᠡᠳ ᠠᠵᠢᠯ ᠣᠯᠣᠭᠰᠠᠨ ᠢᠶᠠᠷ ᠪᠠᠷᠠᠬᠤ ᠦᠭᠡᠢ ᠪᠠᠰᠠ ᠭᠡᠷ ᠪᠦᠯᠢ ᠪᠣᠯᠴᠢᠬᠠᠯ᠎ᠠ︾ ᠭᠡᠵᠦ ᠭᠧ ᠵᠧᠨ | ᠬᠡᠯᠡᠪᠡ᠃ | ᠴᠢᠳᠠᠪᠤᠷᠢᠲᠠᠨ ᠬᠢᠭᠡᠳ ᠭᠡᠷ ᠪᠦᠯᠢ ᠪᠣᠯᠤᠭᠰᠠᠨ᠂ ᠡᠨᠡ ᠬᠤᠶᠠᠷ ᠪᠠᠶᠠᠷ ᠤᠨ ᠶᠠᠪᠤᠳᠠᠯ ᠨᠢ ᠭᠧ ᠵᠧᠨ ᠤ | ᠳᠣᠲᠣᠷ ᠭᠠᠵᠠᠷ ᠲᠤ ᠢᠷᠡᠭᠰᠡᠨ ᠤ ᠳᠠᠷᠠᠭᠠᠬᠢ ᠵᠢᠷᠭᠤᠭᠠᠨ ᠵᠢᠯ ᠢ ᠬᠤᠯᠪᠤᠵᠠᠢ᠃ ᠪᠠᠶᠠᠰᠤᠨ ᠠᠮᠤᠷᠵᠢᠬᠤ᠂ ᠪᠠᠶᠠᠷᠯᠠᠬᠤ | ᠂ ᠰᠠᠯᠣᠨ ᠶᠠᠳᠠᠬᠤ ᠁ ᠬᠤᠷᠢᠮ ᠤᠨ ᠶᠣᠰᠣᠯᠠᠯ ᠳᠡᠭᠡᠷ᠎ᠡ᠂ ᠲᠡᠭᠦᠨ ᠤ ᠠᠪᠤ ᠨᠢ ᠳ᠋ᠦᠸᠧ ᠵᠢᠶᠧ ᠥᠪᠡᠷ ᠤᠨ ᠡᠷᠬᠡ | ᠦᠭᠡᠢ ᠨᠢᠳᠦ ᠶᠢ ᠨᠢ ᠵᠠᠶᠢᠷᠲᠤᠪᠠ᠃ | | 2024 ᠣᠨ ᠤ ᠰᠢᠨ᠎ᠡ ᠵᠢᠯ ᠳᠤ᠂ ᠲᠥᠪᠡᠳ ᠤᠨ ᠬᠡᠦᠬᠡᠨ ᠭᠧ ᠵᠧᠨ ᠪᠣᠯᠤᠨ ᠺᠧ ᠴᠠᠩ ᠱᠠᠨ | ᠬᠠᠷᠢᠯᠴᠠᠨ ᠬᠤᠯᠪᠣᠯᠳᠤᠭᠰᠠᠨ᠃ | 2021 ᠣᠨ ᠳᠤ᠂ ᠭᠧ ᠵᠧᠨ ᠲᠥᠪᠡᠳ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠲᠡᠭᠦᠰᠪᠡ᠃ | ᠲᠤᠰ ᠵᠢᠯ ᠤᠨ 9 ᠳ᠋ᠦ᠋ᠭᠡᠷ ᠰᠠᠷ᠎ᠠ ᠳᠤ᠂ ᠲᠡᠷᠡ ᠱᠠᠨ ᠨᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠠᠯᠪᠠᠨ ᠤ ᠲᠠᠯ᠎ᠠ ᠶᠢᠨ ᠰᠦᠯᠵᠢᠶᠡᠨ ᠳᠡᠭᠡᠷ᠎ᠡ ᠬᠤᠪᠧᠢ ᠮᠤᠵᠢ ᠶᠢᠨ | ᠠᠵᠢᠯ ᠣᠯᠵᠤ ᠲᠥᠪᠡᠳ ᠢ ᠲᠤᠰᠠᠯᠠᠬᠤ ᠠᠵᠤ ᠠᠬᠤᠶᠢᠯᠠᠯ ᠤᠨ ᠲᠤᠰᠬᠠᠢ ᠲᠠᠯᠠᠪᠤᠷ ᠤᠨ ᠤᠷᠢᠵᠤ ᠡᠯᠰᠡᠬᠦ ᠬᠤᠷᠠᠯ ᠤᠨ | ᠮᠡᠳᠡᠭᠡ ᠵᠠᠩᠭᠢ ᠶᠢ ᠣᠯᠵᠤ ᠦᠵᠡᠪᠡ᠃ ᠨᠢᠭᠡ ᠵᠡᠷᠭᠡ ᠪᠣᠳᠣᠯᠬᠢᠯᠠᠭᠰᠠᠨ ᠤ ᠳᠠᠷᠠᠭ᠎ᠠ᠂ ᠲᠡᠷᠡ ᠬᠤᠪᠧᠢ ᠳᠤ ᠣᠴᠢᠵᠤ | ᠠᠵᠢᠯᠯᠠᠬᠤ ᠪᠠᠷ ᠲᠣᠭᠲᠠᠵᠠᠢ᠃ | ᠬᠤᠪᠸᠢ ᠶᠢᠨ ᠬᠤᠸᠠᠩ ᠱᠢ ᠳ᠋ᠠ ᠶᠧ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠭᠧ ᠵᠧᠨ ᠤ | ᠪᠠᠶᠢᠭ᠎ᠠ ᠠᠵᠤ ᠠᠬᠤᠶᠢᠯᠠᠯ ᠤᠨ ᠶᠢᠨ ᠫᠠᠢ ᠬᠢᠵᠠᠭᠠᠷᠲᠤ ᠺᠣᠮᠫᠠᠨᠢ ︵ᠡᠷᠡᠭᠦᠯ ᠢᠳᠡᠭᠡᠨ ᠤ ᠠᠵᠤ ᠠᠬᠤᠶᠢᠯᠠᠯ︶ | ᠤᠯᠤᠰ ᠤᠨ ᠠᠵᠢᠯ ᠣᠯᠭᠤᠯᠲᠠ ᠪᠠᠷ ᠲᠥᠪᠡᠳ ᠢ ᠲᠤᠰᠠᠯᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ | ᠂ 2021 ᠣᠨ ᠤ 6 ᠳ᠋ᠤᠭᠠᠷ ᠰᠠᠷ᠎ᠠ᠂ 2021 ᠣᠨ ᠤ 10 ᠳ᠋ᠤᠭᠠᠷ ᠰᠠᠷ᠎ᠠ᠂ 2023 ᠣᠨ ᠤ 7 ᠳ᠋ᠤᠭᠠᠷ | ᠰᠠᠷ᠎ᠠ ᠳᠤ ᠲᠤᠰ ᠲᠤᠰ ᠱᠠᠨ ᠨᠠᠨ ᠬᠤᠳᠠ ᠶᠢᠨ ᠴᠢᠤᠢ ᠰᠦᠩ ᠰᠢᠶᠠᠨ ᠠᠴᠠ 27 ᠲᠥᠪᠡᠳ ᠦᠨᠳᠦᠰᠦᠲᠡᠨ ᠤ | ᠣᠶᠤᠲᠠᠨ ᠢ ᠣᠷᠣᠭᠤᠯᠤᠨ ᠠᠪᠴᠢᠷᠠᠪᠠ᠃ | ᠱᠠᠨ ᠨᠠᠨ ᠠᠴᠠ ᠬᠤᠪᠸᠢ ᠳᠤ ᠬᠦᠷᠴᠦ᠂ ᠭᠧ ᠵᠧᠨ ᠬᠠᠵᠠᠭᠤ ᠳᠠᠬᠢ ᠲᠥᠪᠡᠳ ᠨᠤᠲᠤᠭ ᠲᠠᠢ ᠬᠠᠮᠲᠤ | ᠠᠵᠢᠯᠲᠠᠨ ᠠᠭᠠᠵᠢᠮ ᠢᠶᠠᠷ ᠣᠯᠠᠰᠢᠷᠠᠭᠰᠠᠨ ᠢ ᠣᠯᠵᠤ ᠮᠡᠳᠡᠪᠡ᠂ ᠠᠵᠤ ᠠᠬᠤᠶᠢᠯᠠᠯ ᠤᠨ ᠰᠠᠭᠤᠭ᠎ᠠ ᠭᠠᠵᠠᠷ ᠨᠢ ᠪᠠᠰᠠ | ᠲᠥᠪᠡᠳ ᠬᠤᠭᠤᠯᠠᠨ ᠭᠡᠷ ᠨᠡᠭᠡᠭᠡᠵᠦ᠂ ᠮᠢᠩᠭᠠᠨ ᠭᠠᠵᠠᠷ ᠤᠨ ᠭᠠᠳᠠᠨᠠᠬᠢ ᠭᠡᠷ ᠤᠨ ᠠᠬᠠᠮᠠᠳ ᠪᠠᠰᠠ ᠪᠦᠯᠬᠦᠮ | ᠪᠠᠢᠭᠤᠯᠵᠤ ᠬᠠᠷᠢᠭᠤ ᠰᠤᠷᠪᠤᠯᠵᠢᠯᠠᠭ᠎ᠠ ᠬᠢᠬᠦ ᠪᠠᠷ ᠤᠷᠢᠭᠳᠠᠪᠠ᠃ | | ᠶᠢᠨ ᠫᠠᠢ ᠬᠢᠵᠠᠭᠠᠷᠲᠤ ᠺᠣᠮᠫᠠᠨᠢ ᠶᠢᠨ ᠲᠥᠪᠡᠳ ᠦᠨᠳᠦᠰᠦᠲᠡᠨ ᠤ ᠠᠵᠢᠯᠲᠠᠳ ᠤᠨ ᠨᠠᠢᠮᠠᠳᠤᠭᠠᠷ | ᠤᠳᠠᠭᠠᠨ ᠤ ᠰᠠᠭᠤᠳᠠᠯ ᠤᠨ ᠬᠤᠷᠠᠯ ᠃ | ᠤᠢᠢᠯᠠᠭᠠᠭᠰᠠᠠ ᠢᠶᠠᠷ᠂ 2020 ᠣᠨ ᠠᠴᠠ ᠡᠬᠢᠯᠡᠨ᠂ ᠬᠤᠪᠸᠢ ᠶᠢᠨ ᠬᠤᠸᠠᠩ ᠱᠢ᠂ ᠲᠥᠪᠡᠳ ᠤᠨ ᠱᠠᠨ | ᠨᠠᠨ ᠬᠤᠶᠠᠷ ᠭᠠᠵᠠᠷ ᠤᠨ ᠬᠢᠨ ᠵᠠᠰᠠᠭ ᠤᠨ ᠣᠷᠳᠣᠨ᠂ ᠠᠵᠤ ᠠᠬᠤᠶᠢᠯᠠᠯ ᠤᠨ ︽ᠬᠤᠶᠠᠷ ᠡᠬᠢ ᠪᠠᠶᠠᠯᠢᠭ︾ ᠤᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ 3 ᠵᠢᠯ ᠤᠨ ᠳᠣᠲᠣᠷ᠎ᠠ 500 ᠭᠠᠷᠤᠢ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠵᠦ᠂ 100 ᠭᠠᠷᠤᠢ ᠬᠥᠮᠦᠨ ᠤᠳᠠᠭ᠎ᠠ ᠶᠢᠨ ᠳᠠᠳᠤᠯᠭ᠎ᠠ ᠪᠣᠯᠪᠠᠰᠤᠷᠠᠯ ᠢ ᠵᠣᠬᠢᠶᠠᠨ ᠪᠠᠶᠢᠭᠤᠯᠵᠤ᠂ 20 | ᠭᠠᠷᠤᠢ ᠬᠥᠮᠦᠨ ᠤᠳᠠᠭ᠎ᠠ ᠦᠢᠯᠡᠰ ᠪᠤᠰᠬᠠᠵᠤ᠂ ᠲᠦᠪᠡᠳ ᠨᠤᠲᠤᠭ ᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠬᠤᠪᠸᠢ ᠳᠤ ᠬᠦᠷᠴᠦ ᠠᠵᠢᠯ ᠣᠯᠵᠤ ᠦᠢᠯᠡᠰ ᠪᠤᠰᠬᠠᠬᠤ ᠬᠡᠪᠴᠢᠶ᠎ᠡ ᠶᠢ ᠲᠣᠭᠲᠠᠭᠤᠨ ᠢᠶᠠᠷ | ᠥᠷᠭᠡᠳᠬᠡᠪᠡ᠃ | ᠣᠳᠣᠬᠠᠨ ᠳᠤ᠂ ᠬᠤᠸᠠᠩ ᠱᠢ ᠳᠤ ᠠᠵᠢᠯᠯᠠᠵᠤ ᠪᠠᠶᠢᠭ᠎ᠠ 103 ᠲᠥᠪᠡᠳ ᠨᠤᠲᠤᠭ ᠲᠠᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ 80% ᠨᠢ ᠨᠢᠭᠡᠨᠲᠡ ᠠᠵᠢᠯ ᠤᠨ ᠪᠠᠶᠢᠷᠢ ᠶᠢᠨ ᠴᠢᠳᠠᠪᠤᠷᠢᠲᠠᠨ᠂ ᠲᠤᠬᠠᠶᠢᠯᠠᠭᠰᠠᠨ | ᠠᠵᠢᠯ ᠤᠨ ᠭᠤᠣᠯᠯᠠᠭᠴᠢ ᠬᠦᠴᠦᠨ ᠪᠣᠯᠵᠤ᠂ ᠵᠠᠷᠢᠮ ᠨᠢ ᠨᠤᠲᠤᠭ ᠲᠤ ᠪᠠᠨ ᠪᠤᠴᠠᠵᠤ᠂ ᠨᠡᠶᠢᠭᠡᠮ ᠳᠤ ᠠᠴᠢ | ᠬᠠᠷᠢᠭᠤᠯᠵᠤ᠂ ᠦᠵᠡᠰᠬᠦᠯᠡᠩᠲᠦ ᠰᠠᠶᠢᠬᠠᠨ ᠰᠢᠨ᠎ᠡ ᠲᠥᠪᠡᠳ ᠢ ᠪᠦᠲᠦᠭᠡᠨ ᠪᠠᠶᠢᠭᠤᠯᠬᠤ ᠰᠢᠨ᠎ᠡ ᠬᠦᠴᠦᠨ ᠪᠣᠯᠤᠭᠰᠠᠨ | ᠪᠠᠶᠢᠨ᠎ᠠ᠃ ᠲᠦᠷᠦᠭᠦᠦ ᠪᠦᠯᠦᠭ ᠬᠤᠸᠠᠩ ᠱᠢ ᠳᠤ ᠠᠵᠢᠯ ᠣᠯᠤᠭᠰᠠᠨ ᠶᠢᠰᠢᠴᠦᠶᠢᠵᠧᠨ ᠰᠠᠭᠤᠳᠠᠯ ᠤᠨ ᠬᠤᠷᠠᠯ | ᠳᠡᠭᠡᠷ᠎ᠡ ᠰᠡᠳᠬᠢᠯ ᠳᠣᠭᠳᠣᠯᠤᠨ᠄ ︽ᠬᠤᠸᠠᠩ ᠱᠢ ᠶᠢᠨ ᠣᠷᠴᠢᠨ ᠲᠣᠭᠤᠷᠢᠨ ᠲᠠᠭᠠᠯᠠᠮᠵᠢᠲᠠᠶ᠂ ᠵᠠᠮ ᠬᠠᠷᠢᠯᠴᠠᠭ᠎ᠠ | ᠳᠥᠭᠦᠮ᠂ ᠠᠮᠢᠳᠤᠷᠠᠯ ᠰᠠᠨᠠᠭ᠎ᠠ ᠠᠮᠤᠷ᠂ ᠦᠨᠡᠨ ᠪᠣᠳᠠᠲᠠᠶ ᠴᠢᠳᠠᠪᠤᠷᠢ ᠰᠤᠷᠴᠤ ᠴᠢᠳᠠᠨ᠎ᠠ᠃ ᠡᠨᠡ ᠵᠢᠯ ᠪᠢ ᠥᠬᠢᠨ | ᠳᠡᠭᠦᠦ ᠪᠠᠨ ᠲᠣᠰᠴᠤ ᠠᠪᠴᠢᠷᠠᠵᠤ᠂ ᠬᠠᠮᠲᠤ ᠪᠠᠷ ᠬᠤᠸᠠᠩ ᠱᠢ ᠳᠤ ᠠᠵᠢᠯᠯᠠᠵᠤ ᠠᠮᠢᠳᠤᠷᠠᠬᠤ ᠪᠠᠷ ᠲᠥᠯᠥᠪᠯᠡᠵᠦ | ᠪᠠᠶᠢᠨ᠎ᠠ︾ ᠭᠡᠪᠡ᠃ | ︽︿ᠨᠢᠭᠡ ᠭᠡᠷ ᠤᠨ ᠬᠥᠮᠥᠨ ᠪᠢᠰᠢ ᠪᠣᠯ ᠨᠢᠭᠡ ᠡᠭᠦᠳᠡᠨ ᠳᠤ ᠣᠷᠣᠬᠤ ᠦᠭᠡᠢ﹀︕ ᠬᠢᠲᠠᠳ | ᠦᠨᠳᠦᠰᠦᠲᠡᠨ᠂ ᠲᠥᠪᠡᠳ ᠦᠨᠳᠦᠰᠦᠲᠡᠨ ᠴᠥᠮ ᠴᠠᠶᠢᠯᠭᠠᠨ ᠰᠠᠶᠢᠬᠠᠨ ᠵᠠᠩ ᠴᠢᠨᠠᠷ ᠢ ᠮᠠᠰᠢ ᠴᠢᠬᠤᠯᠠᠴᠢᠯᠠᠳᠠᠭ᠂ | ᠲᠡᠳᠡ ᠥᠬᠢᠨ ᠢᠶᠠᠨ ᠲᠥᠪ ᠬᠢᠴᠢᠶᠡᠩᠭᠦᠢ ᠪᠠᠷ ᠨᠠᠳᠠ ᠳᠤ ᠲᠤᠰᠢᠶᠠᠨ ᠥᠭᠪᠡ᠂ ᠪᠢ ᠪᠦᠬᠦ ᠬᠦᠴᠦ ᠪᠠᠷ ᠢᠶᠠᠨ | ᠴᠢᠷᠮᠠᠶᠢᠵᠤ ᠭᠧ ᠵᠧᠨ ᠢ ᠨᠠᠨᠳᠢᠩᠨᠠᠨ ᠬᠠᠮᠠᠭᠠᠯᠠᠨ᠎ᠠ︾ ᠭᠡᠵᠦ ᠺᠧ ᠴᠠᠩ ᠱᠠᠨ ᠬᠡᠯᠡᠪᠡ᠃ | | ᠦᠯᠢᠭᠡᠷ ᠲᠠᠪᠤ | ︽ᠨᠡᠶᠢᠭᠡᠮ ᠲᠣᠭᠤᠷᠢᠭ ᠳᠠᠷᠤᠢ ᠮᠢᠨᠦ ᠭᠡᠷ ᠮᠥᠨ︾ | ᠬᠤᠨᠢᠨ ᠬᠠᠪᠢᠷᠭ᠎ᠠ ᠵᠢᠩ ᠳᠡᠭᠡᠨ 74 ᠲᠥᠭᠦᠷᠢᠭ᠂ ᠬᠤᠨᠢᠨ ᠲᠠᠲᠠᠷᠠᠩ ᠰᠢᠷᠪᠦᠰᠦ ᠵᠢᠩ ᠳᠡᠭᠡᠨ 55 | ᠲᠥᠭᠦᠷᠢᠭ᠂ ᠬᠤᠨᠢᠨ ᠤ ᠬᠢᠯᠢᠨᠴᠡᠲᠦ ᠬᠤᠷᠣᠬᠠᠶ ᠵᠢᠩ ᠳᠡᠭᠡᠨ 52 ᠲᠥᠭᠦᠷᠢᠭ ᠁ ᠡᠪᠡᠰᠦᠨ ᠨᠣᠭᠤᠭᠠᠨ | ᠥᠩᠭᠡ ᠪᠠᠷ ᠬᠡᠷᠡᠮ ᠢᠶᠠᠨ ᠥᠩᠭᠡᠯᠡᠭᠰᠡᠨ ᠦᠬᠡᠷ ᠬᠤᠨᠢᠨ ᠮᠢᠬᠠᠨ ᠤ ᠵᠢᠵᠢᠭ ᠳᠡᠯᠭᠡᠭᠦᠷ ᠳᠣᠲᠣᠷ᠎ᠠ᠂ ᠬᠦᠢᠲᠡᠨ | ᠬᠤᠷᠭᠤ ᠳᠡᠭᠡᠷ᠎ᠡ ᠦᠨ᠎ᠡ ᠨᠢ ᠲᠣᠳᠣᠷᠬᠠᠢ ᠪᠢᠴᠢᠭᠡᠰᠦᠲᠡᠢ ᠪᠠᠶᠢᠵᠤ᠂ ᠲᠠᠸᠠᠷ ᠨᠢ ᠬᠠᠷᠢᠨ ᠪᠤᠷᠤᠯᠠᠭᠤᠯᠤᠭᠳᠠᠭᠠᠳ | ᠬᠡᠳᠦᠬᠡᠨ ᠬᠠᠢᠷᠴᠠᠭ ᠦᠯᠡᠳᠡᠵᠡᠢ᠃ | ᠡᠨᠡ ᠬᠦ ᠦᠬᠡᠷ ᠬᠤᠨᠢᠨ ᠮᠢᠬᠠᠨ ᠤ ᠳᠡᠯᠭᠡᠭᠦᠷ ᠨᠢ ᠢᠴᠠᠩ ᠬᠤᠲᠠ ᠶᠢᠨ ᠡᠦ ᠵᠢᠶᠠ ᠭᠠᠩ ᠲᠣᠭᠤᠷᠢᠭ ᠤᠨ | ᠵᠢᠶᠠᠩ ᠱᠠᠨ ᠨᠡᠶᠢᠭᠡᠮ ᠲᠣᠭᠤᠷᠢᠭ ᠤᠨ ᠲᠣᠭᠤᠷᠢᠭ ᠬᠡᠯᠪᠡᠷᠢᠶᠦ ᠵᠢᠵᠢᠭ ᠠᠭᠤᠳᠠᠮ ᠲᠠᠯᠠᠪᠠᠢ ᠶᠢᠨ ᠨᠢᠭᠡ ᠥᠨᠴᠥᠭ ᠲᠤ | ᠪᠠᠶᠢᠷᠢᠯᠠᠵᠤ᠂ ᠵᠠᠰᠠᠵᠤ ᠴᠢᠮᠡᠭᠯᠡᠭᠰᠡᠨ ᠬᠡᠪ ᠨᠠᠮᠪᠠ ᠨᠢ ᠮᠣᠩᠭᠤᠯ ᠦᠨᠳᠦᠰᠦᠲᠡᠨ ᠤ ᠵᠠᠩ ᠵᠠᠩᠰᠢᠯ ᠲᠠᠢ ᠪᠠᠢᠳᠠᠭ᠃ | ᠡᠨᠡ ᠬᠦ ᠡᠩ ᠤᠨ ᠵᠢᠵᠢᠭ ᠳᠡᠯᠭᠡᠭᠦᠷ ᠪᠣᠯ ᠲᠦᠵᠢᠶᠠ᠂ ᠬᠤᠳᠤᠩ᠂ ᠬᠢᠲᠠᠳ᠂ ᠣᠷᠣᠰ᠂ ᠮᠣᠩᠭᠤᠯ ᠵᠡᠷᠭᠡ ᠲᠠᠪᠤᠨ | ᠠᠳᠠᠯᠢ ᠪᠤᠰᠤ ᠦᠨᠳᠦᠰᠦᠲᠡᠨ ᠤ ᠬᠥᠮᠥᠰ ᠬᠠᠮᠲᠤᠷᠠᠨ ᠡᠷᠬᠢᠯᠡᠭᠰᠡᠨ ᠭᠡᠳᠡᠭ ᠢ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠪᠦᠷ ᠮᠡᠳᠡᠵᠦ ᠪᠠᠶᠢᠨ᠎ᠠ᠃ | 2020 ᠣᠨ ᠳᠤ᠂ ᠬᠤᠲᠤᠩ ᠦᠨᠳᠦᠰᠦᠲᠡᠨ ᠤ ᠵᠠᠯᠠᠭᠤ ᠮᠠ ᠱᠢ ᠶᠦᠨ ᠬᠡᠳᠦᠨ ᠬᠠᠨᠢᠲᠠᠨ ᠲᠠᠢ ᠪᠠᠨ | ᠬᠠᠮᠲᠤ ᠢᠴᠠᠩ ᠤᠨ ᠡᠦ ᠵᠢᠶᠠ ᠭᠠᠩ ᠵᠡᠭᠡᠯᠢ ᠭᠤᠳᠤᠮᠵᠢ ᠶᠢᠨ ᠵᠢᠶᠠᠩ ᠱᠠᠨ ᠨᠡᠶᠢᠭᠡᠮ ᠲᠣᠭᠤᠷᠢᠭ ᠲᠤ ᠢᠷᠡᠵᠦ᠂ | ᠥᠪᠥᠷ ᠮᠣᠩᠭᠤᠯ ᠤᠨ ᠦᠬᠡᠷ ᠬᠤᠨᠢᠨ ᠮᠢᠬᠠᠨ ᠳᠡᠯᠭᠡᠭᠦᠷ ᠡᠷᠬᠢᠯᠡᠬᠦ ᠪᠠᠷ ᠲᠥᠯᠥᠪᠯᠡᠵᠦ ᠪᠠᠶᠢᠪᠠ᠃ ᠵᠠᠰᠠᠵᠤ ᠴᠢᠮᠡᠭᠯᠡᠬᠦ | ᠡᠬᠢᠨ ᠤ ᠦᠶ᠎ᠡ ᠳᠤ᠂ ᠵᠢᠶᠠᠩ ᠱᠠᠨ ᠨᠡᠶᠢᠭᠡᠮ ᠲᠣᠭᠤᠷᠢᠭ ᠤᠨ ᠠᠵᠢᠯᠲᠠᠳ ᠳᠡᠯᠭᠡᠭᠦᠷ ᠤᠨ ᠦᠨᠡᠮᠯᠡᠯ ᠠᠪᠬᠤ | ᠭᠤᠶᠤᠴᠢᠯᠠᠯ ᠢ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠡᠰᠡᠬᠦ ᠵᠡᠷᠭᠡ ᠵᠦᠢᠯᠡᠰ ᠢ ᠯᠠᠪᠯᠠᠨ ᠠᠰᠠᠭᠤᠪᠠ᠃ ᠮᠠ ᠱᠢ | ᠶᠦᠨ ᠤ ᠳᠡᠯᠭᠡᠭᠦᠷ ᠤᠨ ᠡᠵᠡᠩᠨᠡᠯᠲᠡ ᠶᠠᠭᠠᠷᠠᠤ ᠪᠠᠶᠢᠵᠤ᠂ ᠣᠷᠣᠰᠢᠨ ᠰᠠᠭᠤᠬᠤ ᠦᠨᠡᠮᠯᠡᠯ ᠭᠦᠢᠴᠡᠳᠭᠡᠭᠡᠳᠦᠢ | ᠪᠠᠶᠢᠭᠰᠠᠨ ᠢ ᠣᠶᠢᠯᠠᠭᠠᠭᠠᠳ ᠨᠡᠶᠢᠭᠡᠮ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠲᠠᠨ ᠲᠣᠮᠢᠯᠠᠵᠤ | ᠳᠡᠯᠭᠡᠭᠦᠷ ᠲᠤ ᠢᠷᠡᠭᠦᠯᠦᠭᠰᠡᠨ ᠪᠥᠭᠡᠳ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ | ᠬᠠᠮᠢᠶ᠎ᠠ ᠪᠦᠬᠦᠢ ᠬᠦᠰᠦᠨᠦᠭᠲᠦ ᠶᠢ ᠲᠠᠭᠯᠠᠪᠠ᠃ | ︽ᠣᠳᠣᠬᠠᠨ ᠳᠤ ᠦᠬᠡᠷ ᠬᠤᠨᠢᠨ ᠮᠢᠬᠠᠨ ᠤ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢᠭᠡᠨᠲᠡ 50 | ᠲᠣᠨ ᠣᠷᠴᠢᠮ ᠳᠤ ᠬᠦᠷᠴᠦ᠂ ᠣᠯᠠᠨ ᠢᠶᠠᠷ ᠢᠶᠠᠨ ᠮᠠᠨ ᠤ ᠦᠬᠡᠷ ᠬᠤᠨᠢᠨ ᠮᠢᠬ᠎ᠠ ᠶᠢᠨ ᠶᠠᠰᠤ ᠴᠢᠨᠠᠷ ᠲᠤ ᠮᠠᠰᠢ | ᠬᠠᠨᠤᠮᠵᠢᠲᠠᠶ ᠪᠠᠶᠢᠨ᠎ᠠ᠂ ᠵᠤᠴᠢᠳ ᠮᠠᠰᠢ ᠣᠯᠠᠨ ᠪᠠᠶᠢᠨ᠎ᠠ︾ ᠭᠡᠵᠦ ᠮᠠ ᠱᠢ ᠶᠦᠨ ᠬᠡᠯᠡᠪᠡ᠃ | ᠮᠠ ᠱᠢ ᠶᠦᠨ ᠤ ᠦᠵᠡᠬᠦ ᠪᠠᠷ᠂ ᠢᠴᠠᠩ ᠪᠣᠯ ᠲᠡᠭᠦᠨ ᠤ ᠬᠤᠶᠠᠳᠤᠭᠠᠷ ᠨᠤᠲᠤᠭ ᠮᠥᠨ᠂ ᠲᠡᠷᠡ ︽ᠵᠤᠤ | ᠵᠢᠶᠦ᠋ᠨ ᠤ ᠰᠣᠶᠣᠯ︾ ᠭᠡᠬᠦ ᠡᠨᠡ ᠬᠦ ᠬᠤᠯᠪᠣᠭᠠᠰᠤ ᠶᠢ ᠰᠠᠶᠢᠲᠤᠷ ᠠᠰᠢᠭᠯᠠᠵᠤ᠂ ᠢᠴᠠᠩ ᠠᠴᠠ ᠥᠪᠥᠷ ᠮᠣᠩᠭᠤᠯ | ᠬᠦᠷᠲᠡᠯᠡᠬᠢ ᠵᠢᠭᠤᠯᠴᠢᠯᠠᠯ ᠤᠨ ᠲᠤᠰᠬᠠᠢ ᠱᠤᠭᠤᠮ ᠢ ᠨᠡᠭᠡᠭᠡᠵᠦ᠂ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠶᠢ | ᠭᠦᠨᠵᠡᠭᠡᠶᠢᠷᠡᠭᠦᠯᠵᠦ᠂ ᠬᠤᠶᠠᠷ ᠨᠤᠲᠤᠭ ᠢᠶᠠᠨ ᠵᠢᠩᠬᠢᠨᠢ ︽ᠨᠢᠭᠡ ᠭᠡᠷ ᠤᠨ ᠬᠥᠮᠦᠨ︾ ᠪᠣᠯᠭᠠᠬᠤ ᠶᠢ ᠬᠦᠰᠡᠵᠦ | ᠪᠠᠶᠢᠨ᠎ᠠ᠃ | | ᠥᠪᠥᠷ ᠮᠣᠩᠭᠤᠯ ᠤᠨ ᠦᠬᠡᠷ ᠬᠤᠨᠢᠨ ᠮᠢᠬᠠᠨ ᠤ ᠶᠡᠷᠦᠩᠬᠡᠢ ᠡᠵᠡᠩᠨᠡᠨ ᠪᠣᠷᠣᠯᠠᠭᠤᠯᠬᠤ ᠳᠡᠯᠭᠡᠭᠦᠷ ᠲᠤ᠂ | ᠮᠠ ᠱᠢ ᠶᠦᠨ ᠪᠦᠯᠦ ᠥᠬᠢᠨ ᠳᠡᠭᠦᠦ ᠲᠠᠢ ᠪᠠᠨ ᠡᠵᠡᠩᠨᠡᠯᠲᠡ ᠶᠢᠨ ᠨᠠᠷᠢᠨ ᠵᠦᠢᠯᠡᠰ ᠢ ᠵᠦᠪᠳᠡᠯᠴᠡᠵᠦ ᠪᠠᠶᠢᠨ᠎ᠠ᠃ | ᠵᠢᠷᠤᠭ ᠤᠨ ᠢᠷᠡᠯᠲᠡ᠄ ᠬᠤᠪᠧᠶ ᠶᠢᠨ ᠡᠳᠦᠷ ᠤᠨ ᠰᠣᠨᠢᠨ | ᠵᠢᠶᠠᠩ ᠱᠠᠨ ᠨᠡᠶᠢᠭᠡᠮ ᠲᠣᠭᠤᠷᠢᠭ ᠲᠤ ᠣᠳᠣ 4000 ᠭᠠᠷᠤᠶ ᠡᠷᠦᠬᠡ ᠰᠠᠭᠤᠭᠠᠯᠢ ᠠᠷᠠᠳ ᠪᠠᠶᠢᠵᠤ᠂ | ᠲᠦᠵᠢᠶᠠ᠂ ᠮᠢᠶᠤᠤ᠂ ᠬᠤᠳᠤᠩ᠂ ᠮᠠᠨᠵᠤ᠂ ᠮᠣᠩᠭᠤᠯ ᠵᠡᠷᠭᠡ 17 ᠦᠨᠳᠦᠰᠦᠲᠡᠨ ᠢ ᠬᠠᠮᠤᠷᠤᠨ᠎ᠠ᠂ 50 ᠭᠠᠷᠤᠶ | ᠦᠨᠳᠦᠰᠦᠲᠡᠨ ᠤ ᠠᠬ᠎ᠠ ᠳᠡᠭᠦᠦ ᠨᠠᠷ ᠤᠨ ᠡᠵᠡᠩᠨᠡᠵᠦ ᠪᠠᠶᠢᠭ᠎ᠠ ᠳᠡᠯᠭᠡᠭᠦᠷ ᠨᠡᠶᠢᠭᠡᠮ ᠲᠣᠭᠤᠷᠢᠭ ᠲᠤ ᠲᠦᠭᠡᠵᠦ | ᠲᠠᠷᠠᠵᠤ ᠪᠤᠢ᠃ | ᠵᠢᠶᠠᠩ ᠱᠠᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠣᠷᠣᠬᠤ ᠳᠤ᠂ ᠪᠡᠶ᠎ᠡ ᠨᠢ ᠥᠨᠳᠦᠷ ᠵᠢᠭᠳᠡ᠂ ᠲᠣᠯᠣᠭᠠᠶ ᠨᠢ | ᠳᠤᠭᠤᠷᠢᠭ ᠬᠠᠴᠢᠨ ᠵᠢᠭᠲᠡᠢ ᠠᠨᠠᠷ ᠤᠨ ᠦᠷ᠎ᠡ ᠶᠢᠨ ᠬᠡᠦᠬᠡᠳ ᠤᠨ ᠵᠠᠭᠪᠤᠷ ᠶᠠᠭ ᠥᠷᠲᠡᠭᠡ ᠶᠢᠨ ᠶᠡᠭᠡ ᠲᠢᠩᠬᠢᠮ ᠤᠨ | ᠲᠥᠪ ᠲᠤ ᠲᠠᠯᠪᠢᠭᠠᠰᠤᠲᠠᠢ᠃ | ︽ᠡᠨᠡᠬᠦ ᠠᠨᠠᠷ ᠤᠨ ᠦᠷ᠎ᠡ ᠶᠢᠨ ᠬᠡᠦᠬᠡᠳ ᠤᠨ ᠵᠠᠭᠪᠤᠷ ᠢ ᠰᠠᠭᠤᠭᠠᠯᠢ ᠠᠷᠠᠳ ᠬᠠᠮᠲᠤ ᠪᠠᠷ ᠵᠢᠷᠤᠵᠤ | ᠲᠦᠯᠦᠪᠯᠡᠵᠦ᠂ ᠦᠢᠯᠡᠳᠴᠦ ᠭᠠᠷᠭᠠᠭᠰᠠᠨ ᠶᠤᠮ︾᠃ ᠵᠢᠶᠠᠩ ᠱᠠᠨ ᠨᠡᠶᠢᠭᠡᠮ ᠲᠣᠭᠤᠷᠢᠭ ᠤᠨ ᠱᠦᠵᠢ ᠵᠢᠢ ᠼᠠᠢ | ᠹᠧᠩ ᠂ ᠬᠠᠷᠢᠯᠴᠠᠨ ᠲᠡᠪᠡᠷᠢᠯᠴᠡᠭᠰᠡᠨ ᠠᠨᠠᠷ ᠤᠨ ᠦᠷ᠎ᠡ ᠨᠢ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ | ᠰᠠᠭᠤᠭᠠᠯᠢ ᠠᠷᠠᠳ ᠪᠦᠯᠬᠦᠮᠳᠡᠨ ᠨᠢᠭᠲᠠᠷᠠᠵᠤ᠂ ᠬᠠᠮᠲᠤ ᠪᠠᠷ ᠬᠥᠭᠵᠢᠵᠦ᠂ ᠴᠡᠴᠡᠭᠯᠡᠨ ᠬᠦᠭᠵᠢᠬᠦ ᠶᠢ ᠲᠦᠯᠦᠭᠡᠯᠡᠵᠦ | ᠪᠤᠢ ᠭᠡᠵᠦ ᠲᠠᠨᠢᠯᠴᠠᠭᠤᠯᠪᠠ᠃ | | ᠢᠴᠠᠩ ᠤᠨ ᠦ᠋ ᠵᠢᠶᠠ ᠭᠠᠩ ᠵᠡᠭᠡᠯᠢ ᠭᠤᠳᠤᠮᠵᠢ ᠶᠢᠨ ᠵᠢᠶᠠᠩ ᠱᠠᠨ ᠨᠡᠶᠢᠭᠡᠮ ᠲᠣᠭᠤᠷᠢᠭ᠃ ᠵᠢᠷᠤᠭ ᠤᠨ | ᠢᠷᠡᠯᠲᠡ᠄ ᠬᠤᠪᠧᠶ ᠶᠢᠨ ᠡᠳᠦᠷ ᠤᠨ ᠰᠣᠨᠢᠨ | ᠵᠢᠶᠠᠩ ᠱᠠᠨ ᠨᠡᠶᠢᠭᠡᠮ ᠲᠣᠭᠤᠷᠢᠭ ᠤᠨ 88 ᠰᠠᠭᠤᠷᠢ ᠠᠰᠠᠷ᠂ ᠠᠰᠠᠷ ᠲᠠᠭᠲᠤ ᠬᠤᠭᠤᠷᠤᠨᠳᠤ ᠭᠠᠵᠠᠷ | ᠪᠣᠯᠭᠠᠨ ᠪᠠᠲᠤ ᠴᠣᠭᠴᠠᠯᠠᠬᠤ ᠰᠣᠶᠣᠯ ᠤᠨ ᠲᠡᠮᠳᠡᠭ ᠬᠠᠷᠠᠭᠳᠠᠨ᠎ᠠ᠃ ᠡᠭᠦᠳᠡᠨ ᠡᠮᠦᠨᠡᠬᠢ ᠴᠡᠴᠡᠭ ᠤᠨ ᠲᠠᠪᠴᠠᠩ ᠤᠨ | ᠬᠠᠵᠠᠭᠤᠳᠠᠬᠢ ᠨᠢᠭᠡᠨ ᠬᠤᠪᠢᠰᠬᠠᠯ ᠤᠨ ᠲᠤᠮᠤ ᠬᠡᠯᠪᠡᠷᠢ ᠶᠢᠨ ᠪᠣᠰᠤᠭ᠎ᠠ ᠴᠣᠭᠴᠠᠲᠤ ᠤᠬᠠᠭᠤᠯᠭ᠎ᠠ ᠶᠢᠨ ᠫᠠᠶᠢᠰᠠ — | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠬᠡᠳᠦᠨ | ᠲᠤᠮᠤ ᠦᠰᠦᠭ ᠨᠢ ᠨᠡᠩ ᠴᠤ ᠬᠥᠮᠦᠰ ᠤᠨ ᠠᠩᠬᠠᠷᠤᠯ ᠢ ᠲᠠᠲᠠᠨ᠎ᠠ᠃ ᠨᠡᠶᠢᠭᠡᠮ ᠲᠣᠭᠤᠷᠢᠭ ᠤᠨ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠬᠠᠵᠠᠭᠤ ᠬᠡᠷᠡᠮ ᠳᠡᠭᠡᠷᠡᠬᠢ᠂ ᠡᠯ᠎ᠡ ᠦᠨᠳᠦᠰᠦᠲᠡᠨ ᠤ | ᠺᠠᠷᠲ᠋ᠤᠨ ᠤ ᠬᠥᠮᠦᠰ ᠤᠨ ᠵᠢᠷᠤᠭ ᠳᠦᠷᠰᠦ ᠪᠣᠯᠤᠨ ︽ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ | ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ︾ | ᠪᠢᠴᠢᠭᠡᠰᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠲᠠᠶᠢᠯᠪᠤᠷᠢᠯᠠᠵᠤ | ᠂ ᠬᠥᠮᠦᠰ ᠢ ᠬᠠᠯᠠᠭᠤᠨ ᠳᠤᠯᠠᠭᠠᠨ ᠰᠠᠨᠠᠭᠳᠠᠭᠤᠯᠬᠤ ᠪᠥᠭᠡᠳ ᠬᠦᠴᠦᠨ ᠴᠢᠳᠠᠯ ᠢᠶᠠᠷ ᠪᠢᠯᠬᠠᠮ᠎ᠠ ᠪᠣᠯᠭᠠᠨ᠎ᠠ᠃ | ︽ᠡᠨᠡ ᠪᠣᠯ ᠳᠤᠮᠳᠠᠳᠤ ᠤᠯᠤᠰ ᠤᠨ ᠭᠠᠵᠠᠷ ᠤᠨ ᠵᠢᠷᠤᠭ᠂ ᠪᠢᠴᠢᠬᠠᠨ ᠬᠡᠦᠬᠡᠳ ᠤᠳ ᠡᠯ᠎ᠡ | ᠦᠨᠳᠦᠰᠦᠲᠡᠨ ᠤ ᠺᠠᠷᠲ᠋ᠣᠨ ᠤ ᠬᠥᠮᠦᠨ ᠤ ᠰᠣᠷᠢᠨᠵᠢᠨ ᠵᠢᠷᠤᠭ ᠢ ᠬᠠᠷᠠᠭᠠᠯᠵᠠᠭᠰᠠᠨ ᠭᠠᠵᠠᠷ ᠣᠷᠣᠨ ᠤ ᠮᠤᠵᠢ ᠳᠡᠭᠡᠷ᠎ᠡ | ᠨᠠᠭᠠᠵᠤ ᠪᠣᠯᠣᠨ᠎ᠠ︾ ᠭᠡᠵᠦ ᠨᠡᠶᠢᠭᠡᠮ ᠲᠣᠭᠤᠷᠢᠭ ᠤᠨ ᠠᠵᠢᠯᠲᠠᠳ ︽ᠤᠯᠠᠭᠠᠨ ᠠᠨᠠᠷ ᠤᠨ ᠬᠢᠴᠢᠶᠡᠯ ᠤᠨ ᠲᠢᠩᠬᠢᠮ︾ | ᠢ ᠲᠣᠭᠤᠷᠢᠨ ᠦᠵᠡᠬᠦ ᠬᠥᠮᠦᠰ ᠤᠨ ᠲᠠᠨᠢᠯᠴᠠᠭᠤᠯᠪᠠ᠃ | ᠤᠩᠰᠢᠯᠭ᠎ᠠ ᠶᠢᠨ ᠲᠠᠰᠤᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ | ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠤᠨ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ | ᠲᠥᠯᠥᠭᠡ᠂ ᠵᠢᠶᠠᠩ ᠱᠠᠨ ᠨᠡᠶᠢᠭᠡᠮ ᠲᠣᠭᠤᠷᠢᠭ ᠤᠨ ᠬᠢᠨ ︽ᠤᠯᠠᠭᠠᠨ ᠵᠠᠮᠴᠢᠯᠠᠭᠴᠢ ᠬᠥᠳᠡᠯᠭᠡᠬᠦ︾ ᠤᠬᠠᠭᠤᠯᠤᠨ | ᠲᠠᠶᠢᠯᠪᠤᠷᠢᠯᠠᠬᠤ ᠪᠦᠯᠬᠦᠮ ᠢ ᠪᠠᠶᠢᠭᠤᠯᠵᠤ᠂ ᠨᠠᠮ ᠤᠨ ᠡᠭᠦᠷ ᠤᠨ ᠭᠤᠣᠯ ᠰᠡᠳᠦᠪᠲᠦ ᠨᠠᠮ ᠤᠨ ᠡᠳᠦᠷ᠂ ᠶᠣᠰᠣ | ᠰᠤᠷᠲᠠᠬᠤᠨ ᠤ ᠬᠢᠴᠢᠶᠡᠯ ᠤᠨ ᠲᠠᠩᠬᠢᠮ ᠵᠡᠷᠭᠡ ᠲᠠᠢ ᠤᠶᠠᠯᠳᠤᠭᠤᠯᠤᠨ ᠵᠢᠯ ᠪᠦᠷᠢ ᠰᠦᠯᠵᠢᠶᠡᠨ ᠭᠠᠳᠠᠨᠠᠬᠢ ᠤᠨᠤᠯ ᠤᠨ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ 10 ᠭᠠᠷᠤᠢ ᠲᠠᠯᠠᠪᠤᠷ ᠥᠷᠨᠢᠭᠦᠯᠵᠦ᠂ ᠦᠨᠳᠦᠰᠦᠲᠡᠨ ᠤ ᠤᠶᠤᠨ ᠤ | ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠪᠠ᠃ | | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠳᠦᠷ᠂ ᠵᠢᠶᠠᠩ ᠱᠠᠨ ᠨᠡᠶᠢᠭᠡᠮ ᠲᠣᠭᠤᠷᠢᠭ ᠤᠨ ᠬᠢᠨ | ᠽᠥᠩᠽᠢ ᠪᠠᠭᠯᠠᠬᠤ ᠠᠵᠢᠯᠯᠠᠭ᠎ᠠ ᠶᠢ ᠵᠣᠬᠢᠶᠠᠨ ᠪᠠᠢᠭᠤᠯᠵᠤ ᠦᠷᠨᠢᠭᠦᠯᠪᠡ᠃ | ᠴᠠᠭᠠᠨ ᠰᠠᠷ᠎ᠠ᠂ ᠨᠠᠢᠮᠠᠨ ᠰᠠᠷ᠎ᠠ ᠶᠢᠨ ᠰᠢᠨ᠎ᠡ ᠶᠢᠨ ᠲᠠᠪᠤᠨ᠂ ᠰᠢᠨ᠎ᠡ ᠵᠢᠯ᠂ ᠶᠢᠰᠦᠨ ᠰᠠᠷ᠎ᠠ ᠶᠢᠨ ᠶᠢᠰᠦᠨ | ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠣᠯᠬᠤ ᠪᠦᠷᠢ᠂ ︽ᠤᠯᠠᠭᠠᠨ ᠠᠨᠠᠷ︾ | ᠰᠠᠶᠢᠨ ᠳᠤᠷᠠᠴᠤᠳ ᠬᠠᠷᠢᠶᠠᠲᠤ ᠲᠣᠭᠤᠷᠢᠭ ᠤᠨ ᠢᠶᠠᠨ ᠦᠨᠳᠦᠰᠦᠲᠡᠨ ᠨᠦᠭᠦᠳ ᠤᠨ ᠣᠯᠠᠨ ᠲᠦᠮᠡᠨ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ᠂ ᠪᠠᠶᠠᠷ ᠤᠨ ᠡᠳᠦᠷ ᠢ ᠬᠠᠮᠲᠤ ᠪᠠᠷ ᠥᠩᠭᠡᠷᠡᠭᠦᠯᠵᠦ᠂ ᠨᠠᠮ ᠤᠨ ᠠᠴᠢ ᠳᠤ | ᠬᠠᠮᠲᠤ ᠪᠠᠷ ᠲᠠᠯᠠᠷᠬᠠᠨ᠎ᠠ᠃ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠨᠡᠶᠢᠭᠡᠮ | ᠲᠣᠭᠤᠷᠢᠭ ᠢ ︽ᠬᠡᠷ︾ ᠢᠶᠠᠨ ᠪᠣᠯᠭᠠᠵᠤ᠂ ᠨᠡᠶᠢᠭᠡᠮ ᠲᠣᠭᠤᠷᠢᠭ ᠤᠨ ᠺᠠᠳ᠋ᠷᠴᠤᠳ ᠢ ︽ᠳᠣᠲᠣᠨᠣ ᠬᠥᠮᠦᠨ︾ ᠢᠶᠠᠨ | ᠪᠣᠯᠭᠠᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ | ᠰᠣᠯᠢᠯᠴᠠᠭ᠎ᠠ ᠠᠭᠤᠰᠤᠯᠴᠠᠯ ᠢ ᠪᠦᠲᠦᠮᠵᠢᠲᠡᠶ ᠠᠬᠢᠭᠤᠯᠪᠠ᠃ | ᠲᠣᠯᠤᠭᠠᠢ ᠣᠷᠣᠢ ᠳᠤ ᠬᠠᠮᠲᠤ ᠶᠢᠨ ᠣᠭᠲᠠᠷᠭᠤᠢ᠂ ᠬᠥᠯ ᠳᠣᠣᠷ᠎ᠠ ᠬᠠᠮᠲᠤ ᠶᠢᠨ ᠭᠠᠵᠠᠷ ᠰᠢᠷᠤᠢ᠃ ᠵᠢᠩ | ᠴᠦ᠋ ᠦᠨᠳᠦᠰᠦᠲᠡᠨ ᠨᠦᠭᠦᠳ ᠤᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ | ᠰᠡᠳᠬᠢᠯ ᠠᠴᠠ ᠪᠠᠨ ᠶᠠᠪᠤᠯᠴᠠᠵᠤ᠂ ᠦᠨᠡᠨ ᠰᠡᠳᠬᠢᠯ ᠠᠴᠠ ᠪᠠᠨ ᠰᠣᠯᠢᠯᠴᠠᠵᠤ᠂ ᠦᠨᠡᠨ ᠰᠡᠳᠬᠢᠯ ᠠᠴᠠ ᠪᠠᠨ | ᠠᠭᠤᠰᠤᠯᠴᠠᠭᠤᠯᠵᠤ᠂ ᠭᠠᠷ ᠬᠤᠯᠪᠣᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠰᠦᠷ ᠳᠠᠯᠠᠶᠢᠴᠠᠲᠠᠢ ᠬᠦᠴᠦᠨ | ᠴᠢᠳᠠᠯ ᠢ ᠨᠢᠭᠲᠠᠷᠠᠭᠤᠯᠪᠠ᠃ | |