ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ︽ᠭᠠᠯ ᠤᠨᠲᠠᠷᠠᠭᠠᠭᠴᠢ︾ ᠪᠣᠯᠵᠤ ᠴᠠᠭ ᠲᠤᠬᠠᠶ ᠳᠤᠨᠢ ᠭᠠᠯ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2025/3/7
         ︽ᠮᠠᠭᠤ ᠪᠣᠯᠤᠭᠰᠠᠨ᠂ ᠡᠮᠦᠨ᠎ᠡ ᠭᠠᠯ ᠭᠠᠷᠤᠯ᠎ᠠ︕︾ ᠃ 2025 ᠣᠨ ᠤ 2 ᠳ᠋ᠤᠭᠠᠷ ᠰᠠᠷ᠎ᠠ ᠶᠢᠨ 12 ᠤᠨ ᠡᠳᠦᠷ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠶᠡᠭᠡ ᠲᠢᠩᠬᠢᠮ ᠳᠤ ᠠᠵᠢᠯᠯᠠᠵᠤ ᠪᠠᠶᠢᠬᠤ ᠳᠠᠭᠠᠨ ᠡᠭᠦᠳᠡᠨ ᠡᠮᠦᠨᠡᠬᠢ ᠵᠦᠯᠭᠡ ᠭᠠᠵᠠᠷ ᠲᠤ ᠬᠡᠰᠡᠭ ᠬᠡᠰᠡᠭ ᠬᠠᠷ᠎ᠠ ᠤᠲᠤᠭ᠎ᠠ ᠭᠠᠷᠴᠤ᠂ ᠬᠡᠦᠷᠰᠢᠭᠰᠡᠨ ᠦᠨᠦᠷ ᠬᠠᠩᠬᠤᠯᠬᠤ ᠶᠢ ᠳᠠᠭᠠᠯᠳᠤᠨ ᠢᠷᠡᠬᠦ ᠶᠢ ᠤᠯᠢᠵᠤ ᠮᠡᠳᠡᠪᠡ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠣᠯᠠᠨ ᠠᠵᠢᠯᠲᠠᠨ ᠲᠡᠷᠡ ᠳᠠᠷᠤᠶ ᠳᠤᠨᠢ ᠥᠪᠥᠷ ᠮᠣᠩᠭᠤᠯ ᠤᠨ ᠵᠧᠩ ᠲᠦᠩ ᠷᠧᠨ ᠬᠡᠸ᠋ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠴᠡᠪᠡᠷᠯᠡᠭᠴᠢ᠂ ᠠᠮᠤᠷ ᠢ ᠬᠠᠮᠠᠭᠠᠯᠠᠭᠴᠢ ᠲᠠᠢ ᠭᠠᠯ ᠤᠨᠲᠠᠷᠠᠭᠠᠭᠤᠷ ᠠᠪᠴᠤ ᠲᠤᠬᠠᠶ ᠶᠢᠨ ᠲᠠᠯᠠᠪᠤᠷ ᠲᠤ ᠬᠦᠷᠴᠦ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠴᠢᠮᠡᠭᠡ ᠶᠢ ᠰᠣᠨᠤᠰᠴᠤ ᠢᠷᠡᠭᠰᠡᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠠᠵᠢᠯᠲᠠᠳ ᠲᠠᠢ ᠬᠠᠮᠲᠤ ᠭᠠᠯ ᠢ ᠤᠨᠲᠠᠷᠠᠭᠠᠪᠠ᠃
        ᠠᠰᠠᠷ ᠤᠨ ᠡᠮᠦᠨᠡᠬᠢ ᠵᠦᠯᠭᠡ ᠭᠠᠵᠠᠷ ᠭᠠᠯ ᠭᠠᠷᠴᠤ ᠬᠠᠲᠠᠭᠰᠠᠨ ᠡᠪᠡᠰᠦ ᠲᠦᠷᠭᠡᠨ ᠨᠣᠴᠣᠵᠤ᠂ ᠭᠠᠯ ᠤᠨ ᠪᠠᠶᠢᠳᠠᠯ ᠦᠷᠭᠡᠳᠬᠦ ᠬᠠᠨᠳᠤᠰᠢ ᠲᠠᠢ᠃ ᠣᠯᠠᠨ ᠢᠶᠠᠷ ᠢᠶᠠᠨ ᠪᠦᠯᠦᠭ ᠬᠤᠪᠢᠶᠠᠨ ᠬᠥᠳᠡᠯᠦᠯᠴᠡᠵᠦ᠂ ᠭᠠᠯ ᠤᠨᠲᠠᠷᠠᠭᠠᠭᠤᠷ ᠢᠶᠠᠷ ᠪᠠᠴᠢᠮ ᠭᠠᠯ ᠤᠨᠲᠠᠷᠠᠭᠠᠵᠤ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠬᠤ ᠭᠠᠯ ᠤᠨ ᠪᠠᠶᠢᠳᠠᠯ ᠢ ᠡᠴᠦᠰ ᠲᠤ ᠪᠠᠨ ᠡᠵᠡᠮᠳᠡᠪᠡ᠃ ᠭᠠᠯ ᠤᠨ ᠪᠠᠶᠢᠳᠠᠯ ᠳᠠᠬᠢᠨ ᠨᠣᠴᠣᠬᠤ ᠶᠢ ᠰᠡᠷᠭᠡᠶᠢᠯᠡᠬᠦ ᠶᠢᠨ ᠲᠥᠯᠥᠭᠡ᠂ ᠣᠯᠠᠨ ᠢᠶᠠᠷ ᠢᠶᠠᠨ ᠪᠠᠰᠠ ᠳᠠᠯᠳᠠ ᠭᠡᠮ ᠣᠷᠣᠰᠢᠵᠤ ᠮᠡᠳᠡᠬᠦ ᠡᠯ᠎ᠡ ᠴᠡᠭ ᠢ ᠨᠠᠷᠢᠨ ᠪᠠᠶᠢᠴᠠᠭᠠᠵᠤ ᠰᠢᠢᠳᠪᠦᠷᠢᠯᠡᠪᠡ᠃        ᠬᠠᠪᠤᠷ ᠤᠨ ᠡᠬᠢᠨ ᠤ ᠬᠦᠢᠲᠡᠨ ᠠᠭᠤᠷ ᠠᠮᠢᠰᠬᠤᠯ ᠢ ᠳᠠᠭᠠᠯᠳᠤᠨ᠂ ᠡᠭᠦᠨ ᠤ ᠳᠡᠭᠡᠷ᠎ᠡ ᠭᠠᠩ ᠬᠠᠭᠤᠷᠠᠶ᠂ ᠨᠣᠴᠣᠮᠠᠲᠠᠭᠠᠶ ᠰᠢᠲᠠᠮᠠᠬᠠᠶ ᠪᠣᠳᠠᠰ ᠣᠯᠠᠨ᠂ ᠭᠠᠯ ᠤᠨ ᠠᠶᠤᠯ ᠤᠨ ᠲᠦᠭᠰᠢᠭᠦᠷᠢ ᠨᠡᠮᠡᠭᠳᠡᠪᠡ᠃ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠡᠳᠦᠷ ᠳᠣᠳᠣᠮ ᠤᠨ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠢ ᠴᠢᠬᠤᠯᠠᠴᠢᠯᠠᠵᠤ᠂ ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ ᠶᠢ ᠵᠣᠬᠢᠶᠠᠨ ᠪᠠᠢᠭᠤᠯᠤᠨ ᠂ ᠭᠠᠯ ᠤᠨᠲᠠᠷᠠᠭᠠᠭᠤᠷ ᠬᠡᠷᠡᠭᠯᠡᠬᠦ ᠶᠢ ᠰᠤᠷᠴᠤ ᠂ ᠠᠵᠢᠯ ᠠᠴᠠ ᠪᠠᠨ ᠪᠠᠭᠤᠬᠤ ᠳᠤ ᠳ᠋ᠧᠩ ᠢᠶᠠᠨ ᠬᠠᠭᠠᠵᠤ ᠴᠠᠬᠢᠯᠭᠠᠨ ᠢᠶᠠᠨ ᠲᠠᠰᠤᠯᠵᠤ ᠂ ᠰᠠᠶᠢᠨ ᠰᠠᠶᠢᠬᠠᠨ ᠠᠮᠤᠷ ᠲᠦᠪᠰᠢᠨ ᠣᠷᠴᠢᠨ ᠲᠣᠭᠤᠷᠢᠨ ᠢ ᠬᠠᠮᠲᠤ ᠪᠠᠷ ᠪᠣᠢ ᠪᠣᠯᠭᠠᠪᠠ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号