ᠪᠠᠳᠺᠠᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ ︽ᠨᠢᠭᠡ ᠦᠷᠲᠡᠭᠡ ᠮᠠᠶ᠋ᠢᠭ︾ ᠤᠨ ᠣᠨᠣᠰᠢᠯᠠᠨ ᠡᠮᠨᠡᠬᠦ ᠦᠢᠯᠡᠴᠢᠯᠡᠭᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2025/4/1
        ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ ᠨᠠᠩ ᠴᠢᠨᠠᠷ ᠰᠠᠶᠢᠲᠠᠶ᠂ ᠳᠥᠭᠦᠮ ᠳᠥᠲᠡ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠪᠠᠳᠺᠠᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︽ᠨᠢᠭᠡ ᠦᠷᠲᠡᠭᠡ ᠮᠠᠶ᠋ᠢᠭ ᠤᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠲᠥᠪ︾ ᠢ ᠵᠢᠩᠬᠢᠨᠢ ᠪᠠᠷ ᠭᠠᠷᠭᠠᠵᠤ᠂ ᠳ᠋ᠤᠭᠠᠷᠯᠠᠬᠤ᠂ ᠡᠮᠴᠢᠯᠡᠬᠦᠯᠬᠦ᠂ ᠰᠦᠢᠳᠬᠡᠯ ᠲᠤᠰᠢᠶᠠᠬᠤ᠂ ᠡᠮ ᠠᠪᠬᠤ ᠨᠢᠭᠡ ᠯᠡ ᠦᠷᠲᠡᠭᠡ ᠮᠠᠶ᠋ᠢᠭ ᠤᠨ ᠡᠭᠦᠳᠡᠨ ᠡᠮᠨᠡᠯᠭᠡ ᠶᠢᠨ ᠦᠢᠯᠡᠴᠢᠯᠡᠭᠡ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠴᠢᠳᠠᠮᠵᠢ ᠶᠢ ᠡᠮᠬᠢᠯᠡᠨ ᠨᠡᠶᠢᠯᠡᠭᠦᠯᠵᠦ᠂ ᠤᠯᠠᠮᠵᠢᠯᠠᠯᠲᠤ ᠡᠪᠡᠳᠴᠢᠨ ᠦᠵᠡᠭᠦᠯᠬᠦ ᠶᠠᠪᠤᠴᠠ ᠶᠢ ᠳᠥᠭᠦᠮᠴᠢᠯᠡᠵᠦ᠂ ᠣᠯᠠᠨ ᠲᠦᠮᠡᠨ ᠤ ︽ᠳᠠᠬᠢᠨ ᠳᠠᠪᠲᠠᠨ ᠮᠥᠷᠯᠡᠬᠦ᠂ ᠣᠯᠠᠨ ᠤᠳᠠᠭ᠎ᠠ ᠭᠦᠶᠦᠬᠦ᠂ ᠭᠠᠷ ᠭᠦᠢᠴᠡᠳᠬᠡᠯ ᠪᠤᠳᠤᠯᠢᠶᠠᠨᠲᠠᠶ ᠪᠠᠶᠢᠬᠤ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ︽ᠬᠦᠴᠦ ᠴᠠᠭ  ᠵᠠᠷᠤᠴᠠᠭᠤᠯᠬᠤ︾ ᠠᠴᠠ ︽ᠥᠨᠳᠥᠷ ᠪᠦᠲᠦᠮᠵᠢᠲᠡᠶ ᠪᠥᠭᠡᠳ ᠰᠠᠨᠠᠭ᠎ᠠ ᠠᠮᠤᠷ ᠪᠠᠶᠢᠯᠭᠠᠬᠤ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠪᠡ᠃ ᠡᠭᠦᠨ ᠤ ᠬᠠᠮᠲᠤ᠂ ᠰᠠᠭᠠᠳ ᠥᠬᠡᠶ ᠠᠷᠢᠭᠤᠨ ᠴᠡᠪᠡᠷ ᠤᠨ ᠥᠷᠥᠭᠡ ᠴᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠣᠨᠴᠠᠭᠠᠶ ᠬᠥᠮᠦᠰ ᠤᠨ ᠡᠪᠡᠳᠴᠢᠨ ᠦᠵᠡᠭᠦᠯᠬᠦ ᠶᠢ ᠨᠠᠩ ᠠᠮᠤᠷ ᠲᠦᠪᠰᠢᠨ ᠪᠥᠭᠡᠳ ᠳᠥᠭᠦᠮ ᠳᠥᠲᠡ ᠪᠣᠯᠭᠠᠪᠠ᠃
图片6.png
        ︽ᠨᠢᠭᠡ ᠦᠷᠲᠡᠭᠡ ᠮᠠᠶ᠋ᠢᠭ︾ ᠤᠨ ᠡᠮᠨᠡᠯᠭᠡ ᠳᠤ ᠣᠷᠣᠵᠤ ᠦᠢᠯᠡᠴᠢᠯᠡᠬᠦ ᠶᠢ ᠭᠠᠷᠭᠠᠭᠰᠠᠨ ᠶᠠᠪᠤᠳᠠᠯ ᠪᠣᠯ ᠪᠠᠳᠺᠠᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠷᠠᠳ ᠲᠦᠮᠡᠨ ᠢᠶᠠᠷ ᠭᠤᠣᠯ ᠪᠣᠯᠭᠠᠬᠤ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠪᠣᠳᠠᠲᠠᠢ ᠢᠯᠡᠷᠡᠯ ᠪᠣᠯᠤᠨ᠎ᠠ᠂ ᠮᠦᠨ ᠴᠤ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠪᠣᠯᠤᠨ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠠᠳᠺᠠᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠦᠢᠯᠡᠴᠢᠯᠡᠭᠡᠨ ᠤ ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠣᠯᠠᠨ ᠲᠦᠮᠡᠨ ᠳᠤ ᠨᠠᠩ ᠴᠢᠨᠠᠷ ᠰᠠᠶᠢᠲᠠᠶ᠂ ᠳᠥᠭᠦᠮ ᠳᠥᠲᠡ᠂ ᠥᠨᠳᠥᠷ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号