ᠰᠢᠭᠤᠶᠢᠲᠤ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2025 ᠣᠨ ᠤ 3 ᠳ᠋ᠤᠭᠠᠷ ᠰᠠᠷ᠎ᠠ ᠳᠤ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠦᠨᠳᠦᠰᠦᠨ ᠠᠮᠢᠳᠤᠷᠠᠯ ᠤᠨ ᠨᠥᠬᠦᠪᠥᠷᠢ ᠶᠢ ᠲᠠᠷᠬᠠᠭᠠᠵᠤ ᠵᠠᠷᠯᠠᠯ
ᠨᠡᠶᠢᠲᠡᠯᠡᠭᠰᠡᠨ ᠴᠠᠭ᠄
2025/4/1
        ᠣᠳᠣᠬᠠᠨ ᠳᠤ᠂ ᠮᠠᠨ ᠤ ᠲᠣᠭᠤᠷᠢᠭ ᠤᠨ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠨᠢ ᠬᠥᠮᠥᠨ ᠪᠦᠷᠢ ᠰᠠᠷ᠎ᠠ ᠳᠤ 1989 ᠲᠥᠭᠦᠷᠢᠭ ᠪᠣᠯᠣᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠪᠤᠶᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠣᠯᠤᠭᠰᠠᠨ ᠪᠥᠭᠡᠳ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠳᠤ ᠭᠦᠷᠦᠭᠰᠡᠨ ᠥᠬᠡᠶ ᠪᠣᠯ ᠨᠥᠬᠦᠪᠥᠷᠢ ᠥᠭᠴᠦ ᠵᠥᠷᠢᠶ᠎ᠡ ᠶᠢ ᠣᠯᠭᠤᠵᠤ᠂ ᠪᠤᠰᠤᠳ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠲᠤ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠪᠥᠬᠦ ᠲᠤᠭ᠎ᠠ ᠪᠠᠷ ᠣᠯᠭᠤᠨ᠎ᠠ᠃        2025 ᠣᠨ ᠤ 3 ᠳ᠋ᠤᠭᠠᠷ ᠰᠠᠷ᠎ᠠ ᠳᠤ ᠨᠡᠶᠢᠭᠡᠮ ᠤᠨ ᠲᠠᠷᠠᠬᠠᠢ ᠰᠠᠭᠤᠭᠰᠠᠨ ᠥᠨᠥᠴᠢᠨ ᠬᠡᠤᠬᠡᠳ 1᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ 12 ᠬᠥᠮᠦᠨ᠂ 3 ᠳ᠋ᠤᠭᠠᠷ ᠰᠠᠷ᠎ᠠ ᠳᠤ ᠨᠡᠶᠢᠲᠡ 1.8941 ᠲᠦᠮᠡᠨ ᠲᠥᠭᠦᠷᠢᠭ ᠤᠨ ᠦᠨᠳᠦᠰᠦᠨ ᠠᠮᠢᠳᠤᠷᠠᠯ ᠤᠨ ᠨᠥᠬᠦᠪᠥᠷᠢ ᠲᠠᠷᠬᠠᠭᠠᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号