3 ᠳ᠋ᠤᠭᠠᠷ ᠰᠠᠷ᠎ᠠ ᠶᠢᠨ 21 ᠤ ᠡᠳᠦᠷ᠂ ᠪᠤᠭᠤᠲᠤ ᠬᠤᠳᠠ ᠶᠢᠨ ᠭᠦᠸᠧ ᠾᠦᠢ ᠵᠢᠶᠧ ᠵᠢᠩ | ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠶᠢᠨ ᠠᠭᠤᠷᠬᠠᠢ ᠶᠢᠨ ᠦᠢᠯᠡᠰ ᠬᠢᠭᠡᠳ ᠨᠡᠭᠦᠷᠡᠰᠦᠨ ᠤ ᠳᠡᠭᠡᠳᠦ ᠰᠤᠷᠭᠠᠭᠤᠯᠢ | ᠯᠤᠭ᠎ᠠ ᠪᠤᠭᠤᠲᠤ ᠶᠢᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠲᠦᠷᠦᠯ ᠵᠦᠢᠯ ᠤᠨ | ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ᠂ | ᠲᠣᠭᠤᠷᠢᠭ ᠤᠨ ᠤᠳᠤᠷᠢᠳᠤᠯᠭ᠎ᠠ ᠨᠠᠷᠠᠨᠨᠠ᠂ ᠮᠠ ᠪᠢᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ | ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠵᠢᠶᠧ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠠᠭᠤᠷᠬᠠᠶ ᠶᠢᠨ | ᠦᠢᠯᠡᠰ ᠬᠢᠭᠡᠳ ᠨᠡᠭᠦᠷᠡᠰᠦᠨ ᠤ ᠳᠡᠭᠡᠳᠦ ᠰᠤᠷᠭᠠᠭᠤᠯᠢ ᠶᠢᠨ ᠵᠠᠬᠢᠷᠤᠯ ᠵᠠᠩ ᠭᠤᠸᠠᠩ ᠼᠦᠨ᠂ ᠪᠤᠭᠤᠲᠤ | ᠬᠤᠲᠠ ᠶᠢᠨ ᠭᠦᠸᠧ ᠾᠦᠢ ᠵᠢᠶᠧ ᠵᠢᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠪᠥᠭᠡᠳ ᠶᠡᠷᠦᠩᠬᠡᠶ ᠳᠠᠭᠠᠭᠠᠮᠠᠯ ᠹᠦ᠋ ᠭᠤᠸᠠᠩ ᠯᠢᠨ ᠭᠡᠷ᠎ᠡ ᠲᠣᠭᠲᠠᠬᠤ ᠶᠣᠰᠣᠯᠠᠯ ᠳᠤ | ᠣᠷᠣᠯᠴᠠᠪᠠ᠃ | ᠵᠠᠩ ᠰᠢᠶᠤᠤ ᠹᠸᠢ ᠲᠣᠭᠤᠷᠢᠭ ᠤᠨ ᠲᠦᠷᠪᠡᠨ ᠶᠡᠭᠡ ᠪᠠᠭ ᠢ ᠲᠥᠯᠥᠭᠡᠯᠡᠨ ᠬᠤᠶᠠᠷ ᠲᠠᠯ᠎ᠠ ᠶᠢᠨ | ᠠᠮᠵᠢᠯᠲᠠ ᠲᠠᠢ ᠬᠠᠮᠲᠤᠷᠠᠯᠴᠠᠭ᠎ᠠ ᠳᠤ ᠬᠠᠯᠠᠭᠤᠨ ᠪᠠᠶᠠᠷ ᠬᠦᠷᠭᠡᠪᠡ᠃ ᠵᠠᠩ ᠰᠢᠶᠤᠤ ᠹᠸᠢ᠂ ᠡᠨᠡ ᠬᠦ ᠬᠠᠮᠲᠤᠷᠠᠯᠴᠠᠭ᠎ᠠ | ᠪᠣᠯ ᠰᠢᠭᠤᠶᠢᠲᠤ ᠲᠣᠭᠤᠷᠢᠭ ᠤᠨ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠪᠠᠰᠠ ᠨᠢᠭᠡᠨ ᠬᠦᠴᠦᠲᠡᠢ ᠠᠵᠢᠯᠯᠠᠭ᠎ᠠ ᠪᠣᠯᠬᠤ ᠪᠥᠭᠡᠳ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠭᠦᠨᠵᠡᠭᠡᠢ ᠠᠭᠤᠰᠤᠯᠴᠠᠭᠤᠯᠬᠤ ᠰᠢᠨ᠎ᠡ ᠠᠯᠬᠤᠮ ᠢ ᠠᠯᠬᠤᠭᠰᠠᠨ ᠢ ᠬᠠᠷᠠᠭᠤᠯᠵᠤ | ᠪᠠᠶᠢᠨ᠎ᠠ᠂ ᠬᠤᠶᠠᠷ ᠲᠠᠯ᠎ᠠ ᠪᠠᠷ ᠢᠶᠠᠨ ᠨᠡᠭᠦᠷᠡᠰᠦᠵᠢᠭᠰᠡᠨ ᠰᠢᠭᠠᠷᠤ ᠶᠢ ᠥᠨᠳᠥᠷ ᠥᠷᠲᠡᠭᠵᠢᠭᠦᠯᠦᠨ ᠠᠰᠢᠭᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠶᠢᠨ ᠲᠣᠭᠤᠷᠢᠨ ᠳᠤ᠂ ᠠᠮᠢᠳᠤᠯᠢᠭ ᠴᠢᠨᠠᠷ ᠢᠶᠠᠷ ᠳᠣᠣᠷ᠎ᠠ᠂ ᠲᠠᠲᠠᠬᠤ | ᠴᠢᠨᠠᠷ ᠢᠶᠠᠷ ᠴᠢᠩᠭ᠎ᠠ ᠵᠡᠷᠭᠡ ︽ᠪᠣᠭᠤᠮᠲᠠ︾ ᠶᠢᠨ ᠬᠦᠴᠢᠷ ᠠᠰᠠᠭᠤᠳᠠᠯ ᠢ ᠰᠢᠪᠲᠤᠯᠬᠤ ᠪᠠᠷ ᠪᠠᠷᠠᠬᠤ ᠦᠭᠡᠢ᠂ ᠨᠡᠩ | ᠴᠤ ︽ᠰᠤᠳᠤᠯᠤᠨ ᠨᠡᠭᠡᠭᠡᠬᠦ — ᠵᠠᠪᠰᠠᠷ ᠤᠨ ᠲᠤᠷᠰᠢᠯᠲᠠ — ᠳᠡᠯᠭᠡᠷᠡᠭᠦᠯᠬᠦ︾ ᠨᠢᠭᠡ ᠴᠤᠬᠴᠠᠵᠢᠭᠤᠯᠤᠬᠰᠠᠨ | ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠭᠤᠯᠵᠤ᠂ ᠪᠦᠬᠦ ᠤᠯᠤᠰ ᠤᠨ ᠨᠡᠭᠦᠷᠡᠰᠦᠨ ᠤ ᠰᠠᠭᠤᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠳᠤ ᠬᠤᠪᠢ ᠨᠡᠮᠡᠷᠢ ᠦᠵᠡᠭᠦᠯᠬᠦ ︽ᠰᠢᠭᠤᠶᠢᠲᠤ ᠶᠢᠨ | ᠲᠥᠰᠥᠯ︾ ᠬᠠᠩᠭᠠᠪᠠ ᠭᠡᠵᠦ ᠢᠯᠡᠷᠬᠡᠶᠢᠯᠡᠪᠡ᠃ ᠵᠠᠩ ᠰᠢᠶᠤᠤ ᠹᠸᠢ᠂ ᠰᠢᠭᠤᠶᠢᠲᠤ ᠲᠣᠭᠤᠷᠢᠭ ᠢᠮᠠᠭᠲᠠ ︽ | ᠠᠯᠲᠠᠨ ᠮᠧᠳᠠᠯ ᠤᠨ ᠦᠢᠯᠡᠴᠢᠯᠡᠭᠴᠢ︾ ᠪᠣᠯᠵᠣ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠬᠡᠷᠡᠭᠵᠢᠭᠦᠯᠬᠦ ᠳᠤ | ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ︽ᠨᠢᠭᠡ ᠶᠠᠪᠤᠳᠠᠯ ᠨᠢᠭᠡ | ᠲᠤᠰᠬᠠᠶ ᠠᠩᠭᠢ︾ ᠶᠢᠨ ᠠᠬᠢᠭᠤᠯᠬᠤ ᠵᠠᠭᠪᠤᠷ ᠢᠶᠠᠷ ᠮᠡᠷᠭᠡᠵᠢᠯ ᠤᠨ ᠪᠣᠭᠤᠮᠲᠠ ᠰᠢᠪᠲᠤᠯᠬᠤ ᠳᠤ ᠡᠷᠡᠭᠡᠯᠵᠡᠯ ᠥᠬᠡᠶ | ᠵᠣᠪᠠᠨᠢᠯ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠬᠡᠷᠡᠯ ᠬᠢᠯᠪᠠᠭ᠎ᠠ ᠲᠠᠢ ᠪᠣᠯᠭᠠᠨ᠎ᠠ ᠭᠡᠵᠦ ᠢᠯᠡᠳᠬᠡᠪᠡ᠃ | ︽ᠨᠡᠭᠦᠷᠡᠰᠦᠵᠢᠭᠰᠡᠨ ᠰᠢᠭᠠᠷᠤ ᠪᠣᠯ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ | ᠶᠠᠪᠤᠴᠠ ᠳᠤ ᠡᠭᠦᠰᠦᠭᠰᠡᠨ ᠨᠢᠭᠡ ᠵᠦᠢᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠮᠥᠨ᠂ ᠲᠡᠭᠦᠨ ᠢ | ᠰᠢᠢᠳᠪᠦᠷᠢᠯᠡᠬᠦ ᠨᠢ ᠶᠡᠷᠦ ᠠᠴᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠦᠷᠭᠦᠯᠵᠢᠯᠡᠨ | ᠬᠥᠭᠵᠢᠬᠦ ᠶᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠪᠣᠯᠬᠤ ᠬᠦᠴᠢᠷ ᠠᠰᠠᠭᠤᠳᠠᠯ ᠪᠣᠯᠤᠭᠰᠠᠭᠠᠷ ᠢᠷᠡᠵᠡᠶ᠃ | ᠨᠡᠭᠦᠷᠡᠰᠦᠵᠢᠭᠰᠡᠨ ᠰᠢᠭᠠᠷᠤ ᠶᠢ ᠥᠨᠳᠥᠷ ᠪᠦᠲᠦᠮᠵᠢᠲᠡᠶ ᠶᠡᠷᠦᠩᠬᠡᠶᠢᠯᠡᠨ ᠠᠰᠢᠭᠯᠠᠬᠤ ᠪᠣᠯ ᠢᠮᠠᠭᠲᠠ ᠬᠤᠶᠠᠷ | ᠨᠢᠭᠡᠴᠢ ᠶᠢᠨ ᠣᠶᠢᠷ᠎ᠠ ᠶᠢᠨ ᠬᠡᠳᠦᠨ ᠵᠢᠯ ᠤᠨ ᠭᠤᠤᠯᠳᠠᠯᠭ᠎ᠠ ᠲᠠᠢ ᠰᠤᠳᠤᠯᠭᠠᠨ ᠤ ᠬᠦᠷᠢᠶ᠎ᠡ ᠪᠣᠯᠤᠨ᠎ᠠ᠂ ᠨᠢᠭᠡ | ᠲᠠᠯ᠎ᠠ ᠪᠠᠷ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ | ᠠᠭᠤᠷᠬᠠᠶ ᠶᠢᠨ ᠦᠢᠯᠡᠰ ᠬᠢᠭᠡᠳ ᠨᠡᠭᠦᠷᠡᠰᠦᠨ ᠤ ᠳᠡᠭᠡᠳᠦ ᠰᠤᠷᠭᠠᠭᠤᠯᠢ ᠣᠷᠳᠣ ᠬᠤᠭᠤᠴᠠᠭᠠᠨ ᠤ ᠲᠤᠷᠰᠢ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠵᠠᠰᠠᠬᠤ ᠠᠵᠢᠯ ᠢ ᠰᠤᠳᠤᠯᠤᠭᠰᠠᠭᠠᠷ ᠢᠷᠡᠵᠦ᠂ ᠮᠠᠰᠢ ᠶᠡᠭᠡ ᠰᠤᠳᠤᠯᠭᠠᠨ ᠤ ᠦᠷ᠎ᠡ | ᠪᠦᠲᠦᠭᠡᠯ ᠣᠯᠪᠠ︔ ᠨᠥᠭᠦᠭᠡ ᠲᠠᠯ᠎ᠠ ᠪᠠᠷ ᠭᠦᠸᠧ ᠾᠦᠢ ᠵᠢᠶᠧ ᠵᠢᠩ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠣᠨᠴᠠᠭᠠᠶᠢᠯᠠᠨ ᠨᠡᠭᠦᠷᠡᠰᠦᠵᠢᠭᠰᠡᠨ ᠰᠢᠭᠠᠷᠤ ᠶᠢ ᠰᠢᠢᠳᠪᠦᠷᠢᠯᠡᠬᠦ | ᠪᠠ ᠠᠰᠢᠭᠯᠠᠬᠤ ᠲᠠᠯ᠎ᠠ ᠪᠠᠷ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠵᠢᠴᠢ ᠯᠠᠪᠳᠠᠭᠤᠨ ᠪᠠᠲᠤᠲᠠᠶ | ᠲᠤᠷᠰᠢᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠬᠤᠶᠠᠷ ᠨᠢᠭᠡᠴᠢ ᠬᠦᠴᠦ ᠪᠠᠨ ᠬᠠᠮᠲᠤᠳᠬᠠᠨ | ᠬᠠᠮᠲᠤᠷᠠᠯᠴᠠᠬᠤ ᠪᠠᠷ ᠳᠠᠮᠵᠢᠭᠤᠯᠤᠨ᠂ ᠨᠡᠭᠦᠷᠡᠰᠦᠵᠢᠭᠰᠡᠨ ᠰᠢᠭᠠᠷᠤ ᠶᠢ ᠥᠨᠳᠥᠷ ᠪᠦᠲᠦᠮᠵᠢᠲᠡᠶ ᠪᠠᠷ ᠶᠡᠷᠦᠩᠬᠡᠶᠢᠯᠡᠨ | ᠠᠰᠢᠭᠯᠠᠬᠤ ᠲᠥᠷᠥᠯ ᠵᠦᠢᠯ ᠢ ᠯᠠᠪᠲᠠᠶ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠤᠭᠤᠲᠤ ᠬᠤᠲᠠ ᠪᠠ ᠰᠢᠭᠤᠶᠢᠲᠤ | ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠪᠠ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯ ᠳᠤ ᠥᠴᠦᠬᠡᠨ ᠴᠦ ᠭᠡᠰᠡᠨ ᠬᠦᠴᠦᠨ ᠨᠡᠮᠡᠷᠢᠯᠡᠨ᠎ᠡ ᠭᠡᠳᠡᠭ ᠢ | ᠢᠲᠡᠭᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ | ᠰᠤᠷᠭᠠᠭᠤᠯᠢ ᠶᠢᠨ ᠠᠭᠤᠷᠬᠠᠢ ᠶᠢᠨ ᠦᠢᠯᠡᠰ ᠬᠢᠭᠡᠳ ᠨᠡᠭᠦᠷᠡᠰᠦᠨ ᠤ ᠳᠡᠭᠡᠳᠦ ᠰᠤᠷᠭᠠᠭᠤᠯᠢ ᠶᠢᠨ ᠠᠭᠤᠷᠬᠠᠢ ᠶᠢᠨ | ᠦᠢᠯᠡᠰ ᠪᠣᠯᠪᠠᠰᠤᠷᠠᠭᠤᠯᠬᠤ ᠢᠨᠵᠧᠨᠧᠷᠢᠩ ᠤᠨ ᠰᠠᠯᠪᠤᠷᠢ ᠶᠢᠨ ᠡᠷᠬᠢᠯᠡᠭᠴᠢ ᠯᠢ ᠳ᠋ᠠ ᠬᠣ᠋ ᠢᠯᠡᠳᠬᠡᠪᠡ ᠃ | ᠲᠣᠰ ᠤᠳᠠᠭᠠᠨ ᠤ ︽ᠨᠡᠭᠦᠷᠡᠰᠦᠵᠢᠭᠰᠡᠨ ᠰᠢᠭᠠᠷᠤ ᠶᠢ ᠪᠣᠬᠢᠷᠲᠤᠯ ᠥᠬᠡᠶ ᠥᠨᠳᠥᠷ ᠪᠦᠲᠦᠮᠵᠢᠲᠡᠶ ᠪᠠᠷ | ᠨᠡᠭᠦᠷᠡᠰᠦᠲᠥ᠋ᠷᠥᠭᠴᠢ ᠶᠢ ᠳᠡᠭᠡᠭᠰᠢᠯᠡᠭᠦᠯᠬᠦ ᠪᠠ ᠦᠯᠡᠳᠡᠭᠳᠡᠯ ᠬᠦᠳᠡᠷ ᠤᠨ ᠰᠢᠭᠠᠷᠤ ᠶᠢ ᠥᠨᠳᠥᠷ ᠥᠷᠲᠡᠭᠵᠢᠭᠦᠯᠦᠨ | ᠠᠰᠢᠭᠯᠠᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠵᠢᠱᠢᠶ᠎ᠡ ᠦᠵᠡᠭᠦᠯᠬᠦ ᠪᠣᠯᠤᠮᠵᠢᠲᠤ ᠰᠤᠳᠤᠯᠭᠠᠨ ᠤ ᠲᠥᠷᠥᠯ | ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠭᠰᠠᠨ ᠨᠢ ᠰᠤᠷᠭᠠᠭᠤᠯᠢ ᠠᠵᠤ | ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠣᠷᠴᠢᠨ ᠲᠣᠭᠤᠷᠢᠨ ᠢ ᠵᠠᠰᠠᠬᠤ ᠪᠠ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠪᠣᠬᠢᠷᠲᠤᠯ ᠥᠬᠡᠶ | ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠶᠢᠨ ᠲᠦᠯᠦᠭᠡ ᠶᠤᠮ᠂ ᠬᠤᠶᠠᠷ ᠲᠠᠯ᠎ᠠ ᠪᠠᠷ ᠢᠶᠠᠨ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠡᠯᠭᠡ ᠲᠡᠮᠳᠡᠭ ᠪᠣᠯᠬᠤ ᠪᠠᠷ ᠪᠠᠷᠠᠬᠤ ᠥᠬᠡᠶ᠂ ᠨᠠᠩ ᠴᠤ ᠰᠢᠭᠤᠶᠢᠲᠤ | ᠲᠣᠭᠤᠷᠢᠭ ᠤᠨ ︽ᠬᠤᠤᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ | ᠠᠮᠢᠳᠤᠯᠢᠭ ᠦᠢᠯᠡᠳᠦᠯᠭᠡ ᠪᠣᠯᠤᠨ᠎ᠠ᠃ ᠣᠶᠢᠯᠠᠭᠠᠭᠰᠠᠨ ᠢᠶᠠᠷ᠂ ᠰᠢᠭᠤᠶᠢᠲᠤ ᠲᠣᠭᠤᠷᠢᠭ ᠤᠨ 2024 ᠣᠨ ᠳᠤ | ᠭᠠᠵᠠᠷ ᠣᠷᠣᠨ ᠤ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠨᠢ ᠪᠥᠬᠦ ᠬᠤᠲᠠ ᠶᠢᠨ ᠳᠤᠮᠳᠠ | ᠲᠦᠪᠰᠢᠨ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠬᠤ ᠱᠠᠩᠨᠠᠯ ᠤᠨ ᠪᠠᠯᠠ ᠮᠥᠩᠭᠦ ᠠᠳᠠᠯᠢ ᠬᠤᠭᠤᠴᠠᠭᠠᠨ ᠤ ᠬᠢ ᠠᠴᠠ | 481% ᠪᠠᠷ ᠨᠡᠮᠡᠭᠳᠡᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 4 ᠣᠷᠣᠭᠤᠯᠤᠨ | ᠠᠪᠴᠢᠷᠠᠵᠤ᠂ 27 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ︽ᠲᠤᠰᠬᠠᠶ ᠨᠠᠷᠢᠯᠢᠭ ᠦᠪᠡᠷᠮᠢᠴᠡ | ᠰᠢᠨ᠎ᠡ︾ ᠪᠠ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠲᠤ ᠣᠷᠣᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ | 2025 ᠣᠨ ᠳᠤ᠂ ᠰᠢᠭᠤᠶᠢᠲᠤ ᠲᠣᠭᠤᠷᠢᠭ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠬᠡᠪᠴᠢᠶ᠎ᠡ ᠶᠢ ᠥᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠪᠠᠷ | ᠭᠠᠷᠳᠠᠴᠠ ᠪᠣᠯᠭᠠᠵᠤ᠂ ︽ᠲᠦᠷᠪᠡᠨ ᠨᠢᠭᠡ︾ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠠᠭᠤᠰᠤᠯᠴᠠᠭᠤᠯᠤᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ︽ᠬᠠᠮᠤᠭ ᠤᠨ ᠶᠡᠭᠡ ᠬᠠᠮᠲᠤ ᠶᠢᠨ ᠲᠠᠨᠢᠯᠲᠠ︾ ᠠᠴᠠ ︽ᠬᠠᠮᠤᠭ ᠤᠨ ᠬᠦᠴᠦᠷᠬᠡᠭ | ᠠᠵᠢᠯᠯᠠᠭ᠎ᠠ︾ ᠪᠣᠯᠭᠠᠨ᠎ᠠ᠃ | |