ᠳᠡᠭᠡᠳᠦ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ | ᠲᠤᠭᠤᠰᠢᠯᠠᠭᠤᠯᠵᠤ ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠶᠢᠨ ᠲᠣᠭᠲᠠᠯᠴᠠᠭ᠎ᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠠᠵᠢᠯᠲᠠᠨ ᠤ ᠵᠦᠶ ᠵᠣᠬᠢᠰᠲᠠᠶ | ᠣᠨᠣᠰᠢᠯᠠᠨ ᠡᠮᠨᠡᠬᠦ ᠵᠢᠴᠢ ᠰᠦᠢᠳᠭᠡᠯ ᠬᠤᠷᠢᠶᠠᠬᠤ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠠᠮᠤᠷ ᠲᠦᠪᠰᠢᠨ ᠥᠨᠳᠥᠷ ᠪᠦᠲᠦᠮᠵᠢᠲᠡᠶ ᠪᠠᠷ ᠬᠡᠷᠡᠭᠯᠡᠬᠦ ᠶᠢ ᠦᠨᠡᠨ ᠬᠦ | ᠪᠠᠲᠤᠯᠠᠬᠤ ᠶᠢᠨ ᠲᠥᠯᠥᠭᠡ ᠂ 3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠶᠡᠷᠦᠩᠬᠡᠶᠢᠯᠡᠭᠰᠡᠨ ᠣᠨᠣᠰᠢᠯᠠᠨ ᠪᠠᠶᠢᠴᠠᠭᠠᠬᠤ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ | ᠵᠢᠷᠤᠮᠵᠢᠭᠤᠯᠤᠨ ᠲᠣᠬᠢᠷᠠᠭᠤᠯᠬᠤ ᠲᠥᠷᠥᠯ ᠵᠦᠢᠯ ᠤᠨ ᠰᠠᠭᠤᠳᠠᠯ ᠤᠨ ᠬᠤᠷᠠᠯ ᠬᠢᠪᠠ᠃ ᠰᠢᠭᠤᠶᠢᠲᠤ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ | ᠤᠳᠤᠷᠢᠳᠤᠯᠭ᠎ᠠ᠂ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠳᠤᠭᠤᠶᠢᠯᠠᠩ᠂ ᠬᠠᠷᠢᠶ᠎ᠠ ᠲᠣᠭᠤᠷᠢᠭ ᠤᠨ ᠳᠣᠲᠣᠷᠠᠬᠢ | ᠲᠣᠭᠲᠠᠭᠰᠠᠨ ᠴᠡᠭ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ | ᠠᠵᠢᠯᠲᠠᠳ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ ᠪᠤᠭᠤᠲᠤ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ︽ | ᠶᠡᠷᠦᠩᠬᠡᠶᠢᠯᠡᠭᠰᠡᠨ ᠣᠨᠣᠰᠢᠯᠠᠨ ᠪᠠᠶᠢᠴᠠᠭᠠᠬᠤ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ | ᠲᠥᠷᠥᠯ ᠵᠦᠢᠯ ᠢ ᠵᠢᠷᠤᠮᠵᠢᠭᠤᠯᠤᠨ ᠳᠣᠭᠢᠷᠠᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠢ ᠤᠯᠠᠮᠵᠢᠯᠠᠨ | ᠰᠤᠷᠤᠯᠴᠠᠵᠤ᠂ ᠶᠡᠷᠦᠩᠬᠡᠶᠢᠯᠡᠨ ᠣᠨᠣᠰᠢᠯᠠᠨ ᠪᠠᠶᠢᠴᠠᠭᠠᠬᠤ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ | ᠵᠦᠢᠯ ᠤᠨ ᠦᠨ᠎ᠡ ᠬᠠᠩᠰᠢ᠂ ᠰᠦᠢᠳᠬᠡᠯ ᠬᠤᠷᠢᠶᠠᠬᠤ ᠶᠢ ᠵᠣᠭᠰᠣᠭᠠᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠵᠡᠷᠭᠡ ᠠᠭᠤᠯᠭ᠎ᠠ ᠳᠤ ᠭᠤᠤᠯᠳᠠᠯᠭ᠎ᠠ ᠲᠠᠢ ᠨᠠᠷᠢᠨ ᠲᠠᠶᠢᠯᠤᠮᠵᠢ ᠬᠢᠭᠰᠡᠨ ᠪᠥᠭᠡᠳ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠰᠦᠢᠳᠬᠡᠯ ᠬᠤᠷᠢᠶᠠᠬᠤ ᠬᠦᠷᠢᠶ᠎ᠡ | ᠬᠡᠪᠴᠢᠶ᠎ᠡ᠂ ᠦᠨ᠎ᠡ ᠬᠠᠩᠰᠢ᠂ ᠳ᠋ᠤᠭᠠᠷᠯᠠᠯ ᠵᠡᠷᠭᠡ ᠰᠡᠵᠢᠭ ᠲᠠᠢ ᠬᠡᠰᠡᠭ ᠲᠤ ᠭᠤᠤᠯᠳᠠᠯᠭ᠎ᠠ ᠲᠠᠢ ᠬᠠᠷᠢᠭᠤᠯᠲᠠ | ᠥᠭᠪᠡ᠃ ᠬᠤᠷᠠᠯ ᠠᠴᠠ ᠂ ᠡᠮᠴᠢᠯᠡᠭᠡᠨ ᠤ ᠪᠠᠶᠢᠭᠤᠯᠤᠮᠵᠢ ᠶᠡᠷᠦᠩᠬᠡᠶᠢᠯᠡᠭᠰᠡᠨ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠡᠪᠡᠳᠴᠢᠲᠡᠨ ᠳᠤ ᠤᠬᠠᠭᠤᠯᠤᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ | ᠭᠡᠵᠦ ᠵᠢᠭᠠᠵᠤ ᠭᠠᠷᠭᠠᠪᠠ ᠃ | ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ᠠᠷᠠᠳ ᠤᠨ ᠲᠦᠯᠦᠭᠡ ᠵᠢᠳᠬᠦᠵᠦ ᠂ | ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠵᠢᠷᠤᠮᠵᠢᠭᠤᠯᠤᠨ ᠵᠠᠰᠠᠬᠤ ᠠᠵᠢᠯ ᠤᠨ ᠪᠠᠷᠢᠮᠵᠢᠶ᠎ᠠ ᠶᠢ | ᠦᠷᠭᠦᠯᠵᠢᠯᠡᠨ ᠳᠡᠭᠡᠭᠰᠢᠯᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠨᠢᠭᠲᠠ ᠮᠥᠷᠳᠡᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠵᠢᠷᠤᠮᠵᠢᠭᠤᠯᠤᠨ ᠬᠢᠨᠠᠨ | ᠬᠠᠮᠢᠶᠠᠷᠬᠤ ᠰᠢᠨ᠎ᠡ ᠪᠠᠶᠢᠳᠠᠯ ᠢ ᠴᠢᠷᠮᠠᠶᠢᠨ ᠪᠡᠶᠡᠯᠡᠭᠦᠯᠦᠨ᠎ᠡ᠃ | |