ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/10
        4 ᠳ᠋ᠦ᠋ᠭᠡᠷ ᠰᠠᠷ᠎ᠠ ᠶᠢᠨ 1 ᠤ ᠡᠳᠦᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠰᠢᠶᠦ᠋ᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠶᠦᠩ ᠵᠧᠨ ᠬᠤᠷᠠᠯ ᠳᠤ ᠣᠷᠣᠯᠴᠠᠪᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠤᠢᠢᠷ᠎ᠠ ᠶᠢᠨ ᠵᠢᠯ ᠠᠴᠠ᠂ ᠲᠣᠭᠤᠷᠢᠨ ᠪᠠᠶᠢᠴᠠᠭᠠᠬᠤ ᠠᠵᠢᠯ ᠨᠢ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠲᠤᠭᠤᠰᠢᠯᠠᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠬᠢᠵᠠᠭᠠᠷᠯᠠᠵᠤ ᠪᠠᠶᠢᠭ᠎ᠠ ᠨᠢᠭᠡ ᠪᠦᠯᠦᠭ ᠲᠤᠪᠤᠶᠢᠮ᠎ᠠ ᠠᠰᠠᠭᠤᠳᠠᠯ ᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠶᠢ ᠠᠬᠢᠭᠤᠯᠪᠠ ᠂ ᠡᠭᠦᠨ ᠤ ᠬᠠᠮᠲᠤ ᠲᠣᠭᠤᠷᠢᠨ ᠪᠠᠶᠢᠴᠠᠭᠠᠬᠤ ᠠᠵᠢᠯ ᠤᠨ ᠠᠮᠵᠢᠯᠲᠠ ᠪᠣᠯᠤᠨ ᠬᠦᠷᠦᠯᠴᠡᠬᠦ ᠦᠭᠡᠢ ᠲᠠᠯ᠎ᠠ ᠳᠤ ᠴᠤ ᠵᠥᠪ ᠢᠶᠠᠷ ᠬᠠᠨᠳᠤᠵᠤ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠵᠢᠮ᠎ᠡ ᠶᠣᠰᠣᠨ ᠤ ᠣᠨᠴᠠᠯᠢᠭ ᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠤᠪᠴᠢᠲᠠᠢ ᠪᠣᠯᠭᠠᠬᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠬᠢᠨᠠᠯᠲᠠ ᠲᠠᠯᠪᠢᠬᠤ ᠭᠤᠣᠯᠳᠠᠯᠭ᠎ᠠ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ︽ᠶᠢᠰᠦᠨ ᠵᠦᠢᠯ ᠤᠨ ᠠᠵᠢᠯᠯᠠᠭ᠎ᠠ︾ ᠪᠣᠯᠤᠨ ᠵᠠᠰᠠᠭ ᠤᠨ ᠣᠷᠳᠣᠨ ᠤ ︽ᠲᠠᠪᠤᠨ ᠲᠠᠯ᠎ᠠ ᠶᠢᠨ ᠰᠢᠪᠲᠤᠯᠤᠯᠲᠠ︾ ᠶᠢᠨ ᠡᠯ᠎ᠡ ᠵᠦᠢᠯ ᠤᠨ ᠡᠭᠦᠷᠭᠡ ᠶᠢᠨ ᠲᠣᠭᠤᠷᠢᠨ ᠳᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠪᠣᠯᠤᠨ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠵᠥᠷᠢᠶ᠎ᠡ ᠶᠢ ᠭᠦᠨᠵᠡᠭᠡᠢ ᠡᠷᠢᠬᠦ ᠬᠡᠷᠡᠭᠲᠡᠢ᠃ ᠡᠭᠦᠨ ᠤ ᠬᠠᠮᠲᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠲᠤᠭᠤᠰᠢᠯᠠᠭᠤᠯᠬᠤ ᠶᠢ ᠲᠣᠭᠤᠷᠢᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ  ᠬᠡᠷᠡᠭᠲᠡᠢ ᠭᠡᠵᠦ ᠴᠢᠬᠤᠯᠠᠴᠢᠯᠠᠪᠠ ᠃        ᠬᠤᠷᠠᠯ ᠠᠴᠠ᠂ ︽ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ︾ ᠶᠢᠨ ᠭᠤᠣᠯ ᠡᠭᠦᠷᠭᠡ ᠴᠢᠳᠠᠪᠬᠢ ᠶᠢᠨ ᠲᠣᠭᠤᠷᠢᠨ ᠳᠤ᠂ ᠲᠣᠭᠤᠷᠢᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠲᠤᠪᠤᠶᠢᠯᠭᠠᠵᠦ᠂ ᠰᠠᠬᠢᠯᠭ᠎ᠠ ᠪᠠᠲᠤ ᠶᠢᠨ ᠲᠣᠭᠤᠷᠢᠨ ᠪᠠᠶᠢᠴᠠᠭᠠᠯᠲᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠬᠤᠯᠠᠴᠢᠯᠠᠵᠤ᠂ ᠠᠰᠠᠭᠤᠳᠠᠯ ᠤᠨ ᠰᠦᠪᠡᠭᠴᠢ ᠶᠢ ᠭᠦᠨᠵᠡᠭᠡᠢ ᠪᠠᠶᠢᠴᠠᠭᠠᠵᠤ ᠲᠦᠢᠯᠪᠤᠷᠢᠲᠠᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠴᠠᠭᠳᠠᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠺᠠᠳ᠋ᠷ ᠤᠨ ᠤᠯᠤᠰ ᠲᠦᠷᠦ ᠶᠢᠨ ᠬᠡᠪ ᠪᠣᠯᠪᠠᠰᠤᠷᠠᠯ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠰᠢᠯᠢᠳᠡᠭ ᠴᠠᠭᠳᠠᠨ ᠪᠠᠶᠢᠴᠠᠭᠠᠬᠤ ᠺᠠᠳ᠋ᠷ ᠢ ᠪᠠᠲᠤᠯᠠᠨ ᠲᠠᠨᠢᠯᠴᠠᠭᠤᠯᠵᠤ ᠬᠥᠮᠦᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号