ᠬᠤᠲᠠ ᠶᠢᠨ ᠵᠡᠭᠡᠯᠢ ᠭᠤᠳᠤᠮᠵᠢ ᠳᠤ ᠬᠡᠵᠢᠶᠡᠳᠡ ᠳᠤᠯᠠᠭᠠᠬᠠᠨ ᠭᠱᠠᠨ ᠵᠠᠭᠤᠷ᠎ᠠ ᠨᠠᠷᠠᠨ ᠤ ᠭᠡᠷᠡᠯ ᠮᠡᠲᠦ | ᠮᠠᠨ ᠤ ᠠᠮᠢᠳᠤᠷᠠᠯ ᠢ ᠭᠡᠷᠡᠯᠲᠦᠭᠦᠯᠵᠦ ᠪᠠᠢᠳᠠᠭ᠃ ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠶᠢᠨ | ᠵᠡᠮᠳᠡᠭᠴᠦᠳ ᠤᠨ ᠲᠤᠰᠬᠠᠢ ᠵᠥᠪᠯᠡᠯ ᠵᠡᠮᠳᠡᠭᠴᠦᠳ ᠤᠨ ᠦᠰᠦ ᠵᠠᠰᠠᠬᠤ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠢᠭᠤᠯᠤᠨ ᠥᠷᠨᠢᠭᠦᠯᠪᠡ᠃ | ᠬᠦᠳᠡᠯᠭᠡᠭᠡᠨ ᠤ ᠲᠤᠬᠠᠶ ᠶᠢᠨ ᠡᠳᠦᠷ᠂ ᠠᠭᠤᠷ ᠠᠮᠢᠰᠬᠤᠯ ᠴᠡᠯᠮᠡᠭ᠂ ᠦᠰᠦ ᠵᠠᠰᠠᠭᠴᠢ ᠶᠢᠨ ᠠᠷᠭ᠎ᠠ | ᠠᠪᠴᠢᠯ ᠨᠢ ᠪᠣᠯᠪᠠᠰᠤᠷᠠᠩᠭᠤᠶ ᠪᠥᠭᠡᠳ ᠬᠤᠷᠴᠠ ᠱᠠᠯᠠᠮᠠᠭᠠᠢ᠂ ᠲᠦᠯᠬᠢᠭᠡ ᠬᠢᠲᠤᠭ᠎ᠠ᠂ ᠬᠠᠶᠢᠴᠢ ᠭᠠᠷ ᠲᠤ ᠨᠢ | ᠠᠮᠢᠳᠤᠯᠢᠭ ᠪᠥᠵᠢᠭᠯᠡᠵᠦ᠂ ᠤᠳᠠᠯ ᠦᠭᠡᠢ ᠡᠷᠦᠢ ᠬᠤᠷᠤᠢ ᠦᠭᠡᠢ ᠦᠰᠦ ᠨᠢ ᠲᠡᠷᠢ ᠲᠡᠭᠰᠢ ᠪᠣᠯᠵᠤ᠂ ᠣᠶᠤᠨ | ᠰᠠᠨᠠᠭᠠᠨ ᠤ ᠳᠦᠷᠰᠦ ᠪᠠᠶᠢᠳᠠᠯ ᠴᠤ ᠰᠢᠨ᠎ᠡ ᠪᠣᠯᠪᠠ᠃ ᠦᠰᠦ ᠵᠠᠰᠠᠬᠤ ᠶᠠᠪᠤᠴᠠ ᠳᠤ᠂ ᠦᠰᠦ ᠵᠠᠰᠠᠭᠴᠢ ᠪᠠᠰᠠ | ᠵᠡᠮᠳᠡᠭ ᠨᠠᠶᠢᠵᠠ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠬᠠᠯᠠᠭᠤᠨ | ᠳᠤᠯᠠᠭᠠᠨ ᠦᠭᠡ ᠪᠠᠷ ᠵᠣᠷᠢᠭᠵᠢᠭᠤᠯᠤᠯ ᠪᠠ ᠳᠡᠮᠵᠢᠯᠭᠡ ᠦᠵᠡᠭᠦᠯᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ | ᠬᠠᠯᠠᠭᠤᠨ ᠳᠤᠯᠠᠭᠠᠨ ᠪᠥᠭᠡᠳ ᠠᠭᠤᠵᠢᠭᠤ ᠪᠠᠶᠢᠪᠠ ᠃ | | ᠠᠯᠪᠠᠨ ᠵᠢᠷᠤᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠨᠢᠭᠡ ᠤᠳᠠᠭᠠᠨ ᠤ | ᠳᠥᠭᠦᠮᠬᠡᠨ ᠦᠰᠦ ᠵᠠᠰᠠᠬᠤ ᠦᠢᠯᠡᠴᠢᠯᠡᠭᠡ ᠪᠣᠯᠬᠤ ᠪᠠᠷ ᠪᠠᠷᠠᠬᠤ ᠦᠭᠡᠢ᠂ ᠨᠡᠩ ᠴᠤ ᠸᠧᠨ ᠰᠢᠨ ᠵᠢᠶᠠ ᠶᠤᠸᠠᠨ | ᠪᠣᠯᠤᠨ ᠵᠡᠮᠳᠡᠭᠴᠦᠳ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭᠠᠨ ᠤ ᠬᠥᠭᠦᠷᠭᠡ ᠪᠣᠯᠤᠨ᠎ᠠ᠂ ᠦᠰᠦ | ᠵᠠᠰᠠᠬᠤ ᠶᠢᠨ ᠬᠠᠮᠲᠤ ᠠᠵᠢᠯᠲᠠᠳ ᠪᠠᠰᠠ ᠤᠯᠤᠰ ᠤᠨ ᠵᠡᠮᠳᠡᠭᠴᠦᠳ ᠲᠤ ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠵᠢᠴᠢ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠦᠢᠯᠡᠴᠢᠯᠡᠭᠡ ᠶᠢ ᠤᠬᠠᠭᠤᠯᠵᠤ᠂ ᠨᠡᠩ | ᠤᠯᠠᠨ ᠬᠥᠮᠦᠰ ᠲᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠵᠦ᠂ ᠭᠡᠷ | ᠣᠷᠣᠨ ᠢᠶᠠᠨ ᠨᠡᠩ ᠬᠠᠶᠢᠷ᠎ᠠ ᠰᠡᠳᠬᠢᠯᠭᠡ ᠲᠠᠢ ᠪᠣᠯᠭᠠᠪᠠ᠃ | |