ᠰᠢᠭᠤᠶᠢᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠤᠮᠠᠷᠠᠲᠤ ᠬᠢᠯᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/11
        ᠬᠢᠲᠠᠳ ᠡᠮ ᠡᠮᠨᠡᠯᠭᠡ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠡᠲᠦ ᠡᠷᠳᠡᠨᠢ ᠶᠢ ᠤᠯᠠᠮᠵᠢᠯᠠᠨ ᠵᠠᠯᠭᠠᠮᠵᠢᠯᠠᠵᠤ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠠᠷᠭ᠎ᠠ ᠪᠠᠷᠢᠯ ᠢᠶᠠᠷ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂  3 ᠳ᠋ᠤᠭᠠᠷ ᠰᠠᠷ᠎ᠠ ᠶᠢᠨ 14 ᠤ ᠡᠳᠦᠷ᠂ ᠰᠢᠭᠤᠶᠢᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠱᠧᠨ ᠪᠦᠦ ᠨᠡᠶᠢᠭᠡᠮ ᠲᠣᠭᠤᠷᠢᠭ ᠲᠤ ᠬᠦᠷᠴᠦ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠤᠮᠠᠷᠠᠲᠤ ᠬᠢᠯᠢ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ︾ ᠥᠷᠨᠢᠭᠦᠯᠪᠡ᠃
图片5.png
        ᠠᠯᠪᠠᠨ ᠵᠢᠷᠤᠮ ᠤᠨ ᠡᠮᠴᠢᠯᠡᠭᠡᠨ ᠤ ᠲᠤᠬᠠᠶ ᠶᠢᠨ ᠲᠠᠯᠠᠪᠠᠶ ᠳᠤ᠂ ᠬᠢᠲᠠᠳ ᠡᠮᠨᠡᠯᠭᠡ ᠶᠢᠨ ᠡᠮᠴᠢ ᠨᠠᠷ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠵᠥᠪᠯᠡᠯᠭᠡ ᠥᠭᠬᠦ᠂ ᠰᠤᠳᠠᠯ ᠤᠨ ᠡᠮᠴᠢᠯᠡᠭᠡ ᠬᠢᠬᠦ᠂ ᠢᠯᠢᠵᠦ ᠪᠠᠷᠢᠬᠤ ᠵᠡᠷᠭᠡ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠢ ᠦᠨᠳᠦᠰᠦᠯᠡᠨ᠂ ᠥᠪᠡᠷᠮᠢᠴᠡ ᠡᠷᠡᠭᠦᠯ ᠮᠡᠨᠳᠦ ᠶᠢᠨ ᠰᠠᠨᠠᠭᠤᠯᠭ᠎ᠠ ᠪᠠ ᠡᠮᠴᠢᠯᠡᠭᠡᠨ ᠤ ᠲᠥᠰᠦᠯ ᠬᠠᠩᠭᠠᠵᠤ᠂ ᠣᠯᠠᠨ ᠢ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ᠂ ᠡᠷᠡᠭᠦᠯ ᠰᠠᠷᠠᠭᠤᠯ ᠢᠳᠡᠭᠡᠨ ᠤᠮᠳᠠᠭᠠᠨ ᠤ ᠠᠷᠭ᠎ᠠ ᠮᠠᠶ᠋ᠢᠭ ᠲᠠᠢ ᠪᠣᠯᠬᠤ ᠬᠡᠷᠡᠭᠲᠡᠶ ᠭᠡᠵᠦ ᠵᠠᠬᠢᠪᠠ᠃ ᠡᠭᠦᠨ ᠤ ᠬᠠᠮᠲᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠡᠷᠡᠭᠦᠯ ᠮᠡᠨᠳᠦ ᠶᠢᠨ ᠬᠥᠮᠦᠵᠢᠯ ᠤᠨ ᠵᠢᠯᠣᠭᠤᠳᠬᠤ ᠲᠤᠰᠬᠠᠶ ᠣᠷᠣᠨ ᠭᠠᠷᠭᠠᠵᠤ᠂ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠲᠤ ᠡᠯ᠎ᠡ ᠲᠥᠷᠥᠯ ᠤᠨ ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠬᠠᠩᠭᠠᠪᠠ᠂ ᠠᠭᠤᠯᠭ᠎ᠠ ᠨᠢ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ᠂ ᠡᠪᠡᠳᠴᠢᠨ ᠡᠮᠭᠡᠭ ᠢ ᠲᠦᠭᠡᠮᠡᠯᠵᠢᠭᠦᠯᠬᠦ᠂ ᠰᠡᠳᠬᠢᠴᠡ ᠶᠢᠨ ᠡᠷᠡᠭᠦᠯ ᠮᠡᠨᠳᠦ᠂ ᠰᠦᠷᠢᠶ᠎ᠡ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠣᠯᠠᠨ ᠲᠠᠯ᠎ᠠ ᠶᠢᠬᠠᠮᠤᠷᠴᠤ᠂ ᠡᠮᠨᠡᠯᠭᠡ ᠶᠢᠨ ᠠᠵᠢᠯᠲᠠᠳ ᠣᠨᠴᠠᠭᠠᠶᠢᠯᠠᠨ ᠤᠳᠠᠭᠠᠨ ᠴᠢᠨᠠᠷᠲᠠᠶ ᠡᠪᠡᠳᠴᠢᠨ ᠡᠮᠭᠡᠭ ᠲᠤ ᠨᠡᠷᠪᠡᠭᠳᠡᠭᠰᠡᠨ ᠰᠠᠭᠤᠭᠠᠯᠢ ᠠᠷᠠᠳ ᠲᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠭᠤᠤᠯᠳᠠᠯᠭ᠎ᠠ ᠶᠢ ᠨᠠᠷᠢᠨ ᠲᠠᠶᠢᠯᠪᠤᠷᠢᠯᠠᠵᠤ᠂ ᠲᠡᠳᠡᠨ ᠳᠤ ᠴᠠᠭ ᠲᠤᠬᠠᠶ ᠳᠤ ᠪᠠᠨ ᠡᠮ ᠣᠣᠭᠤᠵᠤ ᠂ ᠲᠣᠭᠲᠠᠮᠠᠯ ᠬᠤᠭᠤᠴᠠᠭ᠎ᠠ ᠲᠠᠢ ᠪᠠᠷ ᠳᠠᠪᠲᠠᠨ ᠪᠠᠶᠢᠴᠠᠭᠠᠯᠲᠠ ᠬᠢᠬᠦ ᠶᠢ ᠰᠠᠨᠠᠭᠤᠯᠬᠤ ᠶᠢᠨ ᠬᠠᠮᠲᠤ ᠢᠳᠡᠪᠬᠢᠲᠡᠶ ᠪᠠᠶᠠᠰᠤᠩᠭᠤᠶ ᠣᠪᠣᠷ ᠡᠪᠡᠳᠴᠢᠨ ᠡᠮᠭᠡᠭ ᠢ  ᠡᠮᠴᠢᠯᠡᠭᠡ ᠳᠤ ᠦᠵᠡᠭᠦᠯᠬᠦ ᠴᠢᠬᠤᠯᠠ ᠴᠢᠨᠠᠷ ᠢ ᠴᠢᠬᠤᠯᠠᠴᠢᠯᠠᠪᠠ ᠃        ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ᠂ ᠳᠥᠭᠦᠮ ᠳᠥᠲᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ  ᠤ ᠲᠥᠪ ᠠᠴᠠ ︽ᠠᠮᠤᠷ ᠲᠦᠪᠰᠢᠨ᠂ ᠪᠦᠲᠦᠮᠵᠢᠲᠡᠶ᠂ ᠠᠵᠤ ᠠᠬᠤᠶ᠂ ᠲᠥᠬᠦᠮ᠂ ᠶᠡᠷᠦᠩᠬᠡᠶᠢᠯᠡᠭᠰᠡᠨ᠂ ᠦᠷᠭᠦᠯᠵᠢᠯᠡᠬᠦ ᠵᠢᠷᠭᠤᠭ᠎ᠠ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠪᠠᠷᠢᠮᠲᠠᠯᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ︽ᠡᠭᠦᠳᠡ ᠰᠠᠬᠢᠭᠴᠢ︾ ᠶᠢ ᠰᠠᠶᠢᠲᠤᠷ ᠬᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号