ᠨᠠᠮ ᠤᠨ ᠪᠠᠶᠢᠭᠤᠯᠤᠯᠲᠠ ᠪᠣᠯ ᠬᠥᠭᠵᠢᠯᠲᠡ ᠶᠢ ᠬᠦᠳᠦᠯᠦᠨ ᠳᠠᠭᠠᠭᠤᠯᠬᠤ ᠠᠶᠠᠯᠠᠯ ᠤᠨ ᠲᠡᠮᠳᠡᠭ ᠮᠥᠨ︔ | ᠠᠷᠠᠳ ᠤᠨ ᠠᠮᠢᠳᠤᠷᠠᠯ ᠪᠣᠯ ᠠᠷᠠᠳ ᠤᠨ ᠰᠡᠳᠬᠢᠯ ᠳᠤ ᠬᠤᠯᠪᠣᠭᠳᠠᠬᠤ ᠰᠠᠭᠤᠷᠢ ᠮᠥᠨ᠃ ᠰᠢᠨ ᠸᠠᠩ ᠨᠡᠶᠢᠭᠡᠮ | ᠲᠣᠭᠤᠷᠢᠭ ᠤᠨ ᠨᠠᠮ ᠤᠨ ᠡᠭᠦᠷ ᠨᠢ ᠢᠮᠠᠭᠲᠠ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠵᠤ ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠᠷ ᠠᠷᠠᠳ ᠤᠨ ᠠᠮᠢᠳᠤᠷᠠᠯ ᠳᠤ ᠦᠢᠯᠡᠴᠢᠯᠡᠬᠦ | ᠣᠶᠢᠯᠠᠭᠠᠭᠳᠠᠬᠤᠨ ᠢᠶᠠᠷ ᠂ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ | ᠬᠦᠷᠲᠡᠭᠡᠬᠦ ᠪᠠᠷ ᠴᠢᠷᠮᠠᠶᠢᠨ᠎ᠠ᠃ | ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠵᠤ᠂ ᠴᠢᠭᠯᠡᠯ ᠢ ᠲᠣᠳᠤᠷᠬᠠᠶᠢᠯᠠᠨ᠎ᠠ | ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠳᠤᠷᠢᠳᠬᠤ ᠭᠤᠣᠯᠯᠠᠭᠴᠢ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠴᠢᠬᠤᠯᠠ ᠠᠭᠤᠯᠭ᠎ᠠ ᠶᠢᠨ ᠨᠢᠭᠡ | ᠪᠣᠯᠭᠠᠪᠠ ᠃ ᠨᠠᠮ ᠤᠨ ᠡᠭᠦᠷ ᠤᠨ ᠬᠤᠷᠠᠯ᠂ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠴᠢᠭᠯᠡᠯ ᠪᠠ ᠬᠠᠷᠠᠯᠲᠠ ᠶᠢ | ᠲᠣᠳᠣᠷᠬᠠᠶᠢᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠢᠮᠠᠭᠲᠠ ᠨᠠᠮ ᠤᠨ ᠴᠢᠭᠯᠡᠯᠲᠡ ᠲᠥᠷᠥ ᠶᠢᠨ | ᠪᠣᠳᠣᠯᠭ᠎ᠠ ᠲᠠᠢ ᠨᠢᠭᠡᠳᠦᠯᠲᠡᠶ ᠪᠠᠶᠢᠯᠭᠠᠬᠤ ᠶᠢ ᠪᠠᠲᠤᠯᠠᠪᠠ ᠃ ᠡᠭᠦᠨ ᠤ ᠬᠠᠮᠲᠤ᠂ ᠨᠠᠮ ᠤᠨ ᠡᠭᠦᠷ ᠪᠠᠰᠠ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠬᠤ ᠪᠠ ᠵᠢᠯᠣᠭᠤᠳᠬᠤ ᠪᠠᠨ ᠴᠢᠩᠭᠠᠳᠬᠠᠵᠤ᠂ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠳᠤ ᠦᠨᠡᠨ ᠬᠦ ᠠᠰᠢᠭ ᠬᠦᠷᠲᠡᠭᠡᠪᠡ᠃ | | ᠨᠠᠮ ᠤᠨ ᠭᠡᠰᠢᠭᠦᠳ ᠤᠷᠢᠳ ᠢᠶᠠᠷ ᠬᠢᠵᠦ ᠣᠯᠠᠨ ᠲᠦᠮᠡᠨ ᠳᠤ ᠦᠢᠯᠡᠴᠢᠯᠡᠨ᠎ᠡ | ᠨᠠᠮ ᠤᠨ ᠭᠡᠰᠢᠭᠦᠨ ᠪᠣᠯ ᠨᠠᠮ ᠤᠨ ᠠᠮᠢᠵᠢᠷᠠᠯ ᠤᠨ ᠬᠦᠴᠦᠨ ᠤ ᠡᠬᠢ ᠪᠤᠯᠠᠭ᠂ ᠪᠡᠶ᠎ᠡ ᠴᠣᠭᠴᠠ ᠶᠢᠨ ᠡᠰ | ᠮᠥᠨ᠂ ᠤᠯᠠᠨ ᠲᠦᠮᠡᠨ ᠳᠤ ᠦᠢᠯᠡᠴᠢᠯᠡᠬᠦ ᠲᠤᠯᠭᠠᠭᠤᠷᠢ ᠬᠦᠴᠦᠨ ᠮᠥᠨ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠠᠵᠢᠯ ᠤᠨ ᠳᠤᠮᠳᠠ᠂ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠵᠢᠱᠢᠶᠡᠴᠢ | ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠶᠠᠳᠠᠭᠤ ᠬᠦᠴᠢᠷᠳᠡᠯᠲᠡᠢ ᠭᠡᠷ | ᠪᠦᠯᠢ ᠳᠤ ᠭᠦᠨᠵᠡᠭᠡᠶᠢᠷᠡᠵᠦ᠂ ᠲᠡᠳᠡᠨ ᠤ ᠪᠣᠳᠠᠲᠤ ᠪᠠᠶᠢᠳᠠᠯ ᠪᠣᠯᠤᠨ ᠬᠡᠷᠡᠭᠴᠡᠭᠡ ᠶᠢ ᠣᠶᠢᠯᠠᠭᠠᠪᠠ ᠃ ᠡᠷᠬᠢᠨ ᠦᠵᠡᠵᠦ | ᠲᠣᠬᠤᠨᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠦᠴᠢᠷᠳᠡᠯᠲᠡᠶ | ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠪᠡ᠃ ᠨᠠᠮ ᠤᠨ ᠭᠡᠰᠢᠭᠦᠳ ᠤᠨ ᠤᠷᠢᠳᠠᠪᠠᠷ | ᠬᠦᠳᠡᠯᠦᠯᠴᠡᠭᠰᠡᠨ ᠨᠢ ᠨᠡᠶᠢᠭᠡᠮ ᠲᠣᠭᠤᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠭᠦᠨᠵᠡᠭᠡᠶᠢᠷᠡᠨ | ᠥᠷᠨᠢᠬᠦ ᠶᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ᠃ | ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠵᠤ᠂ ᠪᠤᠳᠠᠳᠤ ᠦᠷ᠎ᠡ ᠪᠦᠳᠦᠮᠵᠢ ᠢᠯᠡᠷᠬᠡᠢ | ᠨᠠᠮ ᠤᠨ ᠳᠠᠭᠠᠭᠤᠯᠭ᠎ᠠ ᠳᠣᠣᠷ᠎ᠠ᠂ ᠰᠢᠨ ᠸᠠᠩ ᠨᠡᠶᠢᠭᠡᠮ ᠲᠣᠭᠤᠷᠢᠭ ᠤᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠠᠵᠢᠯ ᠢᠯᠡᠳᠲᠡ ᠪᠣᠳᠠᠲᠤ ᠦᠷ᠎ᠡ ᠪᠦᠲᠦᠮᠵᠢ ᠣᠯᠪᠠ ᠃ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠢ ᠪᠠᠲᠤᠯᠠᠵᠤ᠂ ᠲᠡᠳᠡᠨ ᠤ ᠠᠮᠢᠳᠤᠷᠠᠯ ᠤᠨ ᠴᠢᠨᠠᠷ ᠴᠢᠨᠰᠠᠭ᠎ᠠ | ᠢᠯᠡᠳᠲᠡ ᠳᠡᠭᠡᠭᠰᠢᠯᠡᠪᠡ᠃ ᠡᠭᠦᠨ ᠤ ᠬᠠᠮᠲᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ | ᠥᠷᠨᠢᠭᠦᠯᠦᠭᠰᠡᠨ ᠨᠢ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ᠂ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠪᠡ᠃ ᠨᠠᠮ ᠤᠨ | ᠭᠡᠰᠢᠭᠦᠳ ᠤᠨ ᠳᠣᠲᠣᠨᠣ ᠦᠢᠯᠡᠴᠢᠯᠡᠭᠡ ᠨᠢ ᠬᠦᠴᠢᠷᠳᠡᠯᠲᠡᠶ ᠣᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ | ᠬᠦᠷᠲᠡᠭᠡᠭᠰᠡᠨ ᠪᠥᠭᠡᠳ ᠲᠡᠳᠡᠨ ᠤ ᠨᠠᠮ ᠢᠶᠠᠨ ᠢᠲᠡᠭᠡᠵᠦ ᠬᠦᠷᠢᠶᠡᠯᠡᠬᠦ ᠶᠢ ᠤᠯᠠᠮ ᠨᠢᠭᠡ ᠠᠯᠬᠤᠮ ᠴᠢᠩᠭᠠᠳᠬᠠᠪᠠ᠃ | ᠭᠠᠭᠴᠠ ᠬᠦ ᠨᠠᠮ ᠤᠨ ᠤᠳᠤᠷᠢᠳᠤᠯᠭ᠎ᠠ ᠶᠢ ᠪᠠᠷᠢᠮᠲᠠᠯᠠᠪᠠᠯ ᠰᠠᠶ᠋ᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠠᠵᠢᠯ ᠤᠨ ᠵᠥᠪ ᠴᠢᠭᠯᠡᠯ ᠢ ᠪᠠᠲᠤᠯᠠᠵᠤ ᠴᠢᠳᠠᠨ᠎ᠠ ︔ ᠭᠠᠭᠴᠠ ᠬᠦ ᠨᠠᠮ ᠤᠨ ᠭᠡᠰᠢᠭᠦᠨ ᠤ ᠵᠢᠱᠢᠶᠡᠴᠢ | ᠳᠠᠭᠠᠭᠤᠯᠬᠤ ᠦᠢᠯᠡᠳᠦᠯ ᠢ ᠪᠠᠳᠠᠷᠠᠭᠤᠯᠪᠠᠯ ᠰᠠᠶ᠋ᠢ ᠤᠯᠠᠨ ᠲᠦᠮᠡᠨ ᠳᠤ ᠭᠦᠨᠵᠡᠭᠡᠢ ᠦᠢᠯᠡᠴᠢᠯᠡᠵᠦ ᠴᠢᠳᠠᠨ᠎ᠠ︔ | ᠭᠠᠭᠴᠠ ᠬᠦ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠪᠡᠯ ᠰᠠᠶ᠋ᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠨ᠎ᠠ᠃ ᠲᠠᠷᠠᠭᠠᠴᠢ ᠶᠢᠨ | ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ︽ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠵᠤ ᠂ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠᠷ ᠠᠷᠠᠳ ᠤᠨ ᠠᠮᠢᠳᠤᠷᠠᠯ ᠳᠤ ᠦᠢᠯᠡᠴᠢᠯᠡᠬᠦ ︾ | ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ | ᠲᠠᠰᠤᠷᠠᠯᠲᠠ ᠥᠬᠡᠶ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠴᠦ᠂ ᠬᠦᠴᠢᠷᠳᠡᠯᠲᠡᠶ ᠣᠯᠠᠨ ᠲᠦᠮᠡᠨ ᠤ ᠨᠠᠩ | ᠰᠠᠶᠢᠨ ᠰᠠᠶᠢᠬᠠᠨ ᠠᠮᠢᠳᠤᠷᠠᠯ ᠤᠨ ᠵᠠᠮ ᠢ ᠬᠡᠷᠡᠯᠳᠦᠬᠦᠯᠬᠦ ᠪᠤᠯᠤᠨ᠎ᠠ᠃ | |