ᠰᠢᠭᠤᠶᠢᠲᠤ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ᠄ ︽ᠭᠤᠷᠪᠠᠨ ᠪᠣᠳᠠᠲᠠᠶ︾ ᠶᠡᠷᠦᠩᠬᠡᠶᠢᠯᠡᠨ ᠵᠠᠰᠠᠬᠤ ᠴᠣᠭᠴᠠ ᠶᠢ ᠪᠠᠶᠢᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠡᠪ ᠵᠠᠭᠪᠤᠷ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2025/4/11
        ᠰᠢᠭᠤᠶᠢᠲᠤ ᠲᠣᠭᠤᠷᠢᠭ ᠨᠢ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠬᠠᠷᠠᠯᠲᠠ ᠶᠢ ᠲᠣᠭᠲᠠᠭᠠᠵᠤ᠂ ︽ᠰᠢᠭᠤᠶᠢᠲᠤ ᠶᠢᠨ ᠰᠡᠳᠬᠢᠯ ᠦᠨᠡᠨ ᠰᠠᠨᠠᠭ᠎ᠠ︾ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ︽ᠹᠧᠩ ᠴᠢᠶᠣᠤ ᠶᠢᠨ ᠲᠤᠷᠰᠢᠯᠭ᠎ᠠ︾ ᠶᠢᠨ ᠨᠠᠷᠠᠲᠤ ᠲᠡᠮᠳᠡᠭ ᠢ ᠡᠭᠦᠳᠬᠦ ᠪᠠᠷ ᠭᠠᠷᠳᠠᠴᠠ ᠪᠣᠯᠭᠠᠵᠤ᠂ ᠲᠣᠭᠤᠷᠢᠭ᠂ ᠵᠡᠭᠡᠯᠢ ᠭᠤᠳᠤᠮᠵᠢ ᠰᠤᠮᠤ ᠪᠠᠯᠭᠠᠰᠤ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭ᠎ᠠ ᠠᠳᠬᠤᠨ ᠪᠣᠳᠠᠲᠠᠶ ᠠᠳᠬᠤᠵᠤ᠂ ︽ᠪᠣᠳᠠᠲᠤ ᠴᠣᠭᠴᠠᠳᠤ ᠰᠠᠭᠤᠷᠢ ᠶᠢ ᠪᠠᠬᠢᠵᠢᠭᠦᠯᠬᠦ᠂ ᠪᠣᠳᠠᠲᠤ ᠪᠠᠶᠢᠯᠳᠤᠭᠠᠨ ᠳᠤ ᠴᠢᠳᠠᠪᠤᠷᠢ ᠣᠯᠭᠤᠬᠤ᠂ ᠪᠣᠳᠠᠲᠤ ᠦᠷ᠎ᠡ ᠪᠦᠲᠦᠮᠵᠢ ᠪᠠᠷ ᠠᠷᠠᠳ ᠲᠤ ᠠᠰᠢᠭ ᠬᠦᠷᠲᠡᠭᠡᠬᠦ︾ ᠶᠡᠷᠦᠩᠬᠡᠶᠢᠯᠡᠭᠰᠡᠨ ᠴᠣᠭᠴᠠ ᠶᠢ ᠢᠳᠡᠪᠬᠢᠲᠡᠶ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠤ ︽ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ︾ ᠶᠢᠨ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠣᠭᠲᠠᠭᠤᠨ ᠰᠠᠭᠤᠷᠢ ᠶᠢ ᠪᠠᠲᠤ ᠴᠣᠭᠴᠠᠯᠠᠪᠠ ᠃        ᠪᠣᠳᠠᠲᠤ ᠴᠣᠭᠴᠠ ᠶᠢᠨ ᠰᠠᠭᠤᠷᠢ ᠶᠢ ᠪᠠᠢᠭᠤᠯᠵᠤ᠂ ᠪᠦᠬᠦ ᠣᠷᠣᠨ ᠪᠦᠰᠡ ᠶᠢᠨ ᠠᠰᠠᠭᠤᠳᠠᠯ ᠢ ᠰᠢᠢᠳᠪᠦᠷᠢᠯᠡᠬᠦ ︽ᠦᠢᠯᠡᠴᠢᠯᠡᠭᠡᠨ ᠤ ᠬᠡᠳᠦ ᠳᠡᠯᠭᠡᠭᠦᠷ︾ ᠢ ᠪᠠᠶᠢᠭᠤᠯᠪᠠ ᠃ ᠰᠢᠭᠤᠶᠢᠲᠤ ᠲᠣᠭᠤᠷᠢᠭ ᠤᠨ ᠬᠤᠶᠠᠷ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠬᠡᠷᠡᠭᠵᠢᠭᠦᠯᠦᠭᠰᠡᠨ ᠠᠴᠠ ᠨᠠᠭᠠᠰᠢ ᠂ ︽ᠲᠥᠪᠯᠡᠷᠡᠭᠦᠯᠦᠨ ᠰᠢᠢᠳᠪᠦᠷᠢᠯᠡᠬᠦ ︾ ᠦᠢᠯᠡᠳᠦᠯ ᠢ ᠪᠠᠳᠠᠷᠠᠭᠤᠯᠵᠤ᠂ ︽ ᠶᠡᠷᠦᠩᠬᠡᠶᠢᠯᠡᠨ ᠵᠠᠰᠠᠬᠤ + ︾ ᠦᠢᠯᠡᠴᠢᠯᠡᠭᠡᠨ ᠤ ᠴᠢᠳᠠᠮᠵᠢ ᠶᠢ ᠢᠳᠡᠪᠬᠢᠲᠡᠢ ᠬᠠᠶᠢᠨ ᠰᠦᠪᠡᠭᠴᠢᠯᠡᠪᠡ᠃ ᠲᠣᠭᠤᠷᠢᠭ ᠤᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠨᠢ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠤᠶᠠᠷ ᠶᠡᠭᠡ ᠲᠠᠪᠴᠠᠩ ᠢ ᠡᠮᠬᠢᠯᠡᠨ ᠨᠡᠶᠢᠯᠡᠭᠦᠯᠵᠦ᠂ ᠵᠠᠷᠭᠤ ᠶᠢᠨ ᠦᠢᠯᠡᠴᠢᠯᠡᠭᠡᠨ ᠤ ᠲᠥᠪ᠂ ᠪᠠᠶᠢᠴᠠᠭᠠᠬᠤ ᠦᠢᠯᠡᠴᠢᠯᠡᠭᠡᠨ ᠤ ᠲᠥᠪ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠵᠡᠷᠭᠡ ᠴᠢᠳᠠᠮᠵᠢ ᠶᠢ ᠠᠭᠤᠰᠤᠯᠴᠠᠭᠤᠯᠤᠨ᠂ ︽ᠨᠢᠭᠡ ᠦᠷᠲᠡᠭᠡ ᠮᠠᠶ᠋ᠢᠭ︾ ᠤᠨ ᠂ ︽ᠪᠦᠬᠦ ᠬᠡᠯᠬᠢᠶ᠎ᠡ︾ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠲᠠᠪᠴᠠᠩ ᠢ ᠪᠠᠶᠢᠭᠤᠯᠪᠠ ᠃ ᠵᠡᠭᠡᠯᠢ ᠭᠤᠳᠤᠮᠵᠢ ᠰᠤᠮᠤ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠨᠢ ᠤᠤᠯ ᠤᠨ ᠠᠵᠢᠯᠯᠠᠬᠤ ᠲᠠᠯᠠᠪᠤᠷ ᠢᠶᠠᠨ ᠥᠭᠡᠷᠡᠴᠢᠯᠡᠨ ᠲᠣᠬᠢᠷᠠᠭᠤᠯᠵᠤ᠂ ᠭᠤᠷᠪᠠᠨ ᠴᠢᠳᠠᠮᠵᠢᠲᠤ ᠬᠡᠰᠡᠭ ᠤᠨ ᠪᠠᠶᠢᠷᠢᠯᠠᠭᠤᠯᠤᠯᠲᠠ ᠶᠣᠰᠣᠭᠠᠷ᠂ ︽ᠨᠢᠭᠡ ᠴᠣᠩᠬᠤᠪᠴᠢ ᠭᠤᠷᠪᠠᠨ ᠲᠠᠰᠤᠭ︾ ᠤᠨ ᠦᠨᠳᠦᠰᠦᠨ ᠴᠢᠳᠠᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠪᠡᠶᠡᠯᠡᠭᠦᠯᠪᠡ᠃        ᠪᠣᠳᠠᠲᠤ ᠳᠠᠶᠢᠨ ᠤ ᠴᠢᠳᠠᠪᠤᠷᠢ ᠣᠯᠭᠤᠵᠤ᠂ ᠵᠥᠷᠢᠴᠡᠯ ᠢ ᠨᠠᠮᠳᠠᠭᠠᠬᠤ ︽ᠪᠦᠬᠦ ᠬᠡᠯᠬᠢᠶ᠎ᠡ︾ ᠶᠢ ᠪᠤᠢ ᠪᠣᠯᠭᠠᠪᠠ᠃ ᠬᠦᠴᠦ ᠪᠠᠨ ᠬᠠᠮᠲᠤᠳᠬᠠᠬᠤ ᠪᠣᠯ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠪᠠᠶᠢᠯᠳᠤᠭᠠᠨᠴᠢᠯᠠᠭᠰᠠᠨ ᠠᠵᠢᠯ ᠤᠨ ᠴᠢᠬᠤᠯᠠ ᠪᠠᠲᠤᠯᠠᠭ᠎ᠠ ᠮᠥᠨ᠂ ᠰᠢᠭᠤᠶᠢᠲᠤ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠨᠢ ᠰᠠᠯᠠᠭ᠎ᠠ ᠮᠥᠴᠢᠷ ᠤᠨ ᠬᠦᠴᠦᠨ᠂ ᠬᠠᠤᠯᠢ ᠪᠠᠷ ᠵᠠᠰᠠᠬᠤ ᠬᠦᠴᠦᠨ᠂ ᠨᠡᠶᠢᠭᠡᠮ ᠤᠨ ᠬᠦᠴᠦᠨ ᠪᠠ ᠦᠨᠳᠦᠰᠦᠨ ᠱᠠᠲᠤᠨ ᠤ ᠬᠦᠴᠦᠨ ᠢ ᠭᠦᠢᠴᠡᠳ ᠳᠠᠶᠢᠴᠢᠯᠠᠬᠤ ᠪᠠᠷ ᠳᠠᠮᠵᠢᠭᠤᠯᠤᠨ᠂ ︽ᠲᠥᠪ ᠱᠦᠭᠯᠦ ᠦᠯᠢᠶᠡᠵᠦ᠂ ᠰᠠᠯᠠᠭ᠎ᠠ ᠮᠥᠴᠢᠷ ᠤᠳ ᠨᠡᠷ᠎ᠡ ᠮᠡᠳᠡᠭᠦᠯᠬᠦ︾᠂ ᠬᠠᠤᠯᠢ ᠶᠢᠨ ᠭᠠᠵᠠᠷ ᠤᠨ ᠳᠠᠭᠠᠭᠠᠴᠢᠯᠠᠨ ᠬᠤᠯᠪᠣᠭᠠᠯᠠᠬᠤ᠂ ᠭᠤᠷᠪᠠᠨ ᠱᠠᠲᠤᠨ ᠤ ᠲᠦᠷᠦᠭᠦᠦ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠤ ᠵᠢᠯᠣᠭᠤᠳᠣᠯᠭ᠎ᠠ ᠵᠡᠷᠭᠡ ᠲᠦᠷᠢᠮ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ︽ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠵᠠᠰᠠᠬᠤ︾ ᠶᠢᠨ ᠬᠠᠮᠲᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠰᠡᠳᠬᠢᠴᠡ ᠶᠢᠨ ᠵᠥᠪᠯᠡᠯᠭᠡ ᠥᠭᠭᠦᠭᠴᠢ᠂ ᠦᠨᠳᠦᠰᠦᠨ ᠱᠠᠲᠤᠨ ᠤ ︽ᠲᠠᠪᠤᠨ ᠠᠬᠠᠮᠠᠳ︾ ᠵᠡᠷᠭᠡ ᠬᠦᠴᠦᠨ ᠢ ᠡᠮᠬᠢᠯᠡᠨ ᠨᠡᠶᠢᠯᠡᠭᠦᠯᠵᠦ᠂ ᠵᠥᠷᠢᠴᠡᠯ ᠠᠰᠠᠭᠤᠳᠠᠯ ᠢ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ ᠂ ᠭᠠᠷ ᠬᠤᠯᠪᠣᠭᠠᠯᠠᠨ ᠵᠠᠰᠠᠬᠤ ᠶᠢ ᠳᠥᠯᠭᠢᠨ ᠠᠬᠢᠭᠤᠯᠵᠤ᠂ ᠡᠯ᠎ᠡ ᠲᠥᠷᠥᠯ ᠤᠨ ᠵᠥᠷᠢᠴᠡᠯ ᠤᠨ ᠳᠠᠯᠳᠠ ᠬᠡᠮ ᠢ ᠲᠤᠬᠠᠶ ᠶᠢᠨ ᠭᠠᠵᠠᠷ ᠲᠤᠨᠢ ᠢᠯᠡᠷᠡᠭᠦᠯᠵᠦ᠂ ᠲᠤᠬᠠᠶ ᠶᠢᠨ ᠭᠠᠵᠠᠷ ᠲᠤᠨᠢ ᠡᠶᠡᠳᠡᠭᠦᠯᠵᠦ᠂ ᠲᠤᠬᠠᠶ ᠶᠢᠨ ᠭᠠᠵᠠᠷ ᠲᠤᠨᠢ ᠠᠷᠢᠯᠭᠠᠪᠠ ᠃        ᠪᠣᠳᠠᠲᠤ ᠦᠷ᠎ᠡ ᠪᠦᠲᠦᠮᠵᠢ ᠪᠠᠷ ᠠᠷᠠᠳ ᠲᠤ ᠠᠰᠢᠭ ᠬᠦᠷᠲᠡᠭᠡᠵᠦ᠂ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ︽ᠢᠵᠢᠯ ᠲᠥᠪᠲᠦ ᠲᠣᠭᠤᠷᠢᠭ︾ ᠢ ᠵᠢᠷᠤᠭᠯᠠᠪᠠ᠃ ︽1366︾ ᠨᠡᠶᠢᠭᠡᠮ ᠤᠨ ᠵᠠᠰᠠᠯᠲᠠ ᠶᠢᠨ ᠠᠵᠢᠯ ᠤᠨ ᠳᠣᠭᠳᠠᠯᠴᠠᠭ᠎ᠠ ᠶᠢ ᠰᠢᠨᠡᠴᠢᠯᠡᠨ ᠪᠠᠶᠢᠭᠤᠯᠵᠤ᠂ ᠬᠦᠴᠦ ᠪᠠᠨ ᠲᠥᠪᠯᠡᠷᠡᠭᠦᠯᠦᠨ ︽ᠰᠢᠭᠤᠶᠢᠲᠤ ︾ ᠰᠡᠳᠬᠢᠯ ᠢᠶᠠᠷ ᠠᠷᠠᠳ ᠲᠤ ᠦᠢᠯᠡᠴᠢᠯᠡᠬᠦ ᠨᠡᠷᠡᠲᠦ ᠲᠡᠮᠳᠡᠭ ᠢ ᠡᠭᠦᠳᠴᠦ᠂ ︽ᠬᠤᠣᠰ ᠱᠤᠭᠤᠮ ᠢ ᠠᠭᠤᠰᠤᠯᠴᠠᠭᠤᠯᠬᠤ︾ ᠲᠣᠭᠲᠠᠴᠠ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠣᠯᠤᠨ ᠠᠷᠠᠳ ᠤᠨ ᠡᠶᠡᠳᠡᠭᠦᠯᠬᠦ ᠲᠣᠭᠲᠠᠯᠴᠠᠭ᠎ᠠ ᠶᠢ ᠭᠦᠨᠵᠡᠭᠡᠶ ᠠᠭᠤᠰᠤᠯᠴᠠᠭᠤᠯᠵᠤ᠂ ᠰᠦᠯᠵᠢᠶᠡᠨ ᠳᠡᠭᠡᠷᠡᠬᠢ ᠣᠯᠠᠨ ᠲᠦᠮᠡᠨ ᠤ ᠠᠵᠢᠯ ᠪᠣᠯᠤᠨ ᠶᠡᠷᠦᠩᠬᠡᠶᠢᠯᠡᠨ ᠵᠠᠰᠠᠬᠤ ᠲᠠᠪᠴᠠᠩ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠵᠡᠷᠭᠡᠪᠡᠷ ᠠᠬᠢᠭᠤᠯᠪᠠ ᠃ ᠡᠭᠦᠨ ᠤ ᠬᠠᠮᠲᠤ᠂ ᠡᠯ᠎ᠡ ᠭᠠᠵᠠᠷ ᠣᠷᠣᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠨᠴᠠᠯᠢᠬᠳᠤ ᠵᠠᠰᠠᠯᠲᠠ ᠶᠢᠨ ᠵᠠᠭᠪᠤᠷ ᠢ ᠪᠣᠶ ᠪᠣᠯᠭᠠᠪᠠ ᠂ ᠰᠢᠭᠤᠶᠢᠲᠤ ᠵᠡᠭᠡᠯᠢ ᠭᠤᠳᠤᠮᠵᠢ ᠶᠢᠨ ︽ᠬᠥᠷᠰᠢ ᠵᠡᠷᠭᠡᠯᠡᠳᠡᠭᠡ ᠶᠢᠨ  ᠬᠦᠴᠦᠨ ᠢ ᠲᠦᠪᠯᠡᠷᠡᠭᠦᠯᠬᠦ ︾ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠨᠠᠷᠠᠲᠤ ᠲᠡᠮᠳᠡᠭ᠂ ᠪᠠᠶ ᠬᠤ᠋ ᠭᠧᠤ ᠵᠡᠭᠡᠯᠢ ᠭᠤᠳᠤᠮᠵᠢ ᠶᠢᠨ ︽ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠤᠷᠢᠭ᠎ᠠ ᠱᠤᠭᠤᠮ ᠤᠨ ᠠᠵᠢᠯ︾ ᠤᠨ ᠬᠤᠤᠰ ᠴᠢᠭᠯᠡᠯ ᠢᠶᠠᠷ ᠵᠠᠰᠠᠬᠤ ᠲᠣᠭᠲᠠᠯᠴᠠᠭ᠎ᠠ ᠂ ᠵᠢᠪᠬᠤᠯᠠᠩᠲᠤ ᠰᠤᠮᠤ ᠶᠢᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ︽134︾ ᠠᠵᠢᠯ ᠤᠨ ᠠᠷᠭ᠎ᠠ᠂ ᠪᠠᠳᠺᠡᠷ ᠰᠦᠮ᠎ᠡ ᠪᠠᠯᠭᠠᠰᠤᠨ ᠤ ᠵᠥᠷᠢᠴᠡᠯ ᠢ ᠵᠢᠭᠰᠠᠭᠠᠨ ᠪᠠᠶᠢᠴᠠᠭᠠᠬᠤ ︽ᠵᠢᠷᠭᠤᠭᠠᠨ ᠴᠡᠭ︾ ᠤᠨ ᠠᠵᠢᠯ ᠤᠨ ᠠᠷᠭ᠎ᠠ ᠵᠡᠷᠭᠡ ᠰᠢᠨ᠎ᠡ ᠶᠢ ᠡᠭᠦᠳᠬᠦ ᠦᠢᠯᠡᠳᠦᠯᠭᠡ ᠶᠢ ᠪᠡᠶᠡᠯᠡᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠦᠢᠯᠡᠴᠢᠯᠡᠭᠡᠨ ᠤ ᠴᠢᠳᠠᠮᠵᠢ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃ 2024 ᠣᠨ ᠠᠴᠠ ᠨᠠᠭᠠᠰᠢ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠨᠡᠶᠢᠲᠡ 438 ᠬᠤᠪᠢ ᠰᠢᠢᠳᠪᠦᠷᠢᠯᠡᠵᠦ᠂ 12345 ᠬᠠᠯᠠᠮᠰᠢᠯ ᠤᠲᠠᠰᠤ ᠶᠢᠨ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ 99 % ᠶᠢ ᠳᠠᠪᠠᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号