ᠣᠶᠢᠷ᠎ᠠ ᠳᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠠᠯᠬᠤᠮ | ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ | ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ | ︽ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠤᠨ ᠪᠥᠬᠦ ᠠᠭᠤᠯᠭ᠎ᠠ ᠨᠢ ᠳᠣᠣᠷᠠᠬᠢ | ᠮᠡᠲᠦ᠃ | ᠠᠮᠤ ᠪᠤᠳᠠᠭᠠᠨ ᠤ ᠠᠮᠤᠷ ᠲᠦᠪᠰᠢᠨ ᠪᠣᠯ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠮᠥᠨ᠃ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠦᠨᠳᠦᠰᠦ ᠨᠢ ᠲᠠᠷᠢᠶᠠᠨ ᠭᠠᠵᠠᠷ ᠲᠤ ᠪᠤᠢ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠣᠯ ᠨᠢᠭᠡᠨ ᠴᠢᠬᠤᠯᠠ ᠭᠠᠷᠳᠠᠴᠠ ᠮᠥᠨ᠃ ᠨᠥᠬᠦᠴᠡᠯ ᠢ ᠪᠦᠷᠢᠯᠳᠦᠭᠦᠯᠦᠭᠰᠡᠨ | ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠬᠤ ᠶᠢᠨ ᠲᠥᠯᠥᠭᠡ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ | ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠲᠦᠭᠡᠨ | ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠲᠦᠭᠡᠨ ᠪᠠᠶᠢᠭᠤᠯᠬᠤ ᠴᠠᠭ ᠤᠨ ᠳᠠᠷᠠᠭᠠᠯᠠᠯ ᠢ | ᠲᠣᠳᠣᠷᠬᠠᠶᠢᠯᠠᠨ᠂ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠬᠤ ᠶᠢ ᠵᠡᠷᠭᠡ ᠳᠤᠨᠢ ᠴᠢᠬᠤᠯᠠᠴᠢᠯᠠᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ ᠨᠥᠬᠦᠴᠡᠯ ᠢ | ᠪᠦᠷᠢᠯᠳᠦᠭᠦᠯᠦᠭᠰᠡᠨ ᠲᠠᠷᠢᠶᠠᠨ ᠭᠠᠵᠠᠷ ᠢᠯᠠᠩᠭᠤᠶ᠎ᠠ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠦᠨᠡᠨ ᠬᠦ | ᠲᠠᠷᠢᠶᠠᠯᠠᠬᠤ ᠳᠤ ᠲᠣᠬᠢᠷᠠᠮᠵᠢᠲᠠᠢ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠥᠨᠳᠥᠷ ᠪᠥᠭᠡᠳ ᠲᠣᠭᠲᠠᠭᠤᠨ | ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶ᠎ᠠ ᠪᠣᠯᠭᠠᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ | ᠰᠠᠭᠤᠷᠢ ᠶᠢ ᠤᠯᠠᠮ ᠪᠠᠬᠢᠵᠢᠭᠦᠯᠦᠨ᠎ᠡ᠃ | ᠭᠤᠣᠯ ᠬᠠᠷᠠᠯᠲᠠ ᠪᠣᠯ᠄ 2030 ᠣᠨ ᠪᠣᠯᠬᠤ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 13.5 | ᠳ᠋ᠦᠩᠰᠢᠭᠤᠷ ᠮᠦ ᠪᠣᠯᠭᠠᠨ ᠬᠦᠴᠦᠯᠡᠨ ᠪᠠᠶᠢᠭᠤᠯᠵᠤ᠂ ᠨᠡᠶᠢᠳᠡ 2.8 ᠳ᠋ᠦᠩᠰᠢᠭᠤᠷ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ | ᠨᠢᠭᠡᠳᠦᠯᠲᠡᠢ ᠲᠥᠯᠥᠪᠵᠢᠭᠦᠯᠬᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠵᠡᠷᠭᠡ ᠪᠠᠷ ᠬᠡᠷᠡᠭᠵᠢᠭᠦᠯᠵᠦ᠂ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 8000 ᠲᠦᠮᠡᠨ ᠮᠦ ᠰᠢᠨ᠎ᠡ ᠪᠠᠷ | ᠨᠡᠮᠡᠭᠳᠡᠭᠦᠯᠦᠨ᠎ᠡ︔ 2035 ᠣᠨ ᠪᠣᠯᠬᠤ ᠳᠤ᠂ ᠨᠥᠬᠦᠴᠡᠯ ᠢ ᠪᠦᠷᠢᠯᠳᠦᠭᠦᠯᠦᠭᠰᠡᠨ ᠡᠭᠦᠷᠢᠳᠡ ᠶᠢᠨ ᠴᠢᠨᠠᠷᠲᠠᠢ ᠦᠨᠳᠦᠰᠦᠨ | ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠥᠭᠡᠷᠡᠴᠢᠯᠡᠨ ᠪᠠᠶᠢᠭᠤᠯᠵᠤ᠂ ᠨᠡᠶᠢᠲᠡ 4. | 55 ᠳ᠋ᠦᠩᠰᠢᠭᠤᠷ ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ | ᠲᠠᠯᠠᠪᠠᠶ ᠶᠢ 1.3 ᠳ᠋ᠦᠩᠰᠢᠭᠤᠷ ᠮᠦ ᠰᠢᠨ᠎ᠡ ᠪᠠᠷ ᠨᠡᠮᠡᠭᠳᠡᠭᠦᠯᠦᠨ᠎ᠡ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ | ︵ᠨᠢᠭᠡ︶ ᠪᠦᠲᠦᠭᠡᠨ ᠪᠠᠶᠢᠭᠤᠯᠬᠤ ᠪᠠᠷᠢᠮᠵᠢᠶ᠎ᠠ᠃ ︽ᠨᠢᠭᠡ ᠶᠢ ᠲᠡᠭᠰᠢᠯᠡᠬᠦ︾ ︵ᠲᠠᠷᠢᠶᠠᠨ ᠭᠠᠵᠠᠷ ᠢ ᠲᠡᠭᠰᠢᠯᠡᠬᠦ︶᠂ | ︽ᠬᠤᠶᠠᠷ ᠢ ᠨᠡᠪᠲᠡᠷᠡᠭᠦᠯᠬᠦ︾ ︵ᠤᠰᠤ ᠨᠠᠪᠲᠠᠷᠡᠭᠦᠯᠵᠦ ᠵᠠᠮ ᠨᠡᠪᠲᠡᠷᠡᠭᠦᠯᠬᠦ︶᠂ ︽ᠭᠤᠷᠪᠠ ᠶᠢ ᠳᠡᠭᠡᠭᠰᠢᠯᠡᠭᠦᠯᠬᠦ︾ ︵ᠭᠠᠵᠠᠷ ᠤᠨ | ᠬᠦᠴᠦ ᠰᠢᠮ᠎ᠡ᠂ ᠤᠨᠠᠯᠲᠠ᠂ ᠦᠷ᠎ᠡ ᠠᠰᠢᠭ ᠢ ᠳᠡᠭᠡᠭᠰᠢᠯᠡᠭᠦᠯᠬᠦ︶ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠠᠳᠠᠯᠢ ᠪᠤᠰᠤ | ᠣᠷᠣᠨ ᠪᠦᠰᠡ᠂ ᠠᠳᠠᠯᠢ ᠪᠤᠰᠤ ᠲᠥᠷᠥᠯ ᠬᠡᠯᠪᠡᠷᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠪᠠ ᠣᠷᠣᠭᠤᠯᠤᠯᠲᠠ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠨ᠎ᠠ᠃ ᠤᠯᠤᠰ ᠤᠨ | ᠪᠠᠷᠢᠮᠵᠢᠶ᠎ᠠ ᠨᠢ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ᠂ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠰᠠᠭᠤᠷᠢᠯᠠᠬᠤ ᠴᠢᠨᠠᠷᠲᠠᠢ᠂ ᠨᠡᠶᠢᠳᠡᠮ ᠬᠡᠷᠡᠭᠯᠡᠬᠦ ᠴᠢᠨᠠᠷᠲᠠᠢ | ᠱᠠᠭᠠᠷᠳᠠᠯᠭ᠎ᠠ ᠶᠢ ᠳᠣᠪᠤᠶᠢᠯᠭᠠᠵᠤ᠂ ᠮᠤᠵᠢ ᠶᠢᠨ ᠱᠠᠲᠤᠨ ᠤ ᠲᠠᠰ ᠳᠠᠪᠬᠤᠷᠭ᠎ᠠ ᠠᠴᠠ ᠲᠠᠷᠢᠶᠠᠨ ᠭᠠᠵᠠᠷ ᠢ ᠲᠡᠭᠰᠢᠯᠡᠨ ᠵᠠᠰᠠᠬᠤ᠂ | ᠤᠰᠤᠯᠠᠬᠤ ᠪᠠ ᠤᠰᠤ ᠵᠠᠯᠠᠬᠤ ᠲᠤᠨᠤᠭ ᠲᠥᠬᠦᠭᠡᠷᠦᠮᠵᠢ᠂ ᠲᠠᠷᠢᠶᠠᠨ ᠭᠠᠵᠠᠷ ᠤᠨ ᠵᠠᠮ᠂ ᠭᠠᠵᠠᠷ ᠤᠨ ᠬᠦᠴᠦ ᠰᠢᠮ᠎ᠡ ᠶᠢ | ᠳᠡᠭᠡᠭᠰᠢᠯᠡᠭᠦᠯᠬᠦ ᠵᠡᠷᠭᠡ ᠪᠣᠳᠠᠲᠠᠢ ᠱᠠᠭᠠᠷᠳᠠᠯᠭ᠎ᠠ ᠶᠢ ᠨᠠᠷᠢᠯᠢᠭᠵᠢᠭᠤᠯᠤᠨ ᠲᠣᠭᠲᠠᠭᠠᠵᠤ᠂ ᠬᠤᠲᠠ ᠰᠢᠶᠠᠨ ᠤ ᠲᠠᠰ | ᠳᠠᠪᠬᠤᠷᠭ᠎ᠠ ᠠᠴᠠ ᠳᠥᠭᠦᠮ ᠠᠪᠰᠠᠷᠬᠠᠨ ᠬᠢᠯᠪᠠᠷ ᠶᠠᠪᠤᠭᠳᠠᠬᠤ᠂ ᠲᠥᠬᠦᠮ ᠣᠶᠢᠯᠠᠭᠠᠮᠵᠢᠲᠠᠢ᠂ ᠬᠡᠷᠡᠭᠵᠢᠭᠦᠯᠬᠦ ᠴᠢᠨᠠᠷ ᠢᠶᠠᠷ | ᠴᠢᠩᠭ᠎ᠠ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠲᠠᠰ ᠳᠠᠪᠬᠤᠷᠭ᠎ᠠ ᠨᠢ ᠲᠣᠳᠣᠷᠬᠠᠢ᠂ ᠳᠡᠭᠡᠷ᠎ᠡ ᠳᠣᠣᠷ᠎ᠠ ᠱᠠᠲᠤ ᠶᠢ | ᠵᠣᠯᠭᠠᠭᠤᠯᠤᠭᠰᠠᠨ᠂ ᠪᠣᠳᠠᠲᠠᠢ ᠶᠢ ᠡᠷᠬᠢᠮᠯᠡᠭᠰᠡᠨ ᠪᠥᠭᠡᠳ ᠲᠤᠰᠠᠲᠠᠢ ᠪᠠᠶᠢᠬᠤ ᠪᠠᠷᠢᠮᠵᠢᠶ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ | | ︵ᠬᠤᠶᠠᠷ︶ ᠪᠦᠲᠦᠭᠡᠨ ᠪᠠᠶᠢᠭᠤᠯᠬᠤ ᠠᠭᠤᠯᠭ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ᠂ ᠬᠥᠷᠥᠰᠥ ᠰᠢᠷᠣᠢ᠂ | ᠤᠰᠤ᠂ ᠵᠠᠮ᠂ ᠤᠢ ᠰᠢᠭᠤᠢ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠦᠨ ᠥᠷᠨᠢᠭᠦᠯᠵᠦ᠂ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠲᠠᠷᠢᠶᠠᠨ ᠭᠠᠵᠠᠷ ᠲᠤ ᠲᠠᠯᠪᠢᠨ᠎ᠠ᠃ | ᠰᠢᠨ᠎ᠡ ᠪᠠᠷ ᠪᠦᠲᠦᠭᠡᠨ ᠪᠠᠶᠢᠭᠤᠯᠬᠤ ᠲᠥᠷᠥᠯ ᠵᠦᠢᠯ ᠳᠤ ᠲᠠᠷᠢᠶᠠᠨ ᠭᠠᠵᠠᠷ ᠢ ᠲᠡᠭᠰᠢᠯᠡᠨ ᠵᠠᠰᠠᠬᠤ᠂ ᠲᠠᠷᠢᠶᠠᠨ ᠭᠠᠵᠠᠷ ᠢ | ᠤᠰᠤᠯᠠᠬᠤ ᠪᠠ ᠤᠰᠤ ᠵᠠᠯᠠᠬᠤ ᠰᠢᠰᠲ᠋ᠧᠮ᠂ ᠲᠠᠷᠢᠶᠠᠨ ᠭᠠᠵᠠᠷ ᠤᠨ ᠵᠠᠮ ᠪᠠ ᠴᠠᠬᠢᠯᠭᠠᠨ ᠬᠦᠴᠦᠨ ᠤ ᠲᠤᠨᠤᠭ | ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠡᠩ ᠲᠡᠷᠢᠭᠦᠨ ᠳᠤ ᠥᠷᠨᠢᠭᠦᠯᠵᠦ᠂ | ᠲᠠᠷᠢᠶᠠᠨ ᠭᠠᠵᠠᠷ ᠤᠨ ᠤᠰᠤ ᠶᠢ ᠪᠠᠲᠤᠯᠠᠵᠤ ᠬᠥᠷᠥᠰᠥ ᠰᠢᠷᠣᠢ ᠶᠢ ᠪᠠᠲᠤᠯᠠᠵᠤ ᠪᠣᠷᠳᠣᠭᠤᠷ ᠢ ᠪᠠᠲᠤᠯᠠᠬᠤ ᠴᠢᠳᠠᠪᠤᠷᠢ᠂ | ᠭᠠᠩᠳᠠᠵᠤ ᠤᠰᠤᠲᠤᠬᠤ ᠭᠠᠮᠰᠢᠭ ᠢ ᠡᠰᠡᠷᠭᠦᠴᠡᠬᠦ ᠴᠢᠳᠠᠪᠤᠷᠢ᠂ ᠮᠠᠰᠢᠨᠴᠢᠯᠠᠨ ᠮᠧᠬᠠᠨᠢᠭᠴᠢᠯᠠᠵᠤ ᠲᠠᠷᠢᠶᠠᠯᠠᠬᠤ ᠳᠤ ᠳᠥᠭᠦᠮ | ᠦᠵᠡᠭᠦᠯᠬᠦ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ︔ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠳᠤ ᠶᠠᠭᠤ | ᠳᠤᠲᠠᠭᠳᠠᠪᠠᠯ ᠶᠠᠭᠤ ᠶᠢ ᠨᠥᠬᠦᠪᠦᠷᠢᠯᠡᠬᠦ ᠵᠠᠷᠴᠢᠮ ᠶᠣᠰᠣᠭᠠᠷ᠂ ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠶᠢᠨ | ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠦᠷᠢᠯᠡᠨ᠎ᠡ᠃ ᠭᠠᠳᠠᠨ᠎ᠠ ᠠᠴᠠ ᠰᠢᠷᠣᠢ ᠠᠪᠴᠢᠷᠠᠵᠤ ᠨᠡᠮᠡᠬᠦ᠂ ᠥᠩᠭᠡᠨ ᠲᠠᠯ᠎ᠠ ᠶᠢᠨ | ᠬᠥᠷᠥᠰᠥ ᠶᠢ ᠲᠠᠬᠢᠨ ᠲᠠᠷᠢᠶᠠᠨ ᠭᠠᠵᠠᠷ ᠪᠣᠯᠭᠠᠨ ᠠᠰᠢᠭᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠭᠠᠵᠠᠷ ᠰᠢᠷᠣᠢ ᠶᠢ | ᠲᠡᠭᠰᠢᠯᠡᠵᠦ᠂ ᠲᠠᠷᠢᠶᠠᠨ ᠭᠠᠵᠠᠷ ᠤᠨ ᠭᠠᠳᠠᠷᠭᠤ ᠶᠢᠨ ᠨᠠᠯᠠᠤ ᠬᠤᠳᠤᠭᠤᠷ ᠢ ᠵᠦᠢ ᠵᠣᠬᠢᠰᠲᠠᠢ ᠲᠣᠬᠢᠷᠠᠭᠤᠯᠵᠤ᠂ ᠲᠠᠷᠢᠶᠠᠨ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠰᠠᠶᠢᠵᠢᠷᠠᠭᠤᠯᠤᠨ᠎ᠠ᠃ ᠡᠳᠦᠷ ᠲᠤᠲᠤᠮ ᠤᠨ ᠲᠠᠷᠢᠶᠠᠯᠠᠩ ᠤᠨ ᠦᠢᠯᠡᠳᠪᠦᠷᠢᠯᠡᠯ ᠲᠠᠢ | ᠤᠶᠠᠯᠳᠤᠭᠤᠯᠤᠨ ᠬᠥᠷᠥᠰᠥ ᠰᠢᠷᠣᠢ ᠶᠢ ᠰᠠᠶᠢᠵᠢᠷᠠᠭᠤᠯᠵᠤ ᠪᠣᠷᠳᠣᠭᠤᠷ ᠣᠷᠣᠭᠤᠯᠬᠤ ᠶᠢ ᠴᠢᠩᠭᠠᠳᠬᠠᠵᠤ᠂ ᠲᠠᠷᠢᠶᠠᠨ | ᠭᠠᠵᠠᠷ ᠤᠨ ᠬᠥᠷᠥᠰᠥ ᠰᠢᠷᠣᠢ ᠶᠢ ᠦᠨᠡᠨ ᠬᠦ ᠰᠠᠶᠢᠵᠢᠷᠠᠭᠤᠯᠤᠨ᠎ᠠ᠃ ᠬᠥᠨᠥᠭᠡᠯ ᠳᠤ ᠲᠣᠬᠢᠷᠠᠭᠤᠯᠤᠨ ᠰᠡᠷᠭᠡᠶᠢᠯᠡᠯᠲᠡ ᠬᠢᠵᠦ᠂ | ᠡᠷᠭᠢ ᠬᠥᠲᠥᠯ ᠢ ᠬᠠᠮᠠᠭᠠᠯᠠᠬᠤ᠂ ᠰᠠᠯᠬᠢ ᠡᠯᠡᠰᠦ ᠶᠢ ᠰᠡᠷᠭᠡᠶᠢᠯᠡᠬᠦ ᠵᠡᠷᠭᠡ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠵᠦᠢ | ᠵᠣᠬᠢᠰᠲᠠᠢ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠬᠥᠷᠥᠰᠥ ᠰᠢᠷᠣᠢ ᠶᠢ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠪᠡᠶ᠎ᠡ ᠪᠠᠨ | ᠳᠠᠭᠠᠭᠠᠵᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠶᠤᠨᠴᠢ ᠪᠠᠷ ᠤᠰᠤᠯᠠᠬᠤ᠂ ᠴᠢᠭᠢᠭ ᠤᠨ ᠪᠠᠶᠢᠳᠠᠯ | ᠬᠤᠷᠣᠬᠠᠢ ᠶᠢᠨ ᠪᠠᠶᠢᠳᠠᠯ ᠢ ᠠᠦ᠋ᠲ᠋ᠣ᠋ ᠪᠠᠷ ᠬᠢᠨᠠᠨ ᠰᠢᠨᠵᠢᠬᠦ᠂ ᠣᠶᠤᠨᠴᠢ ᠴᠠᠭ ᠠᠭᠤᠷ ᠤᠨ ᠦᠢᠯᠡᠴᠢᠯᠡᠭᠡ ᠵᠡᠷᠭᠡ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢ ᠵᠣᠷᠢᠭᠵᠢᠭᠤᠯᠤᠨ᠎ᠠ᠃ | ︵ᠭᠤᠷᠪᠠ︶ ᠪᠦᠲᠦᠭᠡᠨ ᠪᠠᠶᠢᠭᠤᠯᠬᠤ ᠪᠠᠶᠢᠷᠢᠰᠢᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠪᠠ ᠴᠠᠭ ᠤᠨ ᠳᠠᠷᠠᠭᠠᠯᠠᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠤᠨ ᠣᠷᠣᠨ᠂ ᠲᠠᠯ᠎ᠠ ᠭᠠᠵᠠᠷ ᠣᠷᠣᠨ᠂ ᠤᠰᠤᠨ | ᠠᠰᠢᠭᠯᠠᠯᠲᠠ ᠶᠢᠨ ᠤᠰᠤᠯᠠᠯᠲᠠ ᠶᠢᠨ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠵᠢᠴᠢ ᠠᠮᠤ ᠪᠤᠳᠠᠭᠠᠨ ᠤ ᠤᠨᠠᠯᠲᠠ | ᠥᠨᠳᠥᠷ ᠪᠠ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ ᠭᠠᠵᠠᠷ ᠣᠷᠣᠨ ᠳᠤ ᠤᠷᠢᠳ ᠢᠶᠠᠷ ᠪᠦᠲᠦᠭᠡᠨ | ᠪᠠᠶᠢᠭᠤᠯᠤᠯᠲᠠ ᠥᠷᠨᠢᠭᠦᠯᠦᠨ᠎ᠡ᠂ ᠭᠡᠬᠦ ᠳᠡᠭᠡᠨ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢᠶᠠᠷ | ᠬᠢᠵᠠᠭᠠᠷᠯᠠᠭᠳᠠᠬᠤ ᠦᠭᠡᠢ ᠪᠠᠶᠢᠵᠤ ᠪᠣᠯᠣᠨ᠎ᠠ᠃ ᠠᠮᠢ ᠠᠬᠤᠢ ᠬᠡᠪᠡᠷᠡᠭ ᠣᠷᠣᠨ᠂ ᠲᠠᠯᠠᠢ ᠳᠠᠭᠠᠤ ᠶᠢᠨ ᠳᠣᠲᠣᠭᠠᠳᠤ | ᠬᠠᠭᠤᠷᠠᠢ ᠶᠢᠨ ᠭᠤᠣᠯ ᠤᠨ ᠲᠠᠩ ᠰᠠᠶᠢᠷᠭᠠᠯ ᠵᠡᠷᠭᠡ ᠣᠷᠣᠨ ᠪᠦᠰᠡ ᠳᠤ ᠴᠢᠩᠭ᠎ᠠ ᠬᠢᠵᠠᠭᠠᠷᠯᠠᠵᠤ᠂ 25 ᠭᠷᠡᠳᠦ᠋ᠰ ᠠᠴᠠ | ᠳᠡᠭᠡᠭᠰᠢᠬᠢ ᠨᠠᠯᠠᠤ ᠶᠢᠨ ᠲᠠᠷᠢᠶᠠᠨ ᠭᠠᠵᠠᠷ᠂ ᠴᠢᠩᠭ᠎ᠠ ᠬᠠᠮᠢᠶᠠᠷᠤᠨ ᠡᠵᠡᠮᠳᠡᠬᠦ ᠲᠦᠷᠦᠯ ᠤᠨ ᠲᠠᠷᠢᠶᠠᠨ ᠭᠠᠵᠠᠷ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ︵ᠤᠯᠠᠭᠠᠨ ᠱᠤᠭᠤᠮ ᠳᠣᠲᠣᠷᠠᠬᠢ ᠲᠥᠪᠯᠡᠷᠡᠨ ᠵᠠᠯᠭᠠᠯᠳᠤᠭᠰᠠᠨ ᠱᠠᠲᠤᠨ | ᠲᠠᠷᠢᠶ᠎ᠠ ᠪᠤᠶᠤ ᠬᠠᠮᠠᠭᠠᠯᠠᠭᠳᠠᠬᠤ ᠡᠲᠡᠭᠡᠳ ᠲᠠᠢ ᠬᠠᠮᠲᠤ ᠣᠷᠣᠰᠢᠭᠰᠠᠨ ᠲᠥᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ | ᠪᠠᠭᠲᠠᠬᠤ ᠦᠭᠡᠢ︶᠂ ᠲᠠᠷᠢᠶᠠᠯᠠᠬᠤ ᠶᠢ ᠵᠣᠭᠰᠣᠭᠠᠵᠤ ᠤᠢ ᠮᠣᠳᠣ ᠲᠠᠷᠢᠬᠤ ᠡᠪᠡᠰᠦ ᠪᠡᠯᠴᠢᠭᠡᠷ ᠢ ᠰᠡᠷᠭᠦᠭᠡᠬᠦ ᠨᠠᠭᠤᠷ | ᠴᠥᠭᠦᠷᠥᠮ ᠢ ᠰᠡᠷᠭᠦᠭᠡᠬᠦ ᠮᠠᠯᠵᠢᠬᠤ ᠭᠠᠵᠠᠷ ᠢ ᠰᠡᠷᠭᠦᠭᠡᠬᠦ ᠣᠷᠣᠨ ᠪᠦᠰᠡ ᠵᠡᠷᠭᠡ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠴᠠᠭᠠᠵᠠᠯᠠᠨ᠎ᠠ᠃ ᠨᠥᠬᠦᠴᠡᠯ ᠲᠠᠢ ᠭᠠᠵᠠᠷ ᠣᠷᠣᠨ ᠪᠥᠬᠦ ᠣᠷᠣᠨ | ᠪᠦᠰᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ᠃ | ︵ᠳᠥᠷᠪᠡ︶ ᠪᠦᠲᠦᠭᠡᠨ ᠪᠠᠶᠢᠭᠤᠯᠬᠤ ᠣᠷᠣᠨ ᠬᠤᠪᠢᠶᠠᠷᠢᠯᠠᠯ᠃ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ᠂ | ᠲᠠᠷᠢᠶᠠᠯᠠᠬᠤ ᠳᠦᠷᠢᠮ ᠪᠠ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠵᠡᠷᠭᠡ ᠶᠢ ᠦᠨᠳᠦᠰᠦᠯᠡᠨ᠂ ᠪᠥᠬᠦ ᠤᠯᠤᠰ ᠤᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 7 ᠣᠷᠣᠨ ᠪᠦᠰᠡ ᠳᠤ ᠬᠤᠪᠢᠶᠠᠨ᠎ᠠ᠃ ᠵᠡᠭᠦᠨ | ᠬᠤᠶᠢᠲᠤ ᠣᠷᠣᠨ ᠨᠢ ᠯᠢᠶᠣᠤᠨᠢᠩ᠂ ᠬᠢᠷᠢᠨ᠂ ᠬᠠᠷᠠᠮᠥ᠋ᠷᠡᠨ 3 ᠮᠤᠵᠢ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ | ᠤᠯᠠᠭᠠᠨᠬᠠᠳᠠ ᠬᠤᠳᠠ᠂ ᠲᠦᠩᠯᠢᠶᠣᠣ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠵᠡᠷᠭᠡ 4 ᠠᠶᠢᠮᠠᠭ ︵ᠬᠤᠳᠠ︶ ᠢ | ᠪᠠᠭᠲᠠᠭᠠᠵᠤ᠂ ᠲᠠᠷᠢᠶᠠᠨ ᠭᠠᠵᠠᠷ ᠤᠨ ᠤᠰᠤᠯᠠᠵᠤ ᠤᠰᠤ ᠵᠠᠯᠠᠬᠤ ᠲᠤᠨᠤᠭ ᠲᠥᠬᠦᠭᠡᠷᠦᠮᠵᠢ ᠶᠢ ᠭᠤᠣᠯᠳᠠᠯᠭ᠎ᠠ ᠲᠠᠢ ᠲᠦᠷᠭᠡᠨ | ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠪᠠ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠬᠠᠳᠤᠨ ᠭᠤᠣᠯ ᠬᠤᠸᠠᠶᠢᠾᠧ ᠭᠤᠣᠯ ᠤᠨ ᠣᠷᠣᠨ ᠨᠢ ᠪᠡᠭᠡᠵᠢᠩ᠂ ᠲᠢᠶᠠᠨᠵᠢᠨ᠂ ᠾᠧᠪᠧᠢ᠂ ᠱᠠᠨᠳᠦ᠋ᠩ᠂ | ᠾᠧᠨᠠᠨ ᠵᠡᠷᠭᠡ 5 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠤᠰᠤᠯᠠᠯᠲᠠ ᠶᠢ ᠪᠠᠲᠤᠯᠠᠬᠤ ᠨᠣᠷᠮ᠎ᠠ ᠶᠢ | ᠭᠤᠣᠯᠳᠠᠯᠭ᠎ᠠ ᠲᠠᠢ ᠬᠦᠴᠦᠯᠡᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠲᠠᠷᠢᠶᠠᠯᠠᠬᠤ ᠨᠥᠬᠦᠴᠡᠯ ᠢ ᠲᠡᠭᠦᠯᠳᠡᠷᠵᠢᠭᠦᠯᠦᠨ᠎ᠡ᠃ | ᠬᠥᠬᠡᠮᠥ᠋ᠷᠡᠨ ᠤ ᠳᠤᠮᠳᠠ ᠳᠣᠣᠷᠠᠳᠤ ᠤᠷᠤᠰᠬᠠᠯ ᠤᠨ ᠣᠷᠣᠨ ᠨᠢ ᠱᠠᠩᠬᠠᠢ᠂ ᠵᠢᠶᠠᠩᠰᠤ᠂ ᠠᠨᠾᠦ᠋ᠢ᠂ ᠵᠢᠶᠠᠩᠰᠢ᠂ ᠬᠤᠪᠧᠢ᠂ | ᠬᠤᠨᠠᠨ ᠵᠡᠷᠭᠡ 6 ᠮᠤᠵᠢ ︵ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠲᠠᠷᠢᠶᠠᠨ ᠭᠠᠵᠠᠷ ᠤᠨ ᠲᠤᠨᠤᠭ | ᠲᠥᠬᠦᠭᠡᠷᠦᠮᠵᠢ ᠶᠢᠨ ᠣᠳᠣᠬᠢᠴᠢᠯᠠᠯᠲᠠ ᠶᠢ ᠢᠵᠢ ᠪᠦᠷᠢᠳᠦᠭᠦᠯᠦᠨ ᠲᠠᠰ ᠳᠡᠪᠰᠢᠭᠦᠯᠬᠦ ᠶᠢ ᠭᠤᠣᠯᠳᠠᠯᠭ᠎ᠠ ᠲᠠᠢ ᠳᠣᠪᠤᠶᠢᠯᠭᠠᠵᠤ᠂ | ᠭᠠᠩ ᠬᠠᠭᠰᠠᠷᠠᠭᠠᠨ᠂ ᠤᠰᠤᠲᠤᠯ᠂ ᠲᠤᠨᠤᠮᠠᠯ ᠤᠰᠤ ᠶᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠎ᠡ᠃ ᠵᠡᠭᠦᠨ ᠡᠮᠦᠨᠡᠲᠦ | ᠣᠷᠣᠨ ᠨᠢ ᠵᠧᠵᠢᠶᠠᠩ᠂ ᠹᠦᠵᠢᠶᠠᠨ᠂ ᠭᠤᠸᠠᠩᠳᠦ᠋ᠩ᠂ ᠬᠠᠶᠢᠨᠠᠨ ᠵᠡᠷᠭᠡ 4 ᠮᠤᠵᠢ ᠶᠢ ᠪᠠᠭᠲᠠᠭᠠᠵᠤ᠂ ᠲᠠᠷᠢᠶᠠᠴᠢᠳ ᠤᠨ ᠬᠦᠰᠡᠯ | ᠰᠠᠨᠠᠭ᠎ᠠ ᠶᠢ ᠬᠦᠨᠳᠦᠳᠬᠡᠭᠰᠡᠨ ᠤᠷᠢᠲᠠᠯ ᠳᠣᠣᠷ᠎ᠠ ᠲᠠᠷᠢᠶᠠᠨ ᠭᠠᠵᠠᠷ ᠤᠨ ᠵᠢᠵᠢᠭᠷᠡᠨ ᠬᠡᠰᠡᠭᠵᠢᠭᠰᠡᠨ ᠠᠰᠠᠭᠤᠳᠠᠯ ᠢ ᠠᠯᠬᠤᠮ | ᠠᠯᠬᠤᠮ ᠢᠶᠠᠷ ᠰᠠᠶᠢᠵᠢᠷᠠᠭᠤᠯᠬᠤ ᠳᠤ ᠭᠤᠣᠯᠳᠠᠯᠭ᠎ᠠ ᠪᠠᠨ ᠲᠠᠯᠪᠢᠵᠤ᠂ ᠲᠠᠷᠢᠶᠠᠨ ᠭᠠᠵᠠᠷ ᠤᠨ ᠠᠭᠠᠳᠠᠷ ᠪᠣᠷᠣᠭᠠᠨ ᠢ ᠰᠡᠷᠭᠡᠶᠢᠯᠡᠬᠦ | ᠴᠢᠳᠠᠪᠤᠷᠢ ᠶᠢ ᠨᠡᠮᠡᠭᠳᠡᠭᠦᠯᠦᠨ᠎ᠡ᠃ ᠪᠠᠷᠠᠭᠤᠨ ᠡᠮᠦᠨᠡᠲᠦ ᠣᠷᠣᠨ ᠨᠢ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠦ᠂ | ᠶᠦᠨᠨᠠᠨ ᠵᠡᠷᠭᠡ 5 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢ ᠪᠠᠭᠲᠠᠭᠠᠵᠤ᠂ ᠬᠡᠪᠲᠡᠭᠡ ᠱᠠᠲᠤᠨ | ᠲᠠᠷᠢᠶ᠎ᠠ ᠶᠢᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠲᠠᠷᠢᠶᠠᠨ ᠭᠠᠵᠠᠷ ᠤᠨ | ᠵᠠᠮ ᠢ ᠲᠡᠭᠦᠯᠳᠡᠷᠵᠢᠭᠦᠯᠵᠦ᠂ ᠢᠨᠵᠧᠨᠧᠷᠢᠩ ᠤᠨ ᠴᠢᠨᠠᠷᠲᠠᠢ ᠤᠰᠤ ᠳᠤᠲᠠᠭᠳᠠᠬᠤ ᠳᠤᠲᠠᠭᠤᠳᠠᠯ ᠢ ᠨᠥᠬᠦᠪᠦᠷᠢᠯᠡᠨ᠎ᠡ᠃ ᠪᠠᠷᠠᠭᠤᠨ | ᠬᠤᠶᠢᠲᠤ ᠣᠷᠣᠨ ᠨᠢ ᠱᠠᠨ ᠰᠢ᠂ ᠱᠠᠨᠰᠢ᠂ ᠭᠠᠨᠰᠤ᠂ ᠨᠢᠩᠰᠢᠶᠠ᠂ ᠰᠢᠨᠵᠢᠶᠠᠩ ︵ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠪᠠᠭᠲᠠᠨ᠎ᠠ︶ 5 ᠮᠤᠵᠢ ︵ᠥᠪᠡᠷᠲᠡᠭᠡᠨ ᠵᠠᠰᠠᠬᠤ ᠣᠷᠣᠨ︶ ᠵᠢᠴᠢ ᠥᠪᠥᠷ ᠮᠣᠩᠭᠤᠯ ᠤᠨ | ᠳᠤᠮᠳᠠ ᠪᠠᠷᠠᠭᠤᠨ ᠬᠡᠰᠡᠭ ᠤᠨ 8 ᠠᠶᠢᠮᠠᠭ ︵ᠬᠤᠲᠠ︶ ᠢ ᠪᠠᠭᠲᠠᠭᠠᠵᠤ᠂ ᠲᠠᠷᠢᠶᠠᠨ ᠭᠠᠵᠠᠷ ᠢ ᠲᠡᠭᠰᠢᠯᠡᠨ ᠵᠠᠰᠠᠬᠤ ᠶᠢ | ᠭᠤᠣᠯᠳᠠᠯᠭ᠎ᠠ ᠲᠠᠢ ᠴᠢᠩᠭᠠᠳᠬᠠᠵᠤ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠪᠣᠭᠤᠮᠢ︾ | ᠪᠣᠯᠵᠤ ᠪᠠᠶᠢᠭ᠎ᠠ ᠭᠠᠩ ᠬᠠᠭᠰᠠᠷᠠᠭᠠᠨ ᠤ ᠠᠰᠠᠭᠤᠳᠠᠯ ᠢ ᠰᠢᠢᠳᠪᠦᠷᠢᠯᠡᠨ᠎ᠡ᠃ ᠬᠥᠬᠡᠨᠠᠭᠤᠷ ᠲᠥᠪᠡᠳ ᠣᠷᠣᠨ ᠨᠢ ᠲᠥᠪᠡᠳ᠂ | ᠬᠥᠬᠡᠨᠠᠭᠤᠷ 2 ᠮᠤᠵᠢ ︵ᠥᠪᠡᠷᠲᠡᠭᠡᠨ ᠵᠠᠰᠠᠬᠤ ᠣᠷᠣᠨ︶ ᠶᠢ ᠪᠠᠭᠲᠠᠭᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠨᠤᠭ | ᠲᠥᠬᠦᠭᠡᠷᠦᠮᠵᠢ ᠶᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠮᠠᠰᠢᠨ ᠮᠧᠬᠠᠨᠢᠭᠵᠢᠭᠤᠯᠤᠨ ᠠᠵᠢᠯᠯᠠᠬᠤ ᠨᠥᠬᠦᠴᠡᠯ ᠢ | ᠰᠠᠶᠢᠵᠢᠷᠠᠭᠤᠯᠤᠨ᠎ᠠ᠃ ᠡᠯ᠎ᠡ ᠭᠠᠵᠠᠷ ᠤᠨ ᠬᠢᠨ ᠪᠦᠲᠦᠭᠡᠨ ᠪᠠᠶᠢᠭᠤᠯᠤᠯᠲᠠ ᠶᠢ ᠨᠠᠷᠢᠯᠢᠭᠵᠢᠭᠤᠯᠵᠤ ᠣᠷᠣᠨ ᠬᠤᠪᠢᠶᠠᠬᠤ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠷᠢᠶᠠᠨ ᠭᠠᠵᠠᠷ ᠤᠨ ᠦᠢᠯᠡᠳᠪᠦᠷᠢᠯᠡᠯ ᠳᠤ ᠬᠠᠷᠰᠢ ᠰᠠᠭᠠᠳ | ᠪᠣᠯᠵᠤ ᠪᠠᠶᠢᠭ᠎ᠠ ᠬᠦᠴᠦᠨ ᠵᠦᠢᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃ | ︵ᠲᠠᠪᠤ︶ ᠱᠠᠲᠤ ᠬᠤᠪᠢᠶᠠᠨ ᠲᠥᠯᠥᠪᠵᠢᠭᠦᠯᠬᠦ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ | ᠲᠥᠯᠦᠪᠵᠢᠭᠦᠯᠭᠡ ᠶᠢᠨ ᠲᠥᠰᠥᠯ ᠤᠨ ᠰᠢᠰᠲ᠋ᠧᠮ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠬᠦ ᠶᠢ ᠵᠢᠯᠣᠭᠤᠳᠤᠨ᠎ᠠ᠃ ᠤᠯᠤᠰ ᠠᠴᠠ ᠶᠡᠷᠦᠩᠬᠡᠢ ᠲᠥᠯᠦᠪᠵᠢᠭᠦᠯᠭᠡ ᠶᠢᠨ | ᠲᠥᠰᠥᠯ ᠢ ᠲᠣᠭᠲᠠᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ ᠲᠣᠰ ᠲᠥᠰᠥᠯ ᠢ ᠦᠨᠳᠦᠰᠦᠯᠡᠨ ᠣᠷᠣᠨ ᠪᠠ ᠲᠥᠷᠥᠯ ᠬᠤᠪᠢᠶᠠᠨ ᠪᠦᠲᠦᠭᠡᠨ ᠪᠠᠶᠢᠭᠤᠯᠬᠤ | ᠵᠦᠭᠯᠡᠭᠦᠷ ᠢ ᠲᠣᠭᠲᠠᠭᠠᠨ᠎ᠠ᠃ ᠮᠤᠵᠢ ᠶᠢᠨ ᠱᠠᠲᠤᠨ ᠠᠴᠠ ᠲᠣᠰ ᠣᠷᠣᠨ ᠪᠦᠰᠡ ᠶᠢᠨ ᠲᠥᠯᠦᠪᠵᠢᠭᠦᠯᠭᠡ ᠶᠢᠨ ᠲᠥᠰᠥᠯ ᠢ | ᠨᠡᠶᠢᠲᠡᠯᠡᠵᠦ᠂ ᠪᠦᠲᠦᠭᠡᠨ ᠪᠠᠶᠢᠭᠤᠯᠤᠯᠲᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ᠂ ᠴᠠᠭ ᠤᠨ ᠳᠠᠷᠠᠭᠠᠯᠠᠯ ᠤᠨ | ᠲᠣᠬᠢᠷᠠᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠤᠪᠢᠶᠠᠨ ᠨᠠᠶᠢᠳᠠᠪᠤᠷᠢᠵᠢᠭᠤᠯᠬᠤ ᠶᠢᠨ ᠵᠡᠷᠭᠡ ᠪᠠᠷ ᠬᠥᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠳᠤ ᠬᠠᠭᠤᠯᠤᠨ ᠬᠦᠷᠭᠡᠨ᠎ᠡ᠃ ᠬᠤᠲᠠ | ᠰᠢᠶᠠᠨ ᠤ ᠱᠠᠲᠤ ᠨᠢ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ ᠪᠣᠳᠠᠲᠠᠢ ᠬᠡᠷᠡᠭᠵᠢᠭᠦᠯᠬᠦ ᠲᠥᠰᠥᠯ ᠨᠡᠶᠢᠲᠡᠯᠡᠵᠦ᠂ ᠪᠦᠲᠦᠭᠡᠨ | ᠪᠠᠶᠢᠭᠤᠯᠬᠤ ᠪᠠᠷ ᠪᠠᠶᠢᠭ᠎ᠠ ᠡᠭᠦᠷᠭᠡ᠂ ᠪᠦᠲᠦᠭᠡᠨ ᠪᠠᠶᠢᠭᠤᠯᠬᠤ ᠠᠭᠤᠯᠭ᠎ᠠ ᠪᠠ ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠢ | ᠲᠣᠳᠣᠷᠬᠠᠶᠢᠯᠠᠨ᠎ᠠ᠃ | ᠭᠤᠷᠪᠠ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ | ︵ᠵᠢᠷᠭᠤᠭ᠎ᠠ︶ ᠲᠥᠷᠥᠯ ᠵᠦᠢᠯ ᠤᠨ ᠬᠡᠷᠡᠭᠵᠢᠭᠦᠯᠦᠯᠲᠡ᠃ ᠡᠯ᠎ᠡ ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠭᠡᠴᠡ ᠪᠠᠨ ᠴᠢᠩᠭᠠᠳᠬᠠᠵᠤ᠂ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠭᠤᠶᠤᠴᠢᠯᠠᠨ ᠮᠡᠳᠡᠭᠦᠯᠬᠦ ᠪᠠ | ᠡᠭᠦᠷᠭᠡ ᠪᠠᠭᠤᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠨ ᠤ ᠬᠠᠷᠠᠯᠲᠠ ᠶᠢᠨ ᠡᠭᠦᠷᠭᠡ ᠪᠠᠨ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠲᠣᠭᠲᠠᠭᠠᠵᠤ᠂ ᠨᠢᠭᠡᠳᠦᠯᠲᠡᠢ ᠵᠠᠳᠠᠯᠵᠤ ᠳᠣᠷᠣᠭᠰᠢ ᠪᠠᠭᠤᠯᠭᠠᠨ᠎ᠠ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠳᠠᠪᠬᠤᠷᠳᠠᠭᠤᠯᠤᠨ ᠬᠢᠨᠠᠨ ᠵᠥᠪᠰᠢᠶᠡᠷᠡᠬᠦ᠂ ᠣᠯᠠᠨ ᠲᠠᠯ᠎ᠠ ᠠᠴᠠ ᠬᠢᠨᠠᠨ ᠵᠥᠪᠰᠢᠶᠡᠷᠡᠬᠦ ᠠᠴᠠ | ᠵᠠᠶᠢᠯᠠᠰᠬᠢᠨ᠎ᠡ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠳᠦᠷᠢᠮ᠂ ᠢᠨᠵᠧᠨᠧᠷᠢᠩ ᠢ ᠬᠢᠨᠠᠨ ᠬᠠᠮᠢᠶᠠᠷᠬᠤ ᠳᠦᠷᠢᠮ᠂ ᠭᠡᠷ᠎ᠡ ᠶᠢ ᠬᠠᠮᠢᠶᠠᠷᠬᠤ ᠳᠦᠷᠢᠮ᠂ | ᠲᠥᠷᠥᠯ ᠵᠦᠢᠯ ᠢ ᠢᠯᠡ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠨᠵᠧᠨᠧᠷᠢᠩ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠣᠩᠭᠤᠬᠤ᠂ ᠲᠥᠷᠥᠯ ᠵᠦᠢᠯ | ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠪᠠᠷᠢᠬᠤ | ᠵᠡᠷᠭᠡ ᠡᠯ᠎ᠡ ᠭᠤᠭᠴᠤᠭ᠎ᠠ ᠪᠣᠭᠤᠮᠲᠠ ᠶᠢ ᠴᠢᠩᠭ᠎ᠠ ᠠᠳᠬᠤᠵᠤ᠂ ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠬᠤ᠂ | ᠢᠨᠵᠧᠨᠧᠷᠢᠩ ᠤᠨ ᠠᠵᠢᠯ ᠢ ᠬᠤᠳᠠᠯ ᠬᠠᠭᠤᠷᠮᠠᠭ ᠢᠶᠠᠷ ᠵᠣᠬᠢᠶᠠᠬᠤ ᠵᠡᠷᠭᠡ ᠶᠠᠰᠤ ᠴᠢᠨᠠᠷ ᠤᠨ ᠠᠰᠠᠭᠤᠳᠠᠯ ᠵᠢᠴᠢ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ | ᠪᠦᠬᠦᠢ ᠨᠢᠭᠡᠴᠢ ᠶᠢᠨ ᠬᠢᠷᠢ ᠬᠡᠮ ᠤᠨ ᠨᠥᠬᠦᠴᠡᠯ ᠱᠠᠭᠠᠷᠳᠠᠯᠭ᠎ᠠ ᠶᠢ ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠵᠦ | ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠨᠢᠭᠡᠴᠢ ᠪᠠ ᠬᠤᠪᠢ ᠬᠥᠮᠥᠨ ᠤ ᠣᠷᠣᠯᠴᠠᠬᠤ ᠶᠢ | ᠬᠢᠵᠠᠭᠠᠷᠯᠠᠨ᠎ᠠ᠃ | ︵ᠳᠣᠯᠤᠭ᠎ᠠ︶ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ᠃ ᠡᠯ᠎ᠡ ᠭᠠᠵᠠᠷ ᠤᠨ ᠬᠢᠨ ᠲᠥᠰᠥᠪ ᠤᠨ ᠬᠠᠮᠢᠶᠠᠷᠤᠯᠲᠠ᠂ | ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠵᠡᠷᠭᠡ ᠳᠦᠷᠢᠮ ᠲᠣᠭᠲᠠᠭᠠᠯ ᠢ ᠦᠨᠳᠦᠰᠦᠯᠡᠨ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠠᠭ ᠤᠨ ᠬᠢᠵᠠᠭᠠᠷ ᠶᠣᠰᠣᠭᠠᠷ | ᠰᠠᠯᠭᠠᠨ ᠵᠠᠳᠠᠯᠵᠤ ᠪᠠᠭᠤᠯᠭᠠᠨ᠂ ᠬᠥᠮᠥᠷᠭᠡ ᠶᠢᠨ ᠵᠣᠭᠤᠰ ᠢ ᠵᠦᠢ ᠵᠣᠬᠢᠰᠲᠠᠢ ᠲᠣᠬᠢᠷᠠᠭᠤᠯᠤᠨ᠂ ᠭᠡᠷ᠎ᠡ ᠳᠤ ᠪᠣᠯᠵᠣᠨ | ᠲᠣᠭᠲᠠᠭᠰᠠᠨ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠦᠨᠳᠦᠰᠦᠯᠡᠨ ᠥᠭᠴᠦ᠂ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠪᠡᠯᠡ ᠮᠥᠩᠭᠦ ᠶᠢᠨ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ᠂ ᠰᠡᠷᠡᠮᠵᠢᠯᠡᠭᠦᠯᠬᠦ ᠬᠢᠨᠠᠨ ᠡᠵᠡᠮᠳᠡᠬᠦ᠂ ᠲᠤᠰᠬᠠᠢ ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠰᠥᠪ ᠢ | ᠴᠠᠭ ᠲᠤᠬᠠᠢ ᠳᠤᠨᠢ ᠪᠠᠭᠤᠯᠭᠠᠭᠰᠠᠨ ᠦᠭᠡᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠣᠰᠣᠭᠠᠷ | ᠥᠭᠭᠦᠭᠰᠡᠨ ᠦᠭᠡᠢ ᠵᠡᠷᠭᠡ ᠠᠰᠠᠭᠤᠳᠠᠯ ᠢ ᠴᠠᠭ ᠲᠤᠬᠠᠢ ᠳᠤᠨᠢ ᠰᠠᠨᠠᠭᠤᠯᠬᠤ ᠪᠠ ᠵᠠᠯᠠᠷᠠᠭᠤᠯᠵᠤ᠂ ᠰᠢᠯᠵᠢᠭᠦᠯᠦᠨ ᠥᠭᠬᠦ ᠪᠠᠷ | ᠵᠠᠷᠤᠯᠭ᠎ᠠ ᠶᠢ ᠣᠷᠣᠯᠠᠭᠤᠯᠬᠤ᠂ ᠮᠡᠬᠡᠯᠡᠨ ᠠᠪᠴᠤ ᠳᠤᠮᠳᠠ ᠠᠴᠠ ᠨᠢ ᠦᠯᠡᠳᠡᠭᠡᠬᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ | ᠵᠡᠷᠭᠡ ᠠᠰᠠᠭᠤᠳᠠᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ︶ ᠨᠢ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠰᠢᠶᠠᠩ ᠪᠠᠯᠭᠠᠰᠤᠨ ᠤ | ᠤᠯᠤᠰ ᠤᠨ ᠬᠥᠮᠥᠷᠭᠡ ᠶᠢᠨ ᠳᠠᠩ ᠭᠠᠭᠴᠠ ᠳᠠᠩᠰᠠᠠ ᠡᠷᠦᠬᠡ ᠶᠢᠨ ᠳᠣᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ ᠬᠤᠪᠢᠶᠠᠷᠢ ᠳᠠᠩᠰᠠᠠ ᠡᠷᠦᠬᠡ ᠪᠠᠶᠢᠭᠤᠯᠵᠤ᠂ ᠲᠤᠰᠬᠠᠢ | ᠳᠠᠩᠰᠠ ᠪᠠᠷ ᠬᠢᠨᠠᠨ ᠬᠠᠮᠢᠶᠠᠷᠬᠤ᠂ ᠲᠤᠰᠬᠠᠢ ᠳᠠᠩᠰᠠ ᠪᠠᠷ ᠰᠢᠯᠵᠢᠭᠦᠯᠦᠨ ᠥᠭᠬᠦ᠂ ᠲᠤᠰᠬᠠᠢ ᠳᠠᠩᠰᠠ ᠪᠠᠷ ᠢᠯᠭᠠᠷᠠᠭᠤᠯᠤᠨ | ᠪᠣᠳᠣᠬᠤ ᠶᠢ ᠪᠡᠶᠡᠯᠡᠭᠦᠯᠵᠦ᠂ ᠪᠡᠯᠡ ᠮᠥᠩᠭᠦ ᠶᠢ ᠦᠨᠡᠨ ᠬᠦ ᠲᠠᠷᠢᠶᠠᠨ ᠭᠠᠵᠠᠷ ᠲᠤ ᠬᠡᠷᠡᠭᠯᠡᠬᠦ ᠶᠢ ᠪᠡᠶᠡᠯᠡᠭᠦᠯᠵᠦ ᠪᠣᠯᠣᠨ᠎ᠠ᠃ | ︵ᠨᠠᠢᠮᠠ︶ ᠪᠠᠷᠢᠯᠭ᠎ᠠ ᠳᠠᠭᠤᠰᠬᠠᠵᠤ ᠰᠢᠯᠭᠠᠨ ᠠᠪᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠠᠭ ᠲᠤᠬᠠᠢ ᠳᠤᠨᠢ ᠪᠠᠶᠢᠭᠤᠯᠵᠤ ᠳᠠᠭᠤᠰᠬᠠᠬᠤ ᠶᠢᠨ ᠵᠡᠷᠭᠡ ᠪᠠᠷ ᠪᠠᠷᠢᠯᠭ᠎ᠠ | ᠳᠠᠭᠤᠰᠴᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠰᠢᠯᠭᠠᠨ ᠠᠪᠬᠤ ᠭᠤᠭᠴᠤᠭ᠎ᠠ ᠶᠢᠨ ᠶᠠᠰᠤ | ᠴᠢᠨᠠᠷ ᠢ ᠴᠢᠩᠭ᠎ᠠ ᠡᠵᠡᠮᠳᠡᠵᠦ᠂ ᠰᠢᠶᠠᠨ ᠤ ᠱᠠᠲᠤᠨ ᠤ ᠠᠩᠬᠠᠨ ᠤ ᠬᠢᠨᠠᠨ ᠰᠢᠯᠭᠠᠯᠲᠠ᠂ ᠬᠤᠲᠠ ᠶᠢᠨ ᠱᠠᠲᠤᠨ ᠠᠴᠠ ᠰᠢᠯᠭᠠᠨ | ᠠᠪᠬᠤ᠂ ᠮᠤᠵᠢ ᠶᠢᠨ ᠱᠠᠲᠤᠨ ᠠᠴᠠ ᠰᠤᠭᠤᠴᠢᠨ ᠪᠠᠶᠢᠴᠠᠭᠠᠬᠤ ᠲᠠᠰ ᠳᠠᠷᠠᠭᠠᠯᠠᠯ ᠢ ᠨᠠᠶᠢᠳᠠᠪᠤᠷᠢᠵᠢᠭᠤᠯᠵᠤ᠂ ᠲᠥᠷᠥᠯ | ᠵᠦᠢᠯ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠩᠳᠠᠵᠤ ᠤᠰᠤᠲᠤᠪᠠᠴᠤ ᠬᠤᠷᠢᠶᠠᠯᠲᠠ ᠶᠢ | ᠪᠠᠲᠤᠯᠠᠬᠤ ᠴᠢᠳᠠᠪᠤᠷᠢ ᠪᠠ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠵᠢᠴᠢ ᠲᠤᠷᠰᠢᠨ ᠬᠡᠷᠡᠭᠯᠡᠬᠦ ᠦᠷ᠎ᠡ ᠳ᠋ᠦᠩ᠂ | ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ ᠵᠡᠷᠭᠡ ᠶᠢ ᠪᠦᠲᠦᠮᠵᠢᠲᠡᠶ ᠳᠡᠭᠡᠭᠰᠢᠯᠡᠭᠦᠯᠵᠦ ᠳᠡᠶᠢᠯᠬᠦ ᠡᠰᠡᠬᠦ ᠪᠠᠷ ᠰᠢᠯᠭᠠᠨ | ᠠᠪᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠲᠥᠷᠥᠯ ᠵᠦᠢᠯ ᠢ ᠰᠢᠯᠭᠠᠨ ᠠᠪᠤᠭᠰᠠᠨ ᠤ ᠳᠠᠷᠠᠭ᠎ᠠ᠂ ᠢᠨᠵᠧᠨᠧᠷᠢᠩ ᠤᠨ | ᠲᠤᠨᠤᠭ ᠲᠥᠬᠦᠭᠡᠷᠦᠮᠵᠢ ᠶᠢᠨ ᠥᠮᠴᠢᠯᠡᠯ ᠤᠨ ᠡᠷᠬᠡ ᠶᠢ ᠴᠠᠭ ᠲᠤᠬᠠᠢ ᠳᠤᠨᠢ ᠲᠣᠳᠣᠷᠬᠠᠶᠢᠯᠠᠵᠤ᠂ ᠵᠠᠰᠠᠭ ᠤᠨ ᠣᠷᠳᠣᠨ ᠠᠴᠠ | ᠪᠡᠯᠡ ᠣᠷᠣᠭᠤᠯᠵᠤ ᠪᠤᠢ ᠪᠣᠯᠤᠭᠰᠠᠨ ᠡᠷᠬᠡ ᠶᠢ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ ᠣᠷᠣᠨ ᠤ ᠭᠠᠵᠠᠷ ᠰᠢᠷᠣᠢ ᠶᠢᠨ | ᠥᠮᠴᠢᠯᠡᠭᠴᠢ ᠳᠤ ᠥᠮᠴᠢᠯᠡᠭᠳᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ | ︵ᠶᠢᠰᠦ︶ ᠪᠦᠬᠦ ᠶᠠᠪᠤᠴᠠ ᠳᠤ ᠬᠢᠨᠠᠯᠲᠠ ᠲᠠᠯᠪᠢᠬᠤ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠢᠨᠵᠧᠨᠧᠷᠢᠩ ᠤᠨ ᠶᠠᠰᠤ ᠴᠢᠨᠠᠷ ᠤᠨ ᠵᠤᠷᠰᠢᠯᠲᠤ | ᠪᠠᠶᠢᠴᠠᠭᠠᠯᠲᠠ ᠶᠢᠨ ᠳᠦᠷᠢᠮ ᠢ ᠲᠣᠭᠲᠠᠭᠠᠵᠤ᠂ ᠤᠯᠤᠰ ᠪᠠ ᠮᠤᠵᠢ ᠶᠢᠨ ᠱᠠᠲᠤᠨ ᠳᠤ ᠪᠠᠶᠢᠩᠭᠤ ᠶᠢᠨ ᠰᠤᠭᠤᠴᠢᠨ | ᠪᠠᠶᠢᠴᠠᠭᠠᠯᠲᠠ ᠶᠢ ᠥᠷᠨᠢᠭᠦᠯᠦᠨ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠲᠡᠯᠡᠵᠦ᠂ | ᠨᠡᠶᠢᠲᠡᠯᠢᠭ ᠠᠰᠠᠭᠤᠳᠠᠯ ᠢ ᠢᠯᠡ ᠨᠡᠶᠢᠲᠡᠯᠡᠨ᠎ᠡ᠃ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ | ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ᠂ ᠲᠠᠷᠢᠶᠠᠴᠢᠨ ᠤᠯᠠᠨ ᠲᠦᠮᠡᠨ ᠪᠠ ᠵᠠᠭᠤᠴᠢᠯᠠᠭᠤᠷ ᠤᠨ ᠬᠢᠨᠠᠯᠲᠠ | ᠲᠠᠯᠪᠢᠬᠤ ᠶᠢ ᠴᠢᠩᠭᠠᠳᠬᠠᠵᠤ᠂ ᠢᠨᠵᠧᠨᠧᠷᠢᠩ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠦᠢᠯᠡᠴᠢᠯᠡᠭᠡᠨ ᠤ ᠤᠲᠠᠰᠤ᠂ | ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠠᠭ ᠲᠤᠬᠠᠢ ᠳᠤᠨᠢ ᠰᠡᠭᠦᠳᠡᠷᠯᠡᠵᠦ ᠰᠢᠩᠭᠡᠭᠡᠬᠦ︾ ᠵᠢᠵᠢᠭ ᠫᠷᠣᠭ᠍ᠷᠠᠮ | ᠵᠡᠷᠭᠡ ᠬᠢᠨᠠᠯᠲᠠ ᠲᠠᠯᠪᠢᠬᠤ ᠠᠷᠭ᠎ᠠ ᠪᠠᠷᠢᠯ ᠢ ᠰᠠᠶᠢᠲᠤᠷ ᠬᠡᠷᠡᠭᠯᠡᠨ᠎ᠡ᠃ ᠪᠥᠬᠦ ᠤᠯᠤᠰ ᠤᠨ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠶᠢᠯᠡᠨ ᠬᠢᠨᠠᠨ ᠬᠡᠮᠵᠢᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ ᠲᠥᠷᠥᠯ ᠵᠦᠢᠯ ᠢᠶᠠᠷ | ᠲᠣᠭᠲᠠᠭᠠᠬᠤ᠂ ᠬᠡᠷᠡᠭᠵᠢᠭᠦᠯᠬᠦ᠂ ᠰᠢᠯᠭᠠᠨ ᠠᠪᠬᠤ᠂ ᠬᠡᠷᠡᠭᠯᠡᠬᠦ ᠵᠡᠷᠭᠡ ᠡᠯ᠎ᠡ ᠱᠠᠲᠤ ᠦᠶ᠎ᠡ ᠶᠢᠨ ᠬᠤᠯᠪᠣᠭᠳᠠᠯ ᠪᠦᠬᠦᠢ ᠮᠡᠳᠡᠭᠡ | ᠵᠠᠩᠭᠢ ᠶᠢ ᠴᠠᠭ ᠲᠤᠬᠠᠢ ᠳᠤᠨᠢ ᠵᠢᠷᠤᠭ ᠪᠣᠯᠭᠠᠨ ᠬᠥᠮᠥᠷᠭᠡ ᠳᠤ ᠣᠷᠣᠭᠤᠯᠤᠨ᠂ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ | ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠵᠤ᠂ ᠠᠵᠢᠯ ᠡᠷᠭᠢᠯᠡᠬᠦ ᠭᠤᠣᠯ ᠴᠣᠭᠴᠠ ᠶᠢᠨ ᠬᠠᠤᠯᠢ ᠶᠣᠰᠣᠭᠠᠷ ᠠᠵᠢᠯ | ᠲᠥᠷᠥᠯ ᠤᠨ ᠨᠡᠶᠢᠭᠡᠮᠯᠢᠭ ᠵᠡᠷᠭᠡ ᠦᠢᠯᠡᠴᠢᠯᠡᠭᠡ ᠪᠠ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ | ᠬᠥᠲᠥᠯᠥᠨ ᠵᠢᠯᠣᠭᠤᠳᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠡᠷᠭᠢᠯᠡᠬᠦ ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠵᠦ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠶᠢ | ᠠᠬᠢᠭᠤᠯᠤᠨ᠎ᠠ᠃ | ᠳᠥᠷᠪᠡ᠂ ᠡᠵᠡᠩᠨᠡᠨ ᠬᠠᠮᠢᠶᠠᠷᠴᠤ ᠬᠠᠮᠠᠭᠠᠯᠠᠬᠤ | ︵ᠠᠷᠪᠠ︶ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠭᠤᠣᠯ ᠴᠣᠭᠴᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠬᠠᠷᠢᠶ᠎ᠠ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠲᠤ ᠬᠤᠪᠢᠶᠠᠨ | ᠪᠣᠳᠠᠲᠠᠶᠢᠵᠢᠭᠤᠯᠵᠤ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠠᠭᠤᠯᠭ᠎ᠠ ᠪᠠ ᠪᠠᠷᠢᠮᠵᠢᠶ᠎ᠠ ᠶᠢ ᠲᠣᠳᠣᠷᠬᠠᠶᠢᠯᠠᠨ᠎ᠠ᠃ | ᠣᠯᠠᠨ ᠨᠡᠶᠢᠲᠡ ᠶᠢᠨ ᠲᠤᠨᠤᠭ ᠲᠥᠬᠦᠭᠡᠷᠦᠮᠵᠢ ᠶᠢᠨ ᠰᠢᠶᠠᠨ ᠤ ᠱᠠᠲᠤᠨ ᠤ ᠵᠠᠰᠠᠭ ᠤᠨ ᠣᠷᠳᠣᠨ ᠨᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ | ᠠᠵᠢᠯ ᠲᠥᠷᠥᠯ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠤᠰᠤᠯᠠᠯᠲᠠ ᠶᠢᠨ ᠤᠰᠤ ᠭᠠᠳᠠᠭᠰᠢᠯᠠᠭᠤᠯᠬᠤ᠂ ᠴᠠᠬᠢᠯᠭᠠᠨ ᠳᠠᠮᠵᠢᠭᠤᠯᠵᠤ ᠲᠣᠬᠢᠷᠠᠭᠤᠯᠬᠤ ᠵᠡᠷᠭᠡ ᠢᠨᠵᠧᠨᠧᠷᠢᠩ ᠤᠨ ᠲᠤᠨᠤᠭ | ᠲᠥᠬᠦᠭᠡᠷᠦᠮᠵᠢ ᠶᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠬᠢᠨᠠᠨ ᠬᠠᠮᠢᠶᠠᠷᠬᠤ ᠪᠠ ᠵᠢᠯᠤᠭᠤᠳᠬᠤ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠠᠷᠢᠭᠤᠴᠠᠯᠭ᠎ᠠ ᠡᠷᠬᠡ ᠶᠢ ᠨᠢᠭᠡᠳᠦᠯᠲᠡᠢ ᠪᠠᠶᠢᠯᠭᠠᠬᠤ᠂ ᠬᠠᠷᠢᠭᠤᠴᠠᠯᠭ᠎ᠠ ᠴᠢᠳᠠᠪᠤᠷᠢ ᠶᠢ ᠨᠢᠭᠡᠳᠦᠯᠲᠡᠢ ᠪᠠᠶᠢᠯᠭᠠᠬᠤ ᠵᠠᠷᠴᠢᠮ | ᠶᠣᠰᠣᠭᠠᠷ᠂ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠳᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠲᠠᠯ᠎ᠠ ᠪᠠᠷ ᠬᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠢ ᠲᠣᠳᠣᠷᠬᠠᠶᠢᠯᠠᠨ᠎ᠠ᠃ ᠲᠠᠷᠢᠶᠠᠨ ᠭᠠᠵᠠᠷ ᠲᠠᠬᠢ ᠡᠳᠦᠷ ᠲᠤᠲᠤᠮ ᠤᠨ ᠬᠡᠷᠡᠭᠯᠡᠬᠦ | ᠨᠣᠷᠮ᠎ᠠ ᠪᠠᠷ ᠥᠨᠳᠥᠷ ᠪᠠᠶᠢᠳᠠᠭ ᠲᠠᠷᠢᠶᠠᠨ ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠲᠤᠨᠤᠭ | ᠲᠥᠬᠦᠭᠡᠷᠦᠮᠵᠢ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠡᠶ᠎ᠡ ᠪᠠᠨ | ᠳᠠᠭᠠᠭᠠᠵᠤ ᠪᠡᠯᠡ ᠣᠷᠣᠭᠤᠯᠵᠤ ᠪᠡᠯᠡ ᠴᠤᠭᠯᠠᠭᠤᠯᠬᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠨ ᠡᠳᠦᠷ ᠲᠤᠲᠤᠮ ᠤᠨ ᠡᠵᠡᠩᠨᠡᠵᠦ ᠬᠠᠮᠢᠶᠠᠷᠤᠨ ᠬᠠᠮᠠᠭᠠᠯᠠᠬᠤ ᠶᠢ ᠳᠡᠮᠵᠢᠨ᠎ᠠ᠃ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠶᠢᠨ ᠠᠵᠢᠯᠲᠠᠨ ᠳᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ᠂ ᠪᠣᠯᠪᠠᠰᠤᠷᠠᠯ ᠬᠦᠷᠲᠡᠭᠡᠬᠦ ᠦᠢᠯᠡᠴᠢᠯᠡᠭᠡ ᠪᠠ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠵᠠᠭᠪᠤᠷ᠃ ᠡᠯ᠎ᠡ ᠭᠠᠵᠠᠷ ᠤᠨ ᠬᠢᠨ | ᠪᠣᠳᠠᠲᠠᠢ ᠲᠠᠢ ᠪᠠᠨ ᠤᠶᠠᠯᠳᠤᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠶᠢᠨ ᠵᠠᠭᠪᠤᠷ ᠢ ᠰᠦᠪᠡᠭᠴᠢᠯᠡᠵᠦ ᠪᠣᠯᠣᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ | ᠪᠤᠶᠤ ᠠᠵᠢᠯ ᠲᠥᠷᠥᠯ ᠤᠨ ᠪᠠᠶᠢᠭᠤᠯᠤᠮᠵᠢ ᠳᠤ ᠨᠠᠶᠢᠳᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠰᠤᠨ ᠬᠠᠭᠠᠯᠲᠠ᠂ | ᠬᠥᠭᠡᠷᠭᠡ ᠶᠢᠨ ᠥᠷᠲᠡᠭᠡ᠂ ᠴᠠᠬᠢᠯᠭᠠᠨ ᠬᠦᠴᠦᠨ ᠤ ᠲᠤᠨᠤᠭ ᠲᠥᠬᠦᠭᠡᠷᠦᠮᠵᠢ ᠵᠡᠷᠭᠡ ᠮᠡᠷᠭᠡᠵᠢᠯ ᠤᠨ ᠴᠢᠨᠠᠷ ᠢᠶᠠᠷ ᠨᠡᠯᠢᠶᠡᠳ | ᠴᠢᠩᠭ᠎ᠠ ᠲᠤᠨᠤᠭ ᠲᠥᠬᠦᠭᠡᠷᠦᠮᠵᠢ ᠳᠤ ᠲᠤᠰᠬᠠᠶᠢᠵᠢᠭᠰᠠᠨ ᠬᠠᠮᠠᠭᠠᠯᠠᠯᠲᠠ ᠬᠢᠬᠦ ᠶᠢ ᠵᠣᠷᠢᠭᠵᠢᠭᠤᠯᠤᠨ᠎ᠠ᠃ ᠢᠨᠵᠧᠨᠧᠷᠢᠩ ᠤᠨ | ᠶᠠᠰᠤ ᠴᠢᠨᠠᠷ ᠤᠨ ᠳᠠᠭᠠᠳᠬᠠᠯ ᠳᠤ ᠣᠷᠣᠬᠤ ᠶᠢ ᠵᠣᠷᠢᠭᠵᠢᠭᠤᠯᠤᠨ᠂ ᠳᠠᠭᠠᠳᠬᠠᠯ ᠢ ᠳᠠᠭᠠᠭᠠᠴᠢᠯᠠᠭᠰᠠᠨ ᠪᠠᠶᠢᠭᠤᠯᠤᠮᠵᠢ ᠠᠴᠠ | ᠲᠤᠰᠬᠠᠢ ᠬᠦᠴᠦᠨ ᠢ ᠵᠣᠬᠢᠶᠠᠨ ᠪᠠᠶᠢᠭᠤᠯᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠭᠤᠣᠯ | ᠴᠣᠭᠴᠠ ᠳᠤ ᠬᠢᠨᠠᠯᠲᠠ ᠲᠠᠯᠪᠢᠬᠤ ᠶᠢ ᠳᠡᠮᠵᠢᠵᠦ᠂ ᠢᠨᠵᠧᠨᠧᠷᠢᠩ ᠤᠨ ᠶᠠᠰᠤ ᠴᠢᠨᠠᠷ ᠤᠨ ᠲᠦᠭᠰᠢᠭᠦᠷᠢ ᠶᠢ ᠰᠡᠷᠭᠡᠶᠢᠯᠡᠨ᠂ | ᠢᠨᠵᠧᠨᠧᠷᠢᠩ ᠤᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠠᠰᠠᠭᠤᠳᠠᠯ ᠳᠤ ᠴᠠᠭ ᠲᠤᠬᠠᠢ ᠳᠤᠨᠢ ᠲᠥᠯᠥᠪᠦᠷᠢ | ᠥᠭᠭᠦᠨ ᠰᠢᠢᠳᠪᠦᠷᠢᠯᠡᠨ᠎ᠡ᠃ | ︵ᠠᠷᠪᠠᠨ ᠬᠤᠶᠠᠷ︶ ᠬᠠᠮᠠᠭᠠᠯᠠᠵᠤ ᠠᠰᠢᠭᠯᠠᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠩᠭ᠎ᠠ ᠬᠠᠮᠠᠭᠠᠯᠠᠵᠤ᠂ | ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠡᠵᠡᠯᠡᠨ ᠬᠡᠷᠡᠭᠯᠡᠬᠦ ᠶᠢ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠪᠣᠯ᠂ ᠡᠯ᠎ᠡ ᠭᠠᠵᠠᠷ ᠤᠨ ᠬᠢᠨ ᠨᠥᠬᠦᠵᠦ ᠪᠦᠲᠦᠭᠡᠨ ᠪᠠᠶᠢᠭᠤᠯᠬᠤ ᠶᠠᠪᠤᠳᠠᠯ ᠢ ᠴᠠᠭ ᠲᠤᠬᠠᠢ ᠳᠤᠨᠢ | ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠶᠢ ᠨᠢ ᠪᠠᠭᠠᠰᠬᠠᠬᠤ ᠦᠭᠡᠢ᠂ ᠶᠠᠰᠤ ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠢ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠭᠡᠳ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠤᠨᠤᠭ ᠲᠥᠬᠦᠭᠡᠷᠦᠮᠵᠢ ᠶᠢ ᠡᠪᠳᠡᠨ ᠰᠦᠢᠳᠬᠡᠵᠦ ᠪᠣᠯᠬᠤ ᠦᠭᠡᠢ᠂ ᠭᠠᠮᠰᠢᠭ ᠠᠴᠠ ᠪᠣᠯᠵᠤ | ᠡᠪᠳᠡᠭᠳᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠣᠨ ᠤ ᠥᠭᠡᠷᠡᠴᠢᠯᠡᠨ ᠰᠠᠶᠢᠵᠢᠷᠠᠭᠤᠯᠵᠤ ᠪᠦᠲᠦᠭᠡᠨ ᠪᠠᠶᠢᠭᠤᠯᠬᠤ | ᠡᠭᠦᠷᠭᠡ ᠳᠤ ᠣᠷᠣᠭᠤᠯᠤᠨ ᠴᠠᠭ ᠲᠤᠬᠠᠢ ᠳᠤᠨᠢ ᠰᠡᠯᠪᠢᠨ ᠰᠡᠷᠭᠦᠭᠡᠬᠦ ᠪᠤᠶᠤ ᠨᠥᠬᠦᠵᠦ ᠪᠦᠲᠦᠭᠡᠨ ᠪᠠᠶᠢᠭᠤᠯᠬᠤ ᠬᠡᠷᠡᠭᠲᠡᠢ᠃ | ᠲᠠᠷᠢᠶᠠᠨ ᠭᠠᠵᠠᠷ ᠤᠨ ᠨᠡᠮᠡᠯᠲᠡ ᠪᠣᠷᠳᠣᠭᠤᠷ ᠪᠠ ᠶᠠᠰᠤ ᠴᠢᠨᠠᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠭᠠᠵᠠᠷ ᠤᠨ | ᠬᠦᠴᠦ ᠰᠢᠮ᠎ᠡ ᠮᠠᠭᠤᠳᠠᠬᠤ ᠶᠢ ᠰᠡᠷᠭᠡᠶᠢᠯᠡᠨ᠎ᠡ᠃ ᠪᠣᠬᠢᠷ ᠤᠰᠤ᠂ ᠠᠮᠢᠳᠤᠷᠠᠯ ᠤᠨ ᠬᠤᠭ ᠨᠣᠪᠰᠢ᠂ ᠠᠵᠤ ᠦᠢᠯᠡᠳᠪᠦᠷᠢ ᠶᠢᠨ | ᠬᠠᠶᠠᠭᠳᠠᠮᠠᠯ ᠡᠳ᠋ ᠵᠡᠷᠭᠡ ᠶᠢ ᠭᠠᠳᠠᠭᠰᠢᠯᠠᠭᠤᠯᠬᠤ᠂ ᠴᠢᠳᠬᠤᠬᠤ᠂ ᠲᠠᠷᠢᠶᠠᠨ ᠭᠠᠵᠠᠷ ᠲᠤ ᠬᠠᠳᠠᠭᠠᠯᠠᠨ ᠲᠠᠯᠪᠢᠬᠤ ᠶᠢ ᠴᠢᠩᠭ᠎ᠠ | ᠴᠠᠭᠠᠵᠠᠯᠠᠨ᠎ᠠ᠃ | ᠲᠠᠪᠤ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ | ︵ᠠᠷᠪᠠᠨ ᠭᠤᠷᠪᠠ︶ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ ᠨᠥᠬᠦᠪᠦᠷᠢᠯᠡᠨ ᠬᠤᠪᠢᠶᠠᠷᠢᠯᠠᠬᠤ | ᠲᠣᠬᠢᠷᠠᠭᠤᠯᠤᠯᠲᠠ᠃ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠨᠥᠬᠦᠪᠦᠷᠢᠯᠡᠨ ᠬᠤᠪᠢᠶᠠᠷᠢᠯᠠᠬᠤ᠂ ᠲᠣᠬᠢᠷᠠᠭᠤᠯᠬᠤ ᠶᠠᠪᠤᠴᠠ ᠶᠢ ᠲᠡᠭᠦᠯᠳᠡᠷᠵᠢᠭᠦᠯᠦᠨ᠎ᠡ᠃ ᠡᠬᠢ | ᠪᠠᠶᠠᠯᠢᠭ ᠤᠨ ᠳᠠᠪᠠᠭᠤᠯᠢᠭ ᠢᠶᠠᠷ ᠰᠠᠶᠢᠨ᠂ ᠦᠢᠯᠡᠳᠪᠦᠷᠢᠯᠡᠯ ᠤᠨ ᠳᠠᠯᠳᠠ ᠬᠦᠴᠦᠨ ᠢᠶᠠᠷ ᠶᠡᠭᠡ᠂ ᠡᠭᠦᠷᠢᠳᠡ ᠶᠢᠨ ᠴᠢᠨᠠᠷᠲᠠᠢ | ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠪᠠᠶᠢᠬᠤ ᠦᠭᠡᠢ ᠲᠠᠷᠢᠶᠠᠨ ᠭᠠᠵᠠᠷ ᠳᠡᠭᠡᠷ᠎ᠡ ᠪᠠᠶᠢᠭᠤᠯᠤᠭᠰᠠᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠡᠭᠦᠷᠢᠳᠡ ᠶᠢᠨ ᠴᠢᠨᠠᠷᠲᠠᠢ ᠦᠨᠳᠦᠰᠦᠨ | ᠲᠠᠷᠢᠶᠠᠨ ᠭᠠᠵᠠᠷ ᠪᠣᠯᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢᠶᠠᠷ ᠲᠣᠭᠲᠠᠭᠠᠬᠤ ᠨᠥᠬᠦᠴᠡᠯ ᠳᠤ ᠨᠡᠶᠢᠴᠡᠬᠦ ᠦᠭᠡᠢ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠢ | ᠲᠦᠷ ᠬᠤᠶᠢᠰᠢᠯᠠᠭᠤᠯᠤᠨ ᠪᠦᠲᠦᠭᠡᠨ ᠪᠠᠶᠢᠭᠤᠯᠤᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢ ᠦᠨᠡᠯᠡᠵᠦ ᠲᠣᠬᠢᠷᠠᠭᠤᠯᠬᠤ ᠲᠠᠢ ᠤᠶᠠᠯᠳᠤᠭᠤᠯᠤᠨ᠂ ᠢᠯᠭᠠᠨ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠬᠦ | ᠦᠭᠡᠢ ᠬᠡᠰᠡᠭ ᠭᠠᠵᠠᠷ ᠢ ᠬᠠᠤᠯᠢ ᠶᠣᠰᠣᠭᠠᠷ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠠᠴᠠ ᠰᠢᠯᠵᠢᠭᠦᠯᠦᠨ | ᠭᠠᠷᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠳᠤ | ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠠᠴᠠ ᠪᠣᠯᠵᠤ ᠡᠭᠦᠷᠢᠳᠡ ᠶᠢᠨ | ᠴᠢᠨᠠᠷᠲᠠᠢ ᠦᠨᠳᠦᠰᠦᠨ ᠲᠠᠷᠢᠶᠠᠨ ᠭᠠᠵᠠᠷ ᠢ ᠪᠠᠭ᠎ᠠ ᠬᠡᠮᠵᠢᠶ᠎ᠡ ᠪᠠᠷ ᠡᠵᠡᠯᠡᠨ ᠬᠡᠷᠡᠭᠯᠡᠬᠦ ᠴᠢᠬᠤᠯᠠᠲᠠᠢ ᠪᠠᠶᠢᠪᠠᠯ᠂ ᠪᠦᠲᠦᠭᠡᠨ | ᠪᠠᠶᠢᠭᠤᠯᠬᠤ ᠠᠴᠠ ᠡᠮᠦᠨ᠎ᠡ ᠪᠠ ᠬᠤᠶᠢᠨᠠᠬᠢ ᠲᠥᠷᠥᠯ ᠵᠦᠢᠯ ᠤᠨ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠲᠠᠯᠠᠪᠠᠶ ᠶᠢ | ᠵᠠᠷᠴᠢᠮ ᠳᠡᠭᠡᠷ᠎ᠡ ᠪᠠᠨ ᠪᠠᠭᠠᠰᠬᠠᠵᠤ ᠪᠣᠯᠬᠤ ᠦᠭᠡᠢ᠂ ᠦᠨᠡᠬᠡᠷ ᠪᠠᠭ᠎ᠠ ᠬᠡᠮᠵᠢᠶ᠎ᠡ ᠪᠠᠷ ᠪᠠᠭᠠᠰᠬᠠᠬᠤ ᠴᠢᠬᠤᠯᠠᠲᠠᠢ ᠪᠠᠶᠢᠪᠠᠯ᠂ | ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠡᠭᠦᠷᠢᠳᠡ ᠶᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ ᠤᠨ | ᠲᠣᠬᠢᠷᠠᠭᠤᠯᠤᠯᠲᠠ ᠬᠢᠵᠦ ᠨᠥᠬᠦᠪᠦᠷᠢᠯᠡᠨ ᠬᠤᠪᠢᠶᠠᠷᠢᠯᠠᠬᠤ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ | ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠳᠠᠩᠰᠠᠯᠠᠭᠤᠯᠬᠤ ᠲᠠᠰ | ᠳᠠᠷᠠᠭᠠᠯᠠᠯ ᠢ ᠭᠦᠢᠴᠡᠳᠬᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠢ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠠᠮᠢᠶᠠᠷᠤᠯᠲᠠ ᠶᠢᠨ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠶᠣᠰᠣᠭᠠᠷ ᠭᠠᠵᠠᠷ ᠰᠢᠷᠣᠢ | ᠬᠡᠷᠡᠭᠯᠡᠬᠦ ᠶᠢ ᠬᠢᠨᠠᠨ ᠵᠥᠪᠰᠢᠶᠡᠷᠡᠬᠦ ᠬᠡᠪᠴᠢᠶᠡᠨ ᠳᠤ ᠣᠷᠣᠭᠤᠯᠬᠤ ᠦᠭᠡᠢ᠃ | ︵ᠠᠷᠪᠠᠨ ᠳᠥᠷᠪᠡ︶ ᠤᠰᠤᠨ ᠤ ᠡᠬᠢ ᠪᠠᠶᠠᠯᠢᠭ ᠢ ᠢᠵᠢ ᠪᠦᠷᠢᠳᠦᠭᠦᠯᠬᠦ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ | ᠪᠠ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠨ᠎ᠡ᠃ ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠤᠰᠤ ᠪᠠᠷ ᠭᠠᠵᠠᠷ ᠰᠢᠷᠣᠢ ᠶᠢ | ᠲᠣᠭᠲᠠᠭᠠᠵᠤ᠂ ᠤᠰᠤᠯᠠᠯᠲᠠ ᠶᠢᠨ ᠬᠥᠭᠵᠢᠯᠲᠡ ᠶᠢᠨ ᠬᠡᠪᠴᠢᠶ᠎ᠡ ᠵᠢᠴᠢ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠣᠭᠲᠠᠭᠠᠨ᠂ | ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠲᠣᠬᠢᠷᠠᠯᠴᠠᠭᠤᠯᠤᠨ᠎ᠠ᠃ ᠠᠳᠠᠯᠢ ᠪᠤᠰᠤ ᠲᠥᠷᠥᠯ | ᠬᠡᠯᠪᠡᠷᠢ ᠶᠢᠨ ᠤᠰᠤᠨ ᠰᠤᠷᠪᠤᠯᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ | ᠡᠮᠬᠢ ᠵᠢᠷᠤᠮ ᠲᠠᠢ ᠪᠠᠷ ᠠᠬᠢᠭᠤᠯᠵᠤ᠂ ᠲᠠᠷᠢᠶᠠᠨ ᠭᠠᠵᠠᠷ ᠤᠨ ᠪᠠᠷᠢᠯᠭ᠎ᠠ ᠬᠢᠭᠡᠳ ᠤᠰᠤᠨ ᠰᠤᠷᠪᠤᠯᠵᠢ ᠶᠢᠨ ᠪᠠᠷᠢᠯᠭ᠎ᠠ᠂ ᠭᠤᠣᠯ | ᠤᠰᠤᠨ ᠠᠰᠢᠭᠯᠠᠯᠲᠠ ᠶᠢᠨ ᠪᠠᠷᠢᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠨ᠎ᠠ᠃ ᠲᠣᠮᠣ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠵᠢᠴᠢ ᠣᠳᠣᠬᠢᠴᠢᠯᠠᠯᠲᠠ ᠶᠢᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠨᠥᠬᠦᠴᠡᠯ ᠢᠶᠠᠷ ᠲᠣᠬᠢᠷᠠᠮᠵᠢᠲᠠᠢ | ᠭᠠᠵᠠᠷ ᠣᠷᠣᠨ ᠳᠤ ᠨᠢᠭᠡ ᠪᠦᠯᠦᠭ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠤᠨ᠎ᠠ᠃ ᠲᠠᠷᠢᠶᠠᠨ | ᠭᠠᠵᠠᠷ ᠤᠨ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠪᠡᠯᠡ ᠮᠥᠩᠭᠦ ᠣᠷᠣᠭᠤᠯᠬᠤ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠣᠯᠠᠨ ᠡᠰᠢᠵᠢᠭᠰᠡᠨ ᠣᠷᠣᠭᠤᠯᠤᠯᠲᠠ ᠶᠢᠨ | ᠲᠣᠭᠲᠠᠴᠠ ᠶᠢ ᠪᠦᠷᠢᠨᠰᠢᠭᠦᠯᠦᠨ᠎ᠡ᠃ ᠲᠥᠪ ᠤᠨ ᠪᠠ ᠣᠷᠣᠨ ᠨᠤᠲᠤᠭ ᠤᠨ ᠵᠠᠰᠠᠭ ᠤᠨ ᠣᠷᠳᠣᠨ ᠬᠠᠮᠲᠤ ᠪᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠵᠤ᠂ ᠮᠤᠵᠢ ᠶᠢᠨ | ᠱᠠᠲᠤᠨ ᠤ ᠵᠠᠰᠠᠭ ᠤᠨ ᠣᠷᠳᠣᠨ ᠣᠷᠣᠨ ᠨᠤᠲᠤᠭ ᠤᠨ ᠣᠷᠣᠭᠤᠯᠤᠯᠲᠠ ᠶᠢᠨ ᠭᠤᠣᠯ ᠬᠠᠷᠢᠭᠤᠴᠠᠯᠭ᠎ᠠ ᠶᠢ ᠡᠭᠦᠷᠭᠡᠯᠡᠨ᠎ᠡ᠃ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠣᠬᠢᠷᠠᠭᠤᠯᠵᠤ ᠪᠠᠶᠢᠭᠠᠳ ᠨᠥᠬᠦᠴᠡᠯ ᠳᠤ | ᠨᠡᠶᠢᠴᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢ ᠵᠥᠪᠰᠢᠶᠡᠷᠡᠨ᠎ᠡ᠃ | ᠵᠠᠰᠠᠭ ᠤᠨ ᠣᠷᠳᠣᠨ ᠤ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠦᠭᠡᠢ ᠤᠷᠢᠲᠠᠯ | ᠳᠣᠣᠷ᠎ᠠ᠂ ᠵᠢᠭᠡᠯᠡᠯᠭᠡ ᠶᠢᠨ ᠬᠦᠦ ᠮᠥᠩᠭᠦ ᠶᠢᠨ ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠮᠥᠩᠭᠦᠨ ᠭᠦᠢᠯᠭᠡᠭᠡᠨ᠂ | ᠨᠡᠶᠢᠭᠡᠮ ᠤᠨ ᠪᠡᠯᠡ ᠣᠷᠣᠭᠤᠯᠤᠯᠲᠠ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ | ᠵᠡᠷᠭᠡ ᠶᠢᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠬᠤ ᠶᠢ | ᠰᠦᠪᠡᠭᠴᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ | ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠣᠣᠷ᠎ᠠ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ | ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠣᠯᠠᠨ ᠠᠷᠭ᠎ᠠ ᠵᠠᠮ ᠢᠶᠠᠷ | ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ ᠴᠤᠭᠯᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ | ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ᠂ ᠤᠯᠠᠨ ᠲᠦᠮᠡᠨ ᠣᠷᠣᠯᠴᠠᠬᠤ ᠠᠵᠢᠯ ᠤᠨ ᠲᠣᠭᠲᠠᠴᠠ ᠶᠢ | ᠬᠡᠷᠡᠭᠵᠢᠭᠦᠯᠦᠨ᠎ᠡ᠃ ᠲᠥᠪ ᠤᠨ ᠳᠠᠪᠬᠤᠷᠭ᠎ᠠ ᠠᠴᠠ ᠳᠦᠷᠢᠮ ᠤᠨ ᠵᠢᠷᠤᠭ ᠲᠥᠯᠥᠪᠯᠡᠭᠡ᠂ ᠶᠡᠷᠦᠩᠬᠡᠢ ᠲᠥᠯᠦᠪᠵᠢᠭᠦᠯᠭᠡ᠂ | ᠨᠡᠶᠢᠳᠡᠮ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠬᠤ᠂ ᠣᠷᠣᠭᠤᠯᠤᠯᠲᠠ ᠶᠢᠨ ᠲᠣᠬᠢᠷᠠᠭᠤᠯᠤᠯᠲᠠ᠂ ᠵᠢᠯᠣᠭᠤᠳᠤᠯᠭ᠎ᠠ ᠬᠢᠨᠠᠯᠲᠠ | ᠲᠠᠯᠪᠢᠬᠤ ᠵᠡᠷᠭᠡ ᠬᠤᠷᠸ᠎ᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ | ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠴᠤᠭᠯᠠᠭᠤᠯᠬᠤ᠂ ᠪᠦᠲᠦᠭᠡᠨ ᠪᠠᠶᠢᠭᠤᠯᠤᠯᠲᠠ ᠶᠢᠨ ᠠᠬᠢᠴᠠ᠂ | ᠪᠠᠷᠢᠯᠭ᠎ᠠ ᠶᠢᠨ ᠶᠠᠰᠤ ᠴᠢᠨᠠᠷ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ | ᠲᠤᠰᠬᠠᠢ ᠣᠷᠣᠨ ᠤ ᠲᠡᠰ ᠤᠨ ᠬᠤᠳᠠ ᠶᠢᠨ ᠵᠠᠰᠠᠭ ᠤᠨ ᠣᠷᠳᠣᠨ ᠲᠥᠷᠥᠯ ᠵᠦᠢᠯ ᠢ ᠬᠡᠷᠡᠭᠵᠢᠭᠦᠯᠬᠦ ᠠᠬᠢᠴᠠ᠂ ᠪᠠᠷᠢᠯᠭ᠎ᠠ ᠶᠢᠨ | ᠶᠠᠰᠤ ᠴᠢᠨᠠᠷ᠂ ᠪᠠᠷᠢᠯᠭ᠎ᠠ ᠳᠠᠭᠤᠰᠬᠠᠵᠤ ᠰᠢᠯᠭᠠᠨ ᠠᠪᠬᠤ᠂ ᠪᠡᠯᠡ ᠮᠥᠩᠭᠦ ᠶᠢ ᠬᠡᠷᠡᠭᠯᠡᠬᠦ᠂ ᠡᠵᠡᠩᠨᠡᠯᠲᠡ ᠬᠠᠮᠢᠶᠠᠷᠤᠯᠲᠠ | ᠬᠠᠮᠠᠭᠠᠯᠠᠯᠲᠠ ᠵᠡᠷᠭᠡ ᠳᠤ ᠭᠤᠣᠯ ᠬᠢᠨᠠᠨ ᠬᠠᠮᠢᠶᠠᠷᠬᠤ ᠬᠠᠷᠢᠭᠤᠴᠠᠯᠭ᠎ᠠ ᠡᠭᠦᠷᠭᠡᠯᠡᠵᠦ᠂ ᠰᠢᠶᠠᠨ ᠤ ᠱᠠᠲᠤᠨ ᠤ ᠵᠠᠰᠠᠭ ᠤᠨ | ᠣᠷᠳᠣᠨ ᠲᠥᠷᠥᠯ ᠵᠦᠢᠯ ᠢ ᠬᠡᠷᠡᠭᠵᠢᠭᠦᠯᠬᠦ᠂ ᠪᠠᠷᠢᠯᠭ᠎ᠠ ᠶᠢᠨ ᠶᠠᠰᠤ ᠴᠢᠨᠠᠷ᠂ ᠪᠡᠯᠡ ᠮᠥᠩᠭᠦ ᠶᠢ ᠬᠡᠷᠡᠭᠯᠡᠬᠦ᠂ ᠡᠵᠡᠩᠨᠡᠯᠲᠡ | ᠬᠠᠮᠢᠶᠠᠷᠤᠯᠲᠠ ᠬᠠᠮᠠᠭᠠᠯᠠᠯᠲᠠ ᠵᠡᠷᠭᠡ ᠳᠤ ᠭᠤᠣᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ︵ᠠᠷᠪᠠᠨ ᠳᠣᠯᠤᠭ᠎ᠠ︶ ᠡᠯ᠎ᠡ ᠲᠠᠯ᠎ᠠ ᠶᠢᠨ ᠬᠢᠨ ᠬᠠᠮᠵᠢᠯᠴᠠᠵᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠨ᠎ᠡ᠃ | ︽ᠲᠠᠪᠤᠨ ᠨᠢᠭᠡᠳᠦᠯᠲᠡᠢ︾ ︵ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠬᠤ᠂ ᠨᠢᠭᠡᠳᠦᠯᠲᠡᠢ ᠪᠦᠲᠦᠭᠡᠨ ᠪᠠᠶᠢᠭᠤᠯᠬᠤ | ᠪᠠᠷᠢᠮᠵᠢᠶ᠎ᠠ᠂ ᠨᠢᠭᠡᠳᠦᠯᠲᠡᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠢ ᠰᠢᠯᠭᠠᠨ ᠠᠪᠴᠤ ᠬᠢᠨᠠᠨ ᠰᠢᠯᠭᠠᠬᠤ᠂ | ᠨᠢᠭᠡᠳᠦᠯᠲᠡᠢ ᠵᠢᠷᠤᠭ ᠪᠣᠯᠭᠠᠨ ᠬᠥᠮᠥᠷᠭᠡ ᠳᠤ ᠣᠷᠣᠭᠤᠯᠬᠤ︶ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠮᠥᠷᠳᠡᠵᠦ ᠦᠨᠡᠯᠡᠬᠦ ᠪᠠᠨ ᠴᠢᠩᠭᠠᠳᠬᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ᠪᠦᠲᠦᠭᠡᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠂ | ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠭᠰᠡᠨ ᠤᠷᠢᠲᠠᠯ ᠳᠣᠣᠷ᠎ᠠ᠂ ᠲᠥᠷᠥᠯ ᠵᠦᠢᠯ ᠢ ᠵᠢᠷᠤᠵᠤ | ᠲᠥᠯᠥᠪᠯᠡᠬᠦ᠂ ᠬᠡᠷᠡᠭᠵᠢᠭᠦᠯᠬᠦ᠂ ᠡᠵᠡᠩᠨᠡᠬᠦ᠂ ᠬᠠᠮᠢᠶᠠᠷᠴᠤ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠶᠢ ᠰᠦᠪᠡᠭᠴᠢᠯᠡᠨ | ᠠᠬᠢᠭᠤᠯᠤᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠣᠷᠣᠭᠤᠯᠵᠤ | ᠠᠪᠴᠢᠷᠠᠬᠤ ᠪᠠ ᠳᠡᠯᠭᠡᠷᠡᠭᠦᠯᠵᠦ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠰᠢᠯ ᠤᠨ ᠮᠡᠷᠭᠡᠵᠢᠯ ᠯᠦᠭᠡ ᠬᠤᠷᠠᠭᠤᠯᠤᠨ | ᠬᠡᠷᠡᠭᠯᠡᠬᠦ ᠶᠢ ᠴᠢᠩᠭᠠᠳᠬᠠᠨ᠎ᠠ᠃ ᠤᠰᠤᠨ ᠴᠣᠭᠴᠠ ᠶᠢᠨ ᠠᠽᠣᠲ᠂ ᠹᠣᠰᠹᠣᠷ ᠵᠡᠷᠭᠡ ᠪᠣᠬᠢᠷᠲᠤᠯ ᠢᠶᠠᠷ ᠲᠣᠪᠣᠶᠢᠮ᠎ᠠ ᠣᠷᠣᠨ | ᠪᠦᠰᠡ ᠳᠤ ᠠᠮᠢ ᠠᠬᠤᠢ ᠣᠷᠴᠢᠨ ᠲᠣᠭᠤᠷᠢᠨ ᠢ ᠵᠠᠰᠠᠬᠤ ᠬᠠᠮᠢᠶ᠎ᠠ ᠪᠦᠬᠦᠢ ᠲᠥᠷᠥᠯ ᠵᠦᠢᠯ ᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤ ᠶᠢ ᠵᠣᠭᠰᠣᠭᠠᠵᠤ ᠡᠷᠭᠢᠯᠳᠦᠭᠦᠯᠦᠨ ᠠᠰᠢᠭᠯᠠᠬᠤ ᠶᠢ | ᠠᠬᠢᠭᠤᠯᠤᠨ᠎ᠠ᠃ ᠰᠠᠯᠬᠢ ᠡᠯᠡᠰᠦᠨ ᠤ ᠬᠥᠨᠥᠭᠡᠯᠳᠦ ᠭᠠᠵᠠᠷ ᠣᠷᠣᠨ ᠳᠤ ︽ᠤᠮᠠᠷᠠᠲᠤ ᠶᠢᠨ ᠭᠤᠷᠪᠠᠨ ᠣᠷᠣᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠣᠮᠣ | ᠲᠣᠣᠷᠵᠢᠯ ᠤᠨ ᠲᠠᠷᠢᠶᠠᠨ ᠭᠠᠵᠠᠷ ᠲᠤ ᠣᠶ ᠰᠢᠭᠤᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠳᠡᠯᠭᠡᠷᠡᠭᠦᠯᠵᠦ᠂ | ᠲᠠᠷᠢᠶᠠᠨ ᠭᠠᠵᠠᠷ ᠤᠨ ᠤᠨᠠᠯᠲᠠ ᠶᠢ ᠲᠣᠭᠲᠠᠪᠤᠷᠢᠵᠢᠭᠤᠯᠵᠤ ᠳᠡᠭᠡᠭᠰᠢᠯᠡᠬᠦᠯᠬᠦ ᠶᠢ ᠠᠬᠢᠭᠤᠯᠤᠨ᠎ᠠ᠃ | ︵ᠠᠷᠪᠠᠨ ᠨᠠᠢᠮᠠ︶ ᠣᠯᠠᠨ ᠲᠦᠮᠡᠨ ᠣᠷᠣᠯᠴᠠᠵᠤ᠂ ᠮᠡᠳᠡᠭᠳᠡᠲᠡᠯᠡ ᠦᠵᠡᠭᠳᠡᠲᠡᠯᠡ ᠪᠣᠳᠠᠲᠠᠢ ᠬᠢᠨ᠎ᠡ᠃ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠣᠯ ᠴᠣᠭᠴᠠ᠂ ᠲᠠᠷᠢᠶᠠᠴᠢᠳ ᠵᠡᠷᠭᠡ ᠶᠢ ᠢᠳᠡᠪᠬᠢᠲᠡᠢ ᠬᠥᠲᠥᠯᠥᠨ ᠵᠢᠯᠤᠭᠤᠳᠴᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠳᠤ | ᠣᠷᠣᠯᠴᠠᠭᠤᠯᠵᠤ᠂ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ | ᠨᠠᠶᠢᠳᠠᠪᠤᠷᠢᠵᠢᠭᠤᠯᠤᠨ᠎ᠠ᠃ ᠲᠥᠷᠥᠯ ᠵᠦᠢᠯ ᠤᠨ ᠭᠠᠵᠠᠷ ᠰᠣᠩᠭᠤᠬᠤ᠂ ᠵᠢᠷᠤᠭᠯᠠᠨ ᠲᠥᠯᠥᠪᠯᠡᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠤᠨ ᠳᠤᠮᠳᠠ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠪᠦᠲᠦᠭᠡᠨ ᠪᠠᠶᠢᠭᠤᠯᠬᠤ | ᠠᠭᠤᠯᠭ᠎ᠠ ᠶᠢᠨ ᠪᠣᠳᠠᠲᠤ ᠪᠠᠶᠢᠳᠠᠯ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ ᠲᠠᠷᠢᠶᠠᠴᠢᠳ ᠤᠨ ᠪᠠᠷᠢᠯᠭ᠎ᠠ ᠶᠢᠨ ᠮᠠᠲ᠋ᠧᠷᠢᠶᠠᠯ ᠢ | ᠲᠠᠯᠠᠪᠠᠶ ᠳᠤ ᠣᠷᠣᠭᠤᠯᠬᠤ᠂ ᠡᠳᠦᠷ ᠲᠤᠲᠤᠮ ᠤᠨ ᠪᠠᠷᠢᠯᠭ᠎ᠠ ᠪᠠᠷᠢᠬᠤ᠂ ᠳᠠᠯᠳᠠ ᠪᠠᠷᠢᠯᠭ᠎ᠠ ᠶᠢ ᠰᠢᠯᠭᠠᠨ ᠠᠪᠬᠤ᠂ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠡᠷᠭᠡ ᠳᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ᠃ | ︵ᠠᠷᠪᠠ ᠶᠢᠰᠦ︶ ᠬᠥᠳᠡᠯᠦᠩᠭᠦᠢ ᠪᠠᠷ ᠮᠥᠷᠳᠡᠨ᠂ ᠱᠠᠲᠤ ᠬᠤᠪᠢᠶᠠᠨ ᠦᠨᠡᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠬᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ᠂ ᠰᠢᠯᠢᠳᠡᠭ ᠢ ᠨᠢ | ᠱᠠᠩᠨᠠᠵᠤ ᠰᠢᠭᠠᠷᠤ ᠶᠢ ᠨᠢ ᠲᠣᠷᠭᠠᠬᠤ ᠡᠭᠦᠷᠭᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ | ᠭᠠᠵᠠᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠨᠡᠯᠡᠯᠲᠡ ᠶᠢᠨ ᠵᠢᠷᠤᠮᠵᠢᠯ ᠵᠡᠷᠭᠡ ᠤᠯᠤᠰ ᠤᠨ | ᠪᠠᠷᠢᠮᠵᠢᠶ᠎ᠠ ᠶᠢ ᠦᠨᠳᠦᠰᠦᠯᠡᠨ᠂ ᠨᠢᠭᠡᠨᠲᠡ ᠰᠢᠯᠭᠠᠨ ᠠᠪᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠷᠥᠯ | ᠬᠤᠪᠢᠶᠠᠨ ᠲᠠᠰ ᠬᠤᠪᠢᠶᠠᠨ ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ | ᠱᠠᠭᠠᠷᠳᠠᠯᠭ᠎ᠠ ᠳᠤ ᠨᠡᠶᠢᠴᠡᠬᠦ ᠦᠭᠡᠢ ᠶᠢ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢᠶᠠᠷ ᠬᠢᠨᠠᠨ ᠲᠣᠭᠲᠠᠭᠠᠵᠤ ᠪᠣᠯᠬᠤ | ᠦᠭᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠥᠬᠦ | ᠦᠶᠡᠯᠡᠯ ᠤᠨ ᠬᠤᠭᠤᠴᠠᠭᠠᠨ ᠳᠠᠬᠢ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠪᠠ ᠨᠠᠰᠤᠨ ᠲᠤᠷᠰᠢᠲᠠ ᠬᠠᠷᠢᠭᠤᠴᠠᠯᠭ᠎ᠠ | ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠬᠤᠷᠢ︶ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠢᠯᠵᠢᠷᠡᠯ ᠪᠠ ᠰᠤᠷᠲᠠᠯ ᠤᠨ ᠠᠰᠠᠭᠤᠳᠠᠯ ᠢ | ᠡᠷᠡᠰ ᠵᠠᠯᠠᠷᠠᠭᠤᠯᠤᠨ ᠵᠠᠰᠠᠵᠤ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠬᠡᠷᠡᠭ ᠶᠠᠪᠤᠳᠠᠯ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ | ᠭᠤᠭᠴᠤᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠱᠠᠮᠰᠢᠵᠤ ᠡᠵᠡᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠤᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠳᠦᠷᠢᠮ ᠲᠣᠭᠲᠠᠭᠠᠯ ᠰᠠᠬᠢᠯᠭ᠎ᠠ | ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢ | ᠦᠨᠡᠨ ᠬᠦ ᠰᠡᠷᠭᠡᠶᠢᠯᠡᠨ᠎ᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠤ ᠴᠠᠬᠢᠯᠭᠠᠨ ᠮᠡᠳᠡᠭᠡ︶ | |