ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 6 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠣᠷᠴᠢᠭᠤᠯᠤᠭᠰᠠᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ | ᠥᠭᠦᠯᠡᠯᠲᠡ ᠶᠢᠨ ᠲᠡᠭᠦᠪᠦᠷᠢ︾ ᠭᠡᠬᠦ ᠨᠣᠮ ᠤᠨ ᠢᠰᠫᠠᠨᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ | ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃ | ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ | ᠲᠡᠭᠦᠪᠦᠷᠢ︾ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ | ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ ᠣᠷᠣᠭᠤᠯᠪᠠ᠃ | ᠲᠣᠰ ᠨᠣᠮ ᠤᠨ ᠢᠰᠫᠠᠨᠢ ᠬᠡᠯᠡᠨ ᠤ ᠬᠡᠪᠯᠡᠯ ᠪᠣᠯᠣᠨ ᠲᠦᠷᠦᠭᠦᠬᠡᠨ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ | ᠭᠡᠯᠡ᠂ ᠠᠷᠠᠪ ᠭᠡᠯᠡ᠂ ᠶᠠᠫᠤᠨ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠠᠮᠵᠢᠯᠲᠠ ᠲᠠᠢ ᠪᠠᠷ ᠵᠠᠮᠨᠠᠭᠰᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ | ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠢᠯᠡᠷᠡᠭᠦᠯᠦᠭᠰᠡᠨ | ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠤᠨ ᠬᠢᠨ ᠤ | ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠬᠤ᠂ ᠡᠩᠬᠡ ᠲᠠᠶᠢᠪᠤᠩ ᠬᠥᠭᠵᠢᠯᠲᠡ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ | ᠪᠡᠶᠡᠯᠡᠭᠦᠯᠬᠦ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | |