ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/4/11
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ  ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃    ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠰ ᠤᠨ ᠦᠵᠦᠭᠦᠷᠯᠢᠭ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ ᠬᠠᠷᠢᠭᠤ ᠲᠤᠰᠬᠠᠯ ᠢᠶᠠᠷ ᠵᠢᠯᠣᠭᠤᠳᠤᠯᠭ᠎ᠠ ᠪᠤᠯᠭᠠᠵᠤ᠂ ᠬᠥᠮᠥᠵᠢᠭᠦᠯᠵᠦ ᠬᠠᠩᠭᠠᠬᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠬᠢᠬᠦ᠂ ᠠᠵᠢᠯ ᠡᠷᠢᠵᠦ ᠠᠵᠢᠯᠲᠠᠨ ᠡᠯᠰᠡᠬᠦ᠂ ᠬᠠᠪᠰᠤᠷᠤᠨ ᠲᠡᠳᠬᠦᠵᠦ ᠲᠤᠰᠠᠯᠠᠬᠤ᠂ ᠬᠢᠨᠠᠨ ᠬᠡᠮᠵᠢᠵᠦ ᠦᠨᠡᠯᠡᠬᠦ ᠵᠡᠷᠭᠡ ᠦᠢᠯᠡᠴᠢᠯᠡᠭᠡ ᠶᠢ ᠪᠦᠭᠦ ᠬᠡᠯᠬᠢᠶ᠎ᠡ ᠪᠠᠷ ᠰᠢᠯᠢᠳᠡᠭᠵᠢᠭᠦᠯᠵᠦ᠂ ᠨᠡᠩ ᠤᠯᠠᠨ ᠰᠤᠷᠤᠬᠰᠠᠨ ᠪᠠ ᠳᠠᠪᠠᠭᠤᠯᠢᠭ ᠢᠶᠠᠨ ᠪᠠᠳᠠᠷᠠᠭᠤᠯᠬᠤ ᠳᠤ ᠠᠰᠢᠭᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ᠂ ᠬᠥᠮᠥᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ᠂ ᠬᠥᠮᠥᠨ ᠤ ᠴᠢᠳᠠᠪᠤᠷᠢ ᠶᠢ ᠨᠢ ᠪᠦᠷᠢᠨ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ 3 ᠠᠴᠠ 5 ᠵᠢᠯ ᠦᠷᠭᠦᠯᠵᠢᠯᠡᠨ ᠴᠢᠷᠮᠠᠶᠢᠬᠤ ᠪᠠᠷ ᠳᠡᠮᠵᠢᠨ᠂ ᠪᠦᠭᠦ ᠠᠵᠢᠯᠲᠠᠨ ᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠢ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠬᠤ ᠶᠢ ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃    ︽ᠰᠠᠨᠠᠯ︾ ᠳᠤ᠂ ᠬᠥᠮᠥᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠢ ᠵᠠᠳᠠᠯᠤᠯᠲᠠ ᠶᠢ ᠥᠷᠨᠢᠭᠦᠯᠦᠨ᠎ᠡ᠃ ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠴᠢᠶ᠎ᠡ᠂ ᠪᠦᠲᠦᠴᠡ᠂ ᠶᠠᠰᠤ ᠴᠢᠨᠠᠷ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ ᠨᠡᠶᠢᠴᠡᠭᠦᠯᠬᠦ ᠶᠢ ᠠᠬᠢᠭᠤᠯᠤᠨ᠎ᠠ᠃ ᠰᠣᠷᠣᠬᠴᠢ ᠡᠯᠰᠡᠬᠦ ᠲᠥᠯᠥᠪᠯᠡᠭᠡ᠂ ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠢᠯ ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠣᠷᠣᠬᠴᠢ ᠡᠯᠰᠡᠬᠦ ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠨᠠᠩ ᠠᠮᠢᠳᠤᠯᠢᠭ ᠰᠤᠷᠤᠯᠴᠠᠬᠤ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ ᠲᠤᠰᠬᠠᠢ ᠮᠡᠷᠭᠡᠵᠢᠯ ᠢᠶᠠᠨ ᠰᠣᠯᠢᠬᠤ᠂ ᠪᠤᠰᠤᠳ ᠲᠤᠰᠬᠠᠢ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃    ︽ᠰᠠᠨᠠᠯ︾ ᠳᠤ᠂ ᠠᠵᠢᠯ ᠣᠯᠭᠤᠯᠲᠠ ᠶᠢᠨ ᠵᠢᠯᠤᠭᠤᠳᠬᠤ ᠰᠢᠰᠲ᠋ᠧᠮ ᠢ ᠴᠢᠩᠭᠠᠳᠬᠠᠵᠤ᠂ ᠠᠵᠢᠯ ᠡᠷᠢᠬᠦ ᠠᠵᠢᠯᠲᠠᠨ ᠡᠯᠰᠡᠬᠦ ᠰᠢᠰᠲ᠋ᠧᠮ ᠢ ᠪᠦᠷᠢᠨᠰᠢᠭᠦᠯᠦᠨ᠂ ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠨ ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠠᠮᠢᠳᠤᠷᠠᠬᠤᠢ ᠶᠢᠨ ᠬᠥᠮᠦᠵᠢᠯ ᠬᠢᠭᠡᠳ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢ ᠴᠢᠩᠭᠠᠷᠠᠭᠤᠯᠵᠤ᠂ ᠨᠢᠭᠡ ᠪᠦᠯᠦᠭ ᠤᠯᠤᠰ ᠤᠨ ᠲᠥᠯᠦᠪᠵᠢᠭᠦᠯᠭᠡ ᠶᠢᠨ ᠵᠢᠭᠠᠬᠤ ᠮᠠᠲ᠋ᠧᠷᠢᠶᠠᠯ᠂ ᠵᠢᠱᠢᠶ᠎ᠡ ᠦᠵᠡᠭᠦᠯᠭᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠤᠶ ᠪᠤᠯᠭᠠᠵᠤ᠂ ᠠᠵᠢᠯ ᠣᠯᠭᠤᠬᠤ ᠬᠥᠮᠦᠵᠢᠯ ᠢ ᠪᠦᠭᠦ ᠠᠵᠢᠯᠲᠠᠨ ᠠᠵᠢᠯᠴᠢᠨ ᠪᠦᠭᠦ ᠶᠠᠪᠤᠴᠠ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠶᠢᠨ ᠴᠢᠬᠤᠯᠠ ᠠᠭᠤᠯᠭ᠎ᠠ ᠪᠤᠯᠭᠠᠵᠤ᠂ ᠠᠵᠢᠯ ᠣᠯᠭᠤᠬᠤ ᠵᠥᠪ ᠦᠵᠡᠯᠲᠡ ᠶᠢ ᠪᠠᠲᠤ ᠪᠠᠬᠢ ᠪᠤᠶ ᠪᠤᠯᠭᠠᠬᠤ ᠶᠢ ᠬᠥᠲᠥᠯᠥᠨ ᠵᠢᠯᠤᠭᠤᠳᠴᠤ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠡᠷᠭᠡ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠠᠯᠪᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ᠂ ᠠᠵᠢᠯᠲᠠᠨ ᠡᠯᠰᠡᠬᠦ ᠲᠣᠬᠢᠷᠠᠭᠤᠯᠤᠯᠲᠠ ᠪᠣᠯᠣᠨ ᠡᠮᠬᠢ ᠳᠢᠭᠯᠢᠮ ᠢ ᠰᠢᠯᠢᠳᠡᠭᠵᠢᠭᠦᠯᠦᠨ ᠵᠢᠷᠤᠮᠵᠢᠭᠤᠯᠤᠨ᠎ᠠ᠃ ᠤᠯᠠᠨ ᠡᠰᠢᠲᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ᠎ᠡ᠃ ᠬᠦᠴᠢᠷᠳᠡᠯ ᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ ᠲᠤᠰᠠᠯᠠᠮᠵᠢ ᠬᠠᠩᠭᠠᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠲᠡᠭᠦᠰᠦᠭᠰᠡᠳ ᠤᠨ ᠦᠨᠡᠨ ᠨᠡᠷ᠎ᠡ ᠪᠠᠷ ᠢᠶᠠᠨ ᠠᠵᠢᠯ ᠣᠯᠬᠤ ᠶᠢ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠤᠭ᠎ᠠ ᠵᠣᠷᠢᠭ ᠢᠶᠠᠷ ᠠᠶᠠᠯᠠᠯ ᠢ ᠲᠤᠰᠠᠯᠠᠬᠤ︾ ᠠᠵᠢᠯ ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ᠃ ᠠᠵᠢᠯ ᠣᠯᠭᠤᠬᠤ ᠵᠠᠬ᠎ᠠ ᠳᠡᠯᠭᠡᠭᠦᠷ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠬᠠᠨᠳᠤᠰᠢ ᠵᠡᠷᠭᠡ ᠶᠢ ᠴᠠᠭ ᠲᠤᠬᠠᠢ ᠳᠤᠨᠢ ᠡᠵᠡᠮᠰᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠠᠰᠤ ᠴᠢᠨᠠᠷ ᠪᠠ ᠠᠵᠢᠯ ᠤᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ ᠵᠢᠱᠢᠬᠦ᠂ ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ ᠬᠦᠴᠦᠨ ᠵᠦᠢᠯ ᠪᠣᠯᠭᠠᠨ᠎ᠠ ᠭᠡᠵᠦ ᠲᠣᠳᠣᠷᠬᠠᠶᠢᠯᠠᠪᠠ᠃    ︽ᠰᠠᠨᠠᠯ︾ ᠳᠤ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠢ᠃  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ᠂ ᠠᠵᠢᠯᠲᠠᠨ᠂ ᠭᠠᠵᠠᠷ ᠲᠠᠯᠠᠪᠤᠷ᠂ ᠵᠠᠷᠤᠳᠠᠯ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠲᠤᠰᠬᠠᠶᠢᠵᠢᠭᠰᠠᠨ ᠠᠵᠢᠯ ᠣᠯᠭᠤᠬᠤ ᠵᠢᠯᠤᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠠᠴᠢᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠳᠡᠯᠭᠡᠷᠡᠭᠦᠯᠵᠦ᠂ ᠤᠯᠤᠰ ᠤᠨ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠷᠬᠡ ᠲᠡᠭᠰᠢ ᠠᠵᠢᠯ ᠣᠯᠭᠤᠯᠲᠠ ᠶᠢᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号