4 ᠳ᠋ᠦ᠋ᠭᠡᠷ ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ | ᠬᠠᠮᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠤᠨ ᠪᠠᠶᠢᠴᠠᠭᠠᠯᠲᠠ ᠥᠷᠨᠢᠭᠦᠯᠪᠡ᠃ | ᠵᠠᠩ ᠰᠢᠶᠤᠤ ᠹᠸᠢ ᠨᠠᠷ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠴᠡᠭ ᠲᠤ ᠭᠦᠨᠵᠡᠭᠡᠶᠢᠷᠡᠵᠦ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠶᠡᠷᠦᠩᠬᠡᠶᠢᠯᠡᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ | ᠬᠢᠨᠠᠮᠠᠭᠠᠢ ᠰᠣᠨᠣᠰᠴᠤ᠂ ᠳᠡᠭᠡᠳᠦ ᠱᠠᠲᠤᠨ ᠤ ᠡᠯ᠎ᠡ ᠲᠦᠷᠦᠯ ᠤᠨ ᠠᠮᠢ ᠠᠬᠤᠢ ᠣᠷᠴᠢᠨ ᠲᠣᠭᠤᠷᠢᠨ ᠢ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠴᠢᠩᠭ᠎ᠠ ᠨᠢᠮᠪᠠᠢ ᠪᠣᠳᠠᠲᠠᠢ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢᠨ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ | ᠵᠢᠭᠰᠠᠭᠠᠵᠤ᠂ ᠲᠣᠭᠲᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠵᠦ᠂ ᠳᠠᠯᠳᠠ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ | ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ | ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠣᠷᠣᠨ ᠪᠦᠰᠡ ᠶᠢᠨ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ ᠃ | ᠵᠠᠩ ᠰᠢᠶᠤᠤ ᠹᠸᠢ ᠪᠠᠳᠺᠠᠷ ᠰᠦᠮ᠎ᠡ ᠪᠠᠯᠭᠠᠰᠤᠨ ᠤ ᠪᠠᠷᠠᠯᠠᠬᠤ ᠰᠤᠪᠤᠷᠭ᠎ᠠ ᠵᠢᠴᠢ ᠵᠢᠪᠬᠤᠯᠠᠩᠲᠤ | ᠰᠤᠮᠤ ᠶᠢᠨ ᠭᠠᠯ ᠰᠡᠷᠭᠡᠶᠢᠯᠡᠬᠦ ᠪᠤᠭᠤᠮᠳᠠ ᠳᠤ ᠭᠦᠨᠵᠡᠭᠡᠶᠢᠷᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠵᠠᠢ᠂ ᠲᠡᠷᠡ᠂ ᠬᠠᠩᠰᠢ ᠶᠢᠨ ᠠᠮᠠᠷᠠᠯᠲᠠ ᠶᠢᠨ ᠬᠤᠭᠤᠴᠠᠭ᠎ᠠ ᠶᠠᠭ | ᠭᠠᠯ ᠤᠨ ᠭᠠᠮᠰᠢᠭ ᠤᠯᠠᠨ ᠡᠭᠦᠰᠬᠦ ᠬᠤᠭᠤᠴᠠᠭᠠᠨ ᠳᠤ ᠪᠣᠯᠤᠨ᠎ᠠ᠂ ᠡᠨᠡ ᠵᠢᠯ ᠰᠠᠯᠬᠢ ᠶᠡᠭᠡ᠂ ᠭᠠᠯ ᠤᠨ ᠠᠶᠤᠯ | ᠰᠠᠯᠬᠢᠨ ᠤ ᠠᠶᠤᠯ ᠬᠡᠴᠡᠭᠦᠳᠡᠵᠦ ᠪᠠᠶᠢᠨ᠎ᠠ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ | ᠴᠠᠭ ᠠᠭᠤᠷ ᠪᠣᠯᠤᠨ ᠭᠠᠯ ᠤᠨ ᠠᠶᠤᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠡᠯ᠎ᠡ ᠬᠠᠷᠢᠶ᠎ᠠ ᠭᠠᠵᠠᠷ ᠵᠢᠴᠢ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠳ ᠭᠠᠯ | ᠰᠡᠷᠭᠡᠶᠢᠯᠡᠬᠦ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠵᠤ᠂ ᠭᠤᠣᠯᠳᠠᠯᠭ᠎ᠠ ᠪᠣᠯᠬᠤ ᠣᠷᠣᠨ | ᠪᠦᠰᠡ ᠶᠢ ᠴᠢᠩᠭ᠎ᠠ ᠠᠩᠬᠠᠷᠴᠤ᠂ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠬᠡᠭᠡᠷ᠎ᠡ ᠭᠠᠳᠠᠨᠠᠬᠢ | ᠭᠠᠯ ᠤᠨ ᠢᠷᠡᠯᠲᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠭᠠᠯ ᠤᠨ ᠠᠶᠤᠯ ᠡᠭᠦᠰᠬᠦ ᠶᠢ ᠦᠨᠡᠨ ᠬᠦ ᠰᠡᠷᠭᠡᠶᠢᠯᠡᠬᠦ | ᠬᠡᠷᠡᠭᠲᠡᠶ ᠭᠡᠵᠦ ᠴᠢᠬᠤᠯᠠᠴᠢᠯᠠᠪᠠ ᠃ ᠵᠠᠮ ᠳᠠᠭᠠᠤ᠂ ᠲᠡᠷᠡ ᠪᠠᠰᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠪᠠᠶᠢᠴᠠᠭᠠᠵᠤ᠂ ᠬᠠᠷᠢᠶ᠎ᠠ ᠭᠠᠵᠠᠷ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠢ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠤᠬᠠᠭᠤᠯᠤᠨ ᠳᠠᠶᠢᠴᠢᠯᠠᠬᠤ ᠪᠠᠨ ᠴᠢᠩᠭᠠᠳᠬᠠᠵᠤ᠂ | ᠣᠯᠠᠨ ᠲᠦᠮᠡᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠮᠰᠠᠷ ᠢ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ | ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠢ | ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ | ᠱᠠᠭᠠᠷᠳᠠᠪᠠ᠃ | ᠲᠣᠭᠤᠷᠢᠭ ᠤᠨ ᠤᠳᠤᠷᠢᠳᠤᠯᠭ᠎ᠠ ᠶᠠᠨ ᠵᠢᠶᠠ ᠸᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠣᠷᠣᠯᠴᠠᠪᠠ᠃ | |