4 ᠳ᠋ᠦ᠋ᠭᠡᠷ ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠤᠢ ᠤᠷᠢᠳ ᠬᠤᠵᠢᠳ ᠰᠢᠶᠠᠩ ᠱᠦᠨ ᠳ᠋ᠠ ᠺᠣᠮᠫᠠᠨᠢ᠂ ᠰᠢᠨ᠎ᠡ ᠰᠢᠭᠤᠶᠢᠲᠤ ᠪᠠᠭ᠎ᠠ ᠰᠤᠷᠭᠠᠭᠤᠯᠢ᠂ ᠱᠠᠨ ᠴᠧᠩ | ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠬᠦᠷᠴᠦ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ᠃ | ᠰᠢᠶᠠᠩ ᠱᠦᠨ ᠳ᠋ᠡ ᠺᠣᠮᠫᠠᠨᠢ ᠳᠤ᠂ ᠭᠠᠢ ᠯᠢᠶᠠᠨ ᠢᠦᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠵᠤ | ᠠᠬᠤᠶᠢᠯᠠᠯ ᠤᠨ ᠡᠵᠡᠩᠨᠡᠯᠲᠡ ᠵᠢᠴᠢ ᠠᠮᠤᠷ ᠲᠦᠪᠰᠢᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠠᠢ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠭᠤᠷᠪᠠ ᠠᠴᠠ ᠬᠤᠶᠠᠷ ᠢ | ᠡᠷᠢᠬᠦ︾ ᠠᠵᠢᠯ ᠢ ᠪᠣᠳᠠᠲᠠᠢ ᠨᠠᠷᠢᠯᠢᠭ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ | ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠪᠡᠯᠡ ᠮᠥᠩᠭᠦ ᠡᠷᠢᠵᠦ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ | ᠠᠵᠤ ᠠᠬᠤᠶᠢᠯᠠᠯ ᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠠᠶᠤᠯ ᠦᠭᠡᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠥᠴᠦᠬᠡᠨ ᠴᠦ ᠠᠯᠳᠠᠰᠢ ᠭᠠᠷᠭᠠᠬᠤ | ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ ᠃ | ᠰᠢᠨ᠎ᠡ ᠰᠢᠭᠤᠶᠢᠲᠤ ᠪᠠᠭ᠎ᠠ ᠰᠤᠷᠭᠠᠭᠤᠯᠢ ᠳᠤ᠂ ᠭᠠᠢ ᠯᠢᠶᠠᠨ ᠢᠦᠢ ᠰᠤᠷᠭᠠᠭᠤᠯᠢ ᠶᠢᠨ ᠵᠠᠮ ᠬᠠᠷᠢᠯᠴᠠᠭ᠎ᠠ᠂ | ᠢᠳᠡᠭᠡᠨ ᠤᠮᠳᠠᠭᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠡᠷᠡ᠂ ᠠᠮᠤᠷ ᠲᠦᠪᠰᠢᠨ | ᠪᠣᠯ ᠰᠤᠷᠭᠠᠭᠤᠯᠢ ᠶᠢᠨ ᠬᠥᠭᠵᠢᠯᠲᠡ ᠶᠢᠨ ᠬᠤᠷᠢᠭ᠎ᠠ ᠱᠤᠭᠤᠮ ᠮᠥᠨ᠂ ᠠᠷᠠᠳ ᠲᠦᠮᠡᠨ ᠤ ᠰᠡᠳᠬᠢᠯ ᠬᠠᠨᠤᠮᠵᠢᠲᠠᠢ | ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠤᠷᠢᠲᠠᠯ ᠪᠠ ᠰᠠᠭᠤᠷᠢ ᠮᠥᠨ᠃ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾ ᠢ ᠨᠢᠭᠲᠠ ᠰᠦᠯᠵᠢᠵᠦ᠂ ᠪᠠᠭᠰᠢ ᠰᠤᠷᠤᠭᠴᠢᠳ ᠤᠨ ᠪᠡᠶ᠎ᠡ | ᠰᠡᠳᠬᠢᠯ ᠤᠨ ᠡᠷᠡᠭᠦᠯ ᠮᠡᠨᠳᠦ᠂ ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠩᠭᠤᠶ ᠲᠣᠭᠲᠠᠭᠤᠨ ᠤ ᠠᠮᠤᠷ | ᠲᠦᠪᠰᠢᠨ ᠢ ᠪᠠᠲᠤᠯᠠᠬᠤ ᠬᠡᠷᠡᠭᠲᠡᠶ ᠭᠡᠪᠡ ᠃ | ᠱᠠᠨ ᠴᠧᠩ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠤ᠂ ᠭᠠᠢ ᠯᠢᠶᠠᠨ ᠢᠦᠶ ᠥᠭᠡᠷᠡᠴᠢᠯᠡᠨ | ᠰᠠᠶᠢᠵᠢᠷᠠᠭᠤᠯᠬᠤ ᠲᠥᠰᠦᠯ ᠪᠣᠯᠤᠨ ᠥᠭᠡᠷᠡᠴᠢᠯᠡᠨ ᠰᠠᠶᠢᠵᠢᠷᠠᠭᠤᠯᠤᠭᠰᠠᠨ ᠪᠣᠳᠠᠲᠠᠶ ᠠᠬᠢᠴᠠ ᠶᠢᠨ ᠪᠠᠶᠢᠳᠠᠯ ᠢ | ᠣᠶᠢᠯᠠᠭᠠᠪᠠ ᠂ ᠲᠡᠷᠡ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠢ ᠥᠭᠡᠷᠡᠴᠢᠯᠡᠨ ᠰᠠᠶᠢᠵᠢᠷᠠᠭᠤᠯᠬᠤ ᠪᠣᠯ | ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠪᠠᠰᠠ ᠴᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠂ | ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠠᠬᠢᠴᠠ ᠶᠢ ᠪᠥᠬᠦ ᠲᠠᠯ᠎ᠠ ᠪᠠᠷ | ᠲᠦᠷᠭᠡᠳᠬᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠲᠤᠰᠢᠶᠠᠨ ᠬᠡᠷᠡᠭᠯᠡᠭᠦᠯᠬᠦ ᠶᠢ ᠦᠨᠡᠨ ᠬᠦ | ᠪᠠᠲᠤᠯᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨ ᠬᠦ ᠪᠣᠳᠠᠲᠠᠶ ᠰᠠᠶᠢᠲᠤᠷ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ | ᠲᠣᠭᠤᠷᠢᠭ ᠤᠨ ᠤᠳᠤᠷᠢᠳᠤᠯᠭ᠎ᠠ ᠴᠧᠨ ᠵᠢᠶᠠ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |