ᠤᠯᠤᠰ ᠲᠥᠷᠥ ᠶᠢᠨ ᠵᠥᠪᠯᠡᠯᠭᠡᠨ ᠤ ᠰᠢᠭᠤᠶᠢᠲᠤ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 17 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/13
        4 ᠳ᠋ᠦ᠋ᠭᠡᠷ ᠰᠠᠷ᠎ᠠ ᠶᠢᠨ 3 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠰᠢᠭᠤᠶᠢᠲᠤ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 17 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠰᠢᠶᠠᠩ ᠭᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 3 ᠳ᠋ᠤᠭᠠᠷ ᠰᠠᠷ᠎ᠠ ᠶᠢᠨ 31 ᠤ ᠡᠳᠦᠷ ᠬᠤᠷᠠᠯᠳᠤᠭᠰᠠᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠰᠢᠭᠤᠶᠢᠲᠤ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠣᠯᠳᠠᠯᠭ᠎ᠠ ︵ᠬᠦᠷᠭᠡᠨ ᠬᠢᠨᠠᠭᠤᠯᠬᠤ ᠨᠤᠤᠷᠠᠭ︶ ᠵᠢᠴᠢ ᠬᠤᠯᠪᠣᠭᠳᠠᠯ ᠪᠦᠬᠦᠢ ᠠᠵᠢᠯᠳᠠᠨ ᠤ ᠶᠠᠪᠤᠳᠠᠯ ᠤᠨ ᠵᠦᠢᠯᠡᠰ ᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃        ᠬᠤᠷᠠᠯ ᠠᠴᠠ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨ ᠬᠦ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠳᠤ ᠰᠠᠶᠢᠨ ᠠᠷᠭ᠎ᠠ ᠪᠤᠳᠤᠯᠭ᠎ᠠ ᠳᠡᠪᠰᠢᠭᠦᠯᠬᠦ᠂ ᠠᠷᠠᠳᠴᠢᠯᠠᠯ ᠢᠶᠠᠷ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠶᠢ ᠠᠬᠢᠭᠤᠯᠬᠤ᠂ ᠥᠷᠭᠡᠨ ᠢᠶᠠᠷ ᠪᠦᠯᠬᠦᠮᠳᠡᠵᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠬᠦ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠲᠤᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠴᠢᠨᠠᠭᠰᠢᠳᠠ ᠣᠨᠣᠪᠴᠢᠲᠠᠢ ᠣᠯᠵᠤ᠂ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ᠂ ᠨᠡᠩ ᠰᠢᠯᠢᠳᠡᠭ ᠰᠤᠷᠲᠠᠯ ᠢᠶᠠᠷ ︽ᠳᠥᠷᠪᠡ ᠶᠢ ᠨᠢᠭᠲᠠᠷᠠᠭᠤᠯᠬᠤ︾ ᠶᠢ ᠨᠠᠶᠢᠳᠠᠪᠤᠷᠢᠵᠢᠭᠤᠯᠵᠤ᠂ ︽ᠭᠤᠷᠪᠠ ᠠᠴᠠ ᠬᠤᠶᠠᠷ ᠢ ᠡᠷᠢᠬᠦ︾ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠠᠵᠢᠯ ᠤᠨ ᠪᠠᠶᠢᠷᠢ ᠳᠠᠭᠠᠨ ᠰᠠᠭᠤᠷᠢᠯᠠᠨ ᠪᠡᠶ᠎ᠡ ᠪᠠᠷ ᠢᠶᠠᠨ ᠪᠣᠳᠠᠲᠠᠢ ᠠᠵᠢᠯᠯᠠᠬᠤ ᠶᠢ ᠬᠦᠲᠦᠯᠦᠨ ᠵᠢᠯᠤᠭᠤᠳᠴᠤ ᠂ ᠨᠡᠩ ᠰᠢᠯᠢᠳᠡᠭ ᠬᠠᠷᠢᠭᠤᠯᠲᠠ ᠶᠢᠨ ᠬᠠᠭᠤᠳᠠᠰᠤ᠂ ᠨᠡᠩ ᠪᠣᠳᠠᠲᠠᠢ ᠦᠷ᠎ᠡ ᠪᠦᠲᠦᠮᠵᠢ ᠪᠠᠷ ᠪᠦᠬᠦ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭ ᠬᠦᠷᠲᠡᠭᠡᠬᠦ ᠬᠡᠷᠡᠭᠲᠡᠢ᠃ ᠳᠣᠣᠷ᠎ᠠ ᠠᠭᠠᠷ ᠤᠨ ᠠᠵᠤ ᠠᠬᠤᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠰᠠᠶᠢᠲᠤᠷ ᠪᠡᠶᠡᠯᠡᠭᠦᠯᠵᠦ᠂  2025 ᠣᠨ ᠤ ᠠᠵᠢᠯ ᠳᠤ ᠠᠭᠤᠯᠭ᠎ᠠ ᠲᠠᠢ᠂ ᠳᠡᠭᠡᠭᠰᠢᠯᠡᠯᠲᠡ ᠲᠠᠢ᠂ ᠣᠨᠴᠠᠯᠢᠭ ᠲᠠᠢ᠂ ᠬᠢᠯᠠᠰ ᠴᠡᠭ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃        ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠴᠦᠨ᠂ ᠶᠤᠸᠠᠢ ᠵᠢᠶᠠᠨ ᠪᠢᠨ᠂ ᠶᠠᠨ ᠴᠥᠩ ᠷᠦᠨ᠂ ᠲᠠᠩ ᠬᠤᠸᠠ ᠢᠦᠢ ᠬᠤᠷᠠᠯ ᠳᠤ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号