︽ᠲᠠᠪᠤᠨ ᠵᠢᠵᠢᠭ︾ ᠢᠶᠠᠷ ︽ᠲᠠᠪᠤᠨ ᠶᠡᠭᠡ︾ ᠶᠢ ᠠᠬᠢᠭᠤᠯᠵᠤ   ᠨᠠᠮ ᠪᠠ ᠤᠯᠠᠨ ᠲᠦᠮᠡᠨ ᠤ ᠠᠵᠢᠯ ᠤᠨ ᠦᠢᠯᠡᠳᠦᠯᠭᠡ ᠪᠠ ᠪᠣᠳᠣᠯᠬᠢᠯᠠᠯ ᠢ ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2025/4/14
        ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠨᠠᠮ ᠪᠠ ᠤᠯᠠᠨ ᠲᠦᠮᠡᠨ ᠤ ᠠᠵᠢᠯ ᠨᠢ ᠨᠠᠮ ᠤᠨ ᠪᠠᠶᠢᠭᠤᠯᠤᠯᠲᠠ ᠪᠠ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠣᠷᠣᠯᠠᠭᠤᠯᠵᠤ ᠪᠣᠯᠤᠰᠢ ᠦᠭᠡᠢ ᠦᠢᠯᠡᠳᠦᠯ ᠦᠵᠡᠭᠦᠯᠵᠦ ᠪᠠᠶᠢᠨ᠎ᠠ᠃ ᠨᠠᠮ ᠪᠠ ᠣᠯᠠᠨ ᠲᠦᠮᠡᠨ ᠤ ︽ᠵᠢᠵᠢᠭ ᠵᠢᠭᠰᠠᠭᠠᠯ ᠤᠨ ᠭᠠᠵᠠᠷ︾᠂ ᠨᠠᠮ ᠤᠨ ᠪᠠᠶᠢᠭᠤᠯᠤᠯᠲᠠ ᠶᠢᠨ ︽ᠵᠢᠵᠢᠭ ᠲᠣᠣᠷᠵᠢᠯ ︾᠂ ᠠᠵᠢᠯ ᠤᠨ ︽ᠵᠢᠵᠢᠭ ᠡᠳᠦᠷ ᠤᠨ ᠲᠡᠮᠳᠡᠭᠯᠡᠯ︾᠂ ᠬᠡᠷᠡᠭ ᠵᠥᠪᠯᠡᠬᠦ ︽ᠵᠢᠵᠢᠭ ᠲᠠᠪᠴᠠᠩ︾ ᠵᠢᠴᠢ ᠡᠳᠦᠷ ᠲᠤᠲᠤᠮ ᠤᠨ ︽ᠵᠢᠵᠢᠭ ᠠᠵᠢᠯᠯᠠᠭ᠎ᠠ︾ ᠪᠠᠷ ᠳᠠᠮᠵᠢᠭᠤᠯᠤᠨ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠠᠷᠠᠳ ᠤᠨ ᠪᠠᠶᠢᠳᠠᠯ ᠢ ᠲᠡᠮᠳᠡᠭᠯᠡᠬᠦ᠂ ᠪᠣᠳᠠᠲᠤ ᠶᠠᠪᠤᠳᠠᠯ ᠢ ᠰᠢᠢᠳᠪᠦᠷᠢᠯᠡᠬᠦ᠂ ᠡᠨᠧᠷᠭᠢ ᠬᠤᠷᠠᠮᠳᠤᠭᠤᠯᠬᠤ ᠲᠠᠯ᠎ᠠ ᠶᠢᠨ ︽ᠶᠡᠭᠡ ᠦᠢᠯᠡᠳᠦᠯ︾ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ ᠃        ᠨᠠᠮ ᠪᠠ ᠣᠯᠠᠨ ᠲᠦᠮᠡᠨ ᠤ ︽ᠵᠢᠵᠢᠭ ᠵᠢᠭᠰᠠᠭᠠᠯ ᠤᠨ ᠭᠠᠵᠠᠷ︾ ᠨᠢ ︽ᠶᠡᠭᠡ ᠦᠢᠯᠡᠳᠦᠯ︾  ᠪᠠᠳᠠᠷᠠᠭᠤᠯᠤᠨ᠎ᠠ        ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠣᠯᠠᠨ ᠴᠢᠳᠠᠮᠵᠢᠲᠤ ᠠᠵᠢᠯᠯᠠᠭᠠᠨ ᠤ ᠲᠠᠰᠤᠭ ᠵᠡᠷᠭᠡ ︽ᠵᠢᠵᠢᠭ ᠵᠢᠭᠰᠠᠭᠠᠯ ᠤᠨ ᠭᠠᠵᠠᠷ︾ ᠪᠣᠯ ᠨᠠᠮ ᠪᠠ ᠣᠯᠠᠨ ᠲᠦᠮᠡᠨ ᠢ ᠬᠤᠯᠪᠣᠭᠰᠠᠨ ᠬᠥᠭᠦᠷᠭᠡ ᠬᠤᠯᠪᠣᠭᠠᠰᠤ ᠮᠥᠨ᠂ ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠨᠣᠮ ᠪᠢᠴᠢᠭ ᠤᠨ ᠲᠠᠰᠤᠭ᠂ ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ᠂ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠵᠡᠷᠭᠡ ᠰᠤᠷᠤᠯᠴᠠᠬᠤ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠨ᠂ ᠡᠯ᠎ᠡ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠡᠷᠬᠢᠯᠡᠪᠡ ᠂ ᠵᠢᠱᠢᠶᠡᠯᠡᠪᠡᠯ ︽ᠤᠭ ᠰᠠᠨᠠᠭᠠᠨ ᠤ ᠬᠢᠴᠢᠶᠡᠯ ᠤᠨ ᠲᠠᠩᠬᠢᠮ︾᠂ ︽ᠪᠢᠴᠢᠯ ᠨᠠᠮ ᠤᠨ ᠬᠢᠴᠢᠶᠡᠯ︾᠂ ︽ᠣᠨᠣᠯ ᠤᠨ ᠳᠠᠭᠤᠨ︾ ᠵᠢᠴᠢ ᠨᠠᠮ ᠤᠨ ᠦᠭᠡ ᠶᠢ ᠰᠣᠨᠤᠰᠴᠤ  ᠂ ᠨᠠᠮ ᠢᠶᠠᠨ ᠲᠠᠭᠠᠨ ᠤᠷᠤᠭᠰᠢᠯᠠᠬᠤ ᠣᠯᠠᠨ ᠲᠦᠮᠡᠨ ᠤ ᠰᠤᠷᠭᠠᠨ ᠬᠥᠮᠦᠵᠢᠯ ᠤᠨ ᠮᠡᠳᠡᠯᠭᠡ ᠶᠢᠨ ᠰᠣᠨᠢᠷᠬᠠᠯᠲᠤ ᠤᠷᠤᠯᠳᠤᠭᠠᠨ ᠂ ᠬᠤᠪᠢᠰᠬᠠᠯ ᠤᠨ ᠱᠡᠯᠦ᠋ᠩ ᠵᠡᠷᠭᠡ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠲᠠᠭᠤᠨ ᠢ ᠨᠠᠩ ᠰᠠᠶᠢᠲᠤᠷ ᠤᠬᠠᠭᠤᠯᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠪᠠᠰᠠ ︽ ᠰᠢᠨ ᠸᠠᠩ ᠤᠨ ᠳᠠᠭᠤᠨ︾ ᠤ ᠷᠠᠳᠢᠣ᠋ ᠨᠡᠪᠲᠡᠷᠡᠭᠦᠯᠭᠡ ᠶᠢᠨ ᠥᠷᠲᠡᠭᠡ ᠶᠢ ᠰᠢᠨ᠎ᠡ ᠶᠢ ᠡᠭᠦᠳᠦᠨ ᠥᠷᠨᠢᠭᠦᠯᠵᠦ᠂ ᠣᠯᠠᠨ ᠲᠦᠮᠡᠨ ᠤ ᠲᠠᠨᠢᠯ ᠳᠠᠰᠤᠯ ᠣᠷᠣᠨ ᠨᠤᠲᠤᠭ ᠤᠨ ᠦᠭᠡ ᠬᠡᠯᠡ ᠪᠠᠷ ᠣᠨᠣᠯ ᠤᠨ ᠮᠡᠳᠡᠯᠭᠡ ᠶᠢ ᠬᠢᠯᠪᠠᠷ ᠣᠶᠢᠯᠠᠭᠠᠮᠵᠢᠲᠠᠶ ᠡᠳᠦᠷ ᠳᠣᠲᠤᠮ ᠤᠨ ᠦᠭᠡ ᠪᠣᠯᠭᠠᠨ ᠬᠤᠪᠢᠷᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠦᠨᠡᠨ ᠬᠦ ᠡᠭᠡᠯ ᠠᠷᠠᠳ ᠤᠨ ᠬᠡᠷ ᠲᠤ ᠣᠷᠤᠭᠤᠯᠪᠠ ᠃
图片1.png
        ᠨᠠᠮ ᠤᠨ ᠪᠠᠶᠢᠭᠤᠯᠤᠯᠲᠠ ᠶᠢᠨ ︽ᠵᠢᠵᠢᠭ ᠲᠣᠣᠷᠵᠢᠯ︾ ᠨᠢ ︽ᠠᠷᠠᠳ ᠤᠨ ᠠᠮᠢᠳᠤᠷᠠᠯ  ︾ ᠢ ᠪᠠᠲᠤᠯᠠᠨ᠎ᠠ        ᠰᠢᠨ ᠸᠠᠩ ᠨᠡᠶᠢᠭᠡᠮ ᠲᠣᠭᠤᠷᠢᠭ ᠤᠨ ᠬᠢᠨ ᠡᠯ᠎ᠡ ᠵᠦᠢᠯ ᠤᠨ ᠠᠵᠢᠯ ᠢ ᠨᠡᠶᠢᠭᠡᠮ ᠤᠨ ᠵᠠᠰᠠᠯᠲᠠ ᠶᠢᠨ ᠲᠣᠣᠷᠵᠢᠯ ᠤᠨ ᠲᠣᠭᠲᠠᠯᠴᠠᠭ᠎ᠠ ᠳᠤ ᠠᠭᠤᠰᠤᠯᠴᠠᠭᠤᠯᠵᠤ᠂ ︽ ᠪᠠᠲᠤ ᠭᠤᠷᠪᠠᠯᠵᠢᠨ︾  ᠬᠠᠮᠢᠶᠠᠷᠤᠯᠲᠠ ᠶᠢᠨ ᠵᠠᠭᠪᠤᠷ ᠢ ᠪᠠᠶᠢᠭᠤᠯᠪᠠ ᠃ ᠲᠣᠣᠷᠵᠢᠯᠲᠠᠨ ᠵᠡᠭᠡᠯᠢ ᠭᠤᠳᠤᠮᠵᠢ ᠪᠠᠷ ᠶᠠᠪᠤᠵᠤ᠂ ᠡᠷᠦᠬᠡ ᠪᠦᠷᠢ ᠶᠢᠨ ᠪᠠᠶᠢᠳᠠᠯ ᠣᠨᠴᠠᠭᠠᠶᠢᠯᠠᠨ ᠣᠨᠴᠠᠭᠠᠶ ᠬᠠᠮᠲᠤᠯᠢᠭ ᠤᠨ ᠬᠡᠷᠡᠭᠴᠡᠭᠡ ᠶᠢ ᠭᠦᠨᠵᠡᠭᠡᠶ ᠣᠶᠢᠯᠠᠭᠠᠵᠤ᠂ ᠨᠠᠷᠢᠨ ᠪᠣᠳᠠᠲᠠᠶ ︽ᠬᠠᠶᠢᠷ᠎ᠠ ᠬᠠᠯᠠᠮᠵᠢ ᠶᠢᠨ ᠭᠠᠵᠠᠷ ᠤᠨ ᠵᠢᠷᠤᠭ︾ ᠢ ᠪᠣᠶ ᠪᠣᠯᠭᠠᠪᠠ᠃ ᠲᠣᠣᠷᠵᠢᠭᠤᠯᠤᠭᠰᠠᠨ ᠬᠠᠮᠢᠶᠠᠷᠤᠯᠲᠠ ᠪᠠᠷ ᠳᠠᠮᠵᠢᠨ᠂ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠴᠤᠤᠷᠢᠶᠠᠲᠤᠨ ᠳᠠᠭᠠᠵᠤ᠂ ᠤᠯᠠᠨ ᠲᠦᠮᠡᠨ ᠤ ᠳᠡᠷᠭᠡᠳᠡᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽ᠵᠢᠵᠢᠭ ᠲᠣᠣᠷᠵᠢᠯ ︾ ᠤᠨ ︽ᠶᠡᠭᠡ ᠠᠷᠠᠳ ᠤᠨ ᠠᠮᠢᠳᠤᠷᠠᠯ︾ ᠢ ᠳᠠᠭᠠᠭᠠᠬᠤ ᠡᠭᠦᠷᠭᠡ ᠶᠢ ᠦᠨᠡᠨ ᠬᠦ ᠪᠡᠶᠡᠯᠡᠭᠦᠯᠪᠡ᠃
图片2.png
        ᠠᠵᠢᠯ ᠤᠨ ︽ᠪᠠᠭ᠎ᠠ ᠡᠳᠦᠷ ᠤᠨ ᠲᠡᠮᠳᠡᠭᠯᠡᠯ︾  ᠨᠢ ︽ᠶᠡᠭᠡ ᠠᠷᠠᠳ ᠤᠨ ᠪᠠᠶᠢᠳᠠᠯ ᠢ ᠲᠡᠮᠳᠡᠭᠯᠡᠨ᠎ᠡ        ᠰᠢᠨ ᠸᠠᠩ ᠨᠡᠶᠢᠭᠡᠮ ᠲᠣᠭᠤᠷᠢᠭ ᠤᠨ  ᠬᠢᠨ ᠠᠵᠢᠯ ᠤᠨ ᠡᠳᠦᠷ ᠤᠨ ᠲᠡᠮᠳᠡᠭᠯᠡᠯ ᠤᠨ ᠳᠦᠷᠢᠮ ᠢ ᠲᠡᠭᠦᠯᠳᠡᠷᠵᠢᠭᠦᠯᠵᠦ ᠂ ᠨᠠᠮ ᠤᠨ ᠭᠡᠰᠢᠭᠦᠨ ᠺᠠᠳ᠋ᠷ ᠢ ᠡᠳᠦᠷ ᠲᠣᠲᠤᠮ ᠤᠨ ᠠᠵᠢᠯ ᠤᠨ ᠳᠤᠮᠳᠠ ᠪᠠᠨ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠰᠢᠢᠳᠪᠦᠷᠢᠯᠡᠭᠰᠡᠨ ᠶᠠᠪᠤᠴᠠ ᠵᠢᠴᠢ ᠦᠷ᠎ᠡ ᠳ᠋ᠦᠩ ᠢ ᠨᠠᠷᠢᠨ ᠲᠡᠮᠳᠡᠭᠯᠡᠬᠦ ᠶᠢ ᠱᠠᠭᠠᠷᠳᠠᠪᠠ ᠂ ᠠᠵᠢᠯ ᠤᠨ ᠶᠠᠪᠤᠴᠠ ᠶᠢ ᠵᠢᠷᠤᠮᠵᠢᠭᠤᠯᠬᠤ ᠳᠤ ᠠᠰᠢᠭᠲᠠᠶ ᠪᠠᠶᠢᠬᠤ ᠪᠠᠷ ᠪᠠᠷᠠᠬᠤ ᠦᠭᠡᠢ᠂ ᠪᠠᠰᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠭᠠᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠵᠤ ᠴᠢᠳᠠᠨ᠎ᠠ ᠃ ᠡᠳᠡᠭᠡᠷ ᠦᠵᠡᠬᠦ ᠳᠤ ᠠᠷᠰᠠᠷ ᠠᠵᠢᠯ ᠤᠨ ᠡᠳᠦᠷ ᠤᠨ ᠲᠡᠮᠳᠡᠭᠯᠡᠯ ᠨᠢ ᠦᠨᠡᠨ ᠳᠡᠭᠡᠨ ᠣᠯᠠᠨ ᠲᠦᠮᠡᠨ ᠤ ᠦᠨᠡᠨ ᠪᠣᠳᠠᠲᠠᠶ ᠳᠠᠭᠤᠨ ᠪᠠ ᠦᠨᠡᠨ ᠬᠦ ᠬᠡᠷᠡᠭᠴᠡᠭᠡ ᠱᠠᠭᠠᠷᠳᠠᠯᠭ᠎ᠠ ᠶᠢ ᠬᠤᠷᠠᠮᠳᠤᠭᠤᠯᠤᠭᠰᠠᠨ ᠶᠤᠮ ᠃ ᠠᠵᠢᠯ ᠤᠨ ᠡᠳᠦᠷ ᠤᠨ ᠲᠡᠮᠳᠡᠭᠯᠡᠯ ᠪᠠ ᠵᠠᠳᠠᠯᠤᠯᠲᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢᠨ ᠬᠠᠨᠳᠤᠰᠢ ᠶᠢ ᠨᠡᠩ ᠣᠨᠣᠪᠴᠢᠲᠠᠶ ᠡᠵᠡᠮᠰᠢᠵᠦ᠂ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠪᠠ᠃
图片3.png
        ᠬᠡᠷᠡᠭ ᠵᠥᠪᠯᠡᠬᠦ ︽ᠵᠢᠵᠢᠭ ᠲᠠᠪᠴᠠᠩ︾ ᠨᠢ ︽ᠶᠡᠭᠡ ᠪᠣᠳᠠᠲᠤ ᠶᠠᠪᠤᠳᠠᠯ︾ ᠢ ᠰᠢᠢᠳᠪᠦᠷᠢᠯᠡᠨ᠎ᠡ        ᠰᠢᠨ ᠸᠠᠩ ᠨᠡᠶᠢᠭᠡᠮ ᠲᠣᠭᠤᠷᠢᠭ  ᠨᠢ ᠰᠠᠭᠤᠭᠠᠯᠢ ᠠᠷᠠᠳ ᠤᠨ ᠵᠥᠪᠯᠡᠯ᠂ ᠰᠠᠨᠳᠠᠯᠢ ᠶᠢᠨ ᠵᠥᠪᠯᠡᠯ ᠵᠡᠷᠭᠡ ︽ᠵᠢᠵᠢᠭ ᠲᠠᠪᠴᠠᠩ︾ ᠢ ᠪᠠᠶᠢᠭᠤᠯᠵᠤ᠂ ᠤᠯᠠᠨ ᠲᠦᠮᠡᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠳᠤ ᠠᠷᠭ᠎ᠠ ᠵᠠᠮ ᠬᠠᠩᠭᠠᠭᠰᠠᠨ ᠪᠠᠶᠢᠨ᠎ᠠ᠃ ᠡᠲᠡᠭᠡᠷ ᠲᠠᠪᠴᠠᠩ ᠢᠶᠠᠷ ᠳᠠᠮᠵᠢᠭᠤᠯᠤᠨ᠂ ᠣᠯᠠᠨ ᠲᠦᠮᠡᠨ ᠨᠡᠶᠢᠭᠡᠮ ᠲᠣᠭᠤᠷᠢᠭ ᠤᠨ ᠬᠥᠭᠵᠢᠯᠲᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠥᠪᠯᠡᠬᠦ ᠰᠡᠳᠦᠪ ᠤᠨ ᠲᠤᠬᠠᠶ ᠰᠠᠨᠠᠯ ᠢᠶᠠᠨ ᠨᠡᠶᠢᠲᠡᠯᠡᠵᠦ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠰᠢᠭᠤᠳ ᠶᠠᠷᠢᠯᠴᠠᠵᠤ᠂ ᠰᠢᠢᠳᠪᠦᠷᠢᠯᠡᠬᠦ ᠲᠥᠰᠦᠯ ᠢ ᠬᠠᠮᠲᠤ ᠪᠠᠷ ᠵᠥᠪᠳᠡᠯᠴᠡᠨ ᠶᠠᠷᠢᠯᠴᠠᠵᠤ ᠪᠣᠯᠤᠨ᠎ᠠ᠃ ᠡᠶᠢᠮᠦᠷᠬᠦᠦ ︽ᠨᠢᠭᠤᠷᠳᠠᠨ ᠶᠠᠷᠢᠯᠴᠠᠬᠤ︾ ᠰᠣᠯᠢᠯᠴᠠᠭᠠᠨ ᠤ ᠠᠷᠭ᠎ᠠ ᠮᠠᠶ᠋ᠢᠭ ᠨᠢ ᠤᠯᠠᠨ ᠲᠦᠮᠡᠨ ᠤ ᠡᠵᠡᠨ ᠬᠥᠮᠦᠨ ᠤ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠢ ᠠᠬᠢᠭᠤᠯᠪᠠ ᠃
图片4.png
        ᠡᠳᠦᠷ ᠲᠤᠲᠤᠮ ᠤᠨ ︽ᠵᠢᠵᠢᠭ ᠠᠵᠢᠯᠯᠠᠭ᠎ᠠ︾ ᠨᠢ ︽ᠢᠳᠡᠪᠬᠢ ᠬᠦᠴᠦᠨ︾ ᠢ ᠨᠢᠭᠲᠠᠷᠠᠭᠤᠯᠤᠨ᠎ᠠ        ᠰᠢᠨ ᠸᠠᠩ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠦᠵᠡᠵᠦ ᠰᠣᠨᠢᠷᠬᠠᠬᠤ ᠳᠤᠷᠠᠲᠠᠢ ᠠᠷᠠᠳ ᠲᠤ ᠲᠥᠬᠦᠮ ᠦᠵᠡᠭᠦᠯᠬᠦ ᠠᠵᠢᠯᠯᠠᠭ᠎ᠠ ᠶᠢ ᠪᠠᠶᠢᠩᠭᠤ ᠦᠷᠨᠢᠭᠦᠯᠵᠦ ᠂ ᠵᠢᠱᠢᠶᠡᠯᠡᠪᠡᠯ DIY ᠭᠠᠷ ᠤᠷᠠᠯᠠᠯ ᠤᠨ ᠠᠵᠢᠯᠯᠠᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯᠯᠠᠭ᠎ᠠ᠂ ᠤᠷᠠᠨ ᠰᠠᠶᠢᠬᠠᠨ ᠤ ᠲᠣᠭᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠡᠷᠭᠡ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠭᠰᠠᠨ ᠮᠥᠷᠲᠡᠭᠡᠨ ᠪᠠᠰᠠ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠢ ᠣᠯᠭᠤᠭᠰᠠᠨ ᠪᠠᠶᠢᠨ᠎ᠠ᠃ ᠡᠲᠡᠭᠡᠷ ᠠᠵᠢᠯᠯᠠᠭ᠎ᠠ ᠨᠢ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠰᠠᠭᠤᠭᠠᠯᠢ ᠠᠷᠠᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠭᠤᠯᠵᠤ᠂ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠬᠠᠯᠠᠭᠤᠨ ᠰᠡᠳᠭᠢᠯᠲᠦ ᠰᠠᠭᠤᠭᠠᠯᠢ ᠠᠷᠠᠳ ᠵᠡᠷᠭᠡ ᠶᠢᠨ ᠦᠢᠯᠡᠳᠦᠯ ᠢ ᠪᠠᠳᠠᠷᠠᠭᠤᠯᠤᠨ᠂ ᠬᠠᠶᠢᠷ᠎ᠠ ᠬᠠᠯᠠᠮᠵᠢ ᠪᠠᠷ ᠪᠢᠯᠬᠠᠮ᠎ᠠ ᠡᠶ᠎ᠡ ᠵᠣᠬᠢᠴᠠᠯ ᠲᠠᠢ ᠵᠣᠯ ᠵᠢᠷᠭᠠᠯ ᠤᠨ ᠬᠠᠭᠤᠳᠠᠰᠤ ᠶᠢ ᠬᠠᠮᠲᠤᠪᠠᠷ ᠵᠢᠷᠤᠭᠯᠠᠪᠠ᠃
图片5.png
        ᠨᠠᠮ ᠪᠠ ᠣᠯᠠᠨ ᠲᠦᠮᠡᠨ ᠤ ︽ᠵᠢᠵᠢᠭ ᠵᠢᠭᠰᠠᠭᠠᠯ ᠤᠨ ᠭᠠᠵᠠᠷ︾᠂ ᠨᠠᠮ ᠤᠨ ᠪᠠᠶᠢᠭᠤᠯᠤᠯᠲᠠ ᠶᠢᠨ ︽ᠵᠢᠵᠢᠭ ᠲᠣᠣᠷᠵᠢᠯ ︾᠂ ᠠᠵᠢᠯ ᠤᠨ ︽ᠪᠠᠭ᠎ᠠ ᠡᠳᠦᠷ ᠤᠨ ᠲᠡᠮᠳᠡᠭᠯᠡᠯ︾᠂ ᠬᠡᠷᠡᠭ ᠵᠥᠪᠯᠡᠬᠦ ︽ᠵᠢᠵᠢᠭ ᠲᠠᠪᠴᠠᠩ︾᠂ ᠡᠳᠦᠷ ᠲᠤᠲᠤᠮ ᠤᠨ ︽ᠵᠢᠵᠢᠭ ᠠᠵᠢᠯᠯᠠᠭ᠎ᠠ︾ ᠨᠢ ᠬᠡᠳᠦ᠋ᠢᠪᠡᠷ ᠦᠵᠡᠬᠦ ᠳᠤ ᠪᠠᠭ᠎ᠠ ᠪᠣᠯᠪᠠᠴᠤ ᠣᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤᠮᠳᠠ ᠣᠷᠣᠯᠠᠭᠤᠯᠵᠤ ᠪᠣᠯᠤᠰᠢ ᠥᠬᠡᠶ ᠦᠢᠯᠡᠳᠦᠯ ᠦᠵᠡᠭᠦᠯᠵᠦ ᠪᠠᠶᠢᠳᠠᠭ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号