ᠡᠮᠡᠭᠲᠡᠢ ᠠᠵᠢᠯᠲᠠᠨ ᠠᠵᠢᠯᠴᠢᠨ ᠨᠠᠰᠤᠨ ᠳᠤ ᠬᠦᠷᠦᠭᠡᠳᠦᠢ ᠠᠵᠢᠯᠴᠢᠨ ᠤ ᠡᠷᠬᠡ ᠠᠰᠢᠭ ᠢ ᠬᠠᠮᠠᠭᠠᠯᠠᠵᠤ  ᠠᠵᠢᠯ ᠤᠨ ᠲᠠᠯᠠᠪᠠᠢ ᠶᠢᠨ ᠭᠤᠣᠯᠴᠢ ᠡᠷᠬᠡ ᠲᠡᠭᠰᠢ ᠪᠠᠶᠢᠬᠤ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2025/4/14
        ᠬᠥᠳᠡᠯᠮᠦᠷᠢᠴᠢᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠬᠠᠮᠲᠤ᠂ ᠨᠡᠶᠢᠭᠡᠮ ᠤᠨ ᠡᠮᠡᠭᠲᠡᠢ ᠬᠥᠳᠡᠯᠮᠦᠷᠢᠴᠢᠨ ᠤ ᠡᠷᠬᠡ ᠠᠰᠢᠭ ᠤᠨ ᠲᠤᠬᠠᠢ ᠲᠠᠨᠢᠯᠲᠠ ᠪᠠ ᠬᠦᠨᠳᠦᠳᠭᠡᠯ ᠢ ᠳᠡᠭᠡᠭᠰᠢᠯᠡᠭᠦᠯᠵᠦ ᠂ ᠡᠮᠡᠭᠲᠡᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ︽ᠡᠮᠡᠭᠲᠡᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠷᠬᠡ ᠠᠰᠢᠭ ᠢ ᠬᠠᠮᠠᠭᠠᠯᠠᠬᠤ  ᠦᠢᠯᠡᠴᠢᠯᠡᠭᠡᠨ ᠤ ᠲᠥᠪ ᠬᠠᠷᠢᠶᠠᠲᠤ ᠲᠣᠭᠤᠷᠢᠭ ᠤᠨ ᠳᠣᠲᠤᠷᠠᠬᠢ ᠠᠵᠢᠯᠴᠢᠨ ᠬᠡᠷᠡᠭᠯᠡᠬᠦ ᠨᠢᠭᠡᠴᠢ ᠳᠤ  ᠡᠮᠡᠭᠲᠡᠢ ᠠᠵᠢᠯᠲᠠᠨ ᠠᠵᠢᠯᠴᠢᠨ ᠪᠠ ᠨᠠᠰᠤᠨ ᠳᠤ ᠦᠯᠦ ᠬᠦᠷᠦᠭᠰᠡᠳ ᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠰᠬᠠᠢ ᠠᠵᠢᠯᠯᠠᠭ᠎ᠠ ᠦᠷᠨᠢᠭᠦᠯᠪᠡ ᠃        ᠥᠨᠴᠥᠭ ᠪᠤᠯᠤᠩ ᠦᠯᠡᠳᠡᠭᠡᠬᠦ ᠥᠬᠡᠶ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ ᠃ ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠲᠣᠭᠤᠷᠢᠭ ᠤᠨ ᠳᠣᠲᠣᠷᠠᠬᠢ 16 ᠬᠥᠮᠦᠨ ᠬᠡᠷᠡᠭᠯᠡᠬᠦ ᠨᠢᠭᠡᠴᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠮᠡᠭᠲᠡᠶ ᠠᠵᠢᠯᠲᠠᠨ ᠠᠵᠢᠯᠴᠢᠨ ᠤ ᠲᠤᠭ᠎ᠠ ᠪᠠᠷ ᠨᠡᠯᠢᠶᠡᠳ ᠣᠯᠠᠨ ᠨᠢᠭᠲᠠᠷᠠᠭᠰᠠᠨ ᠬᠡᠯᠪᠡᠷᠢ ᠶᠢᠨ ᠡᠳ᠋ᠰᠢᠭᠦᠯᠬᠦ ᠦᠢᠯᠡᠰ ᠵᠢᠴᠢ ᠨᠠᠰᠤᠨ ᠳᠤ ᠥᠯᠥ ᠭᠦᠷᠦᠭᠰᠡᠳ ᠢ ᠠᠮᠠᠷᠬᠠᠨ ᠡᠯᠰᠡᠨ ᠬᠡᠷᠡᠭᠯᠡᠬᠦ ᠢᠳᠡᠭᠡᠨ ᠤᠮᠳᠠᠭᠠᠨ᠂ ᠵᠤᠭ᠎ᠠ ᠴᠡᠩᠭᠡᠯ ᠤᠨ ᠠᠵᠢᠯ ᠲᠥᠷᠥᠯ ᠢ ᠭᠤᠤᠯᠳᠠᠯᠭ᠎ᠠ ᠲᠠᠢ ᠪᠠᠶᠢᠴᠠᠭᠠᠪᠠ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠠᠵᠢᠯᠲᠠᠨ ᠠᠵᠢᠯᠴᠢᠨ ᠠᠴᠠ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠢ ᠶᠢᠨ ᠡᠮᠡᠭᠲᠡᠶ ᠠᠵᠢᠯᠲᠠᠨ ᠠᠵᠢᠯᠴᠢᠨ ᠪᠠ ᠨᠠᠰᠤᠨ ᠳᠤ ᠥᠯᠥ ᠭᠦᠷᠦᠭᠰᠡᠳ ᠤᠨ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢᠨ ᠲᠠᠯ᠎ᠠ ᠪᠠᠷ ᠬᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ ᠃        ᠪᠠᠶᠢᠴᠠᠭᠠᠯᠲᠠ ᠪᠠᠨ ᠴᠢᠩᠳᠠᠯᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠪᠡ᠃ ᠡᠮᠡᠭᠲᠡᠶ ᠠᠵᠢᠯᠲᠠᠨ ᠠᠵᠢᠯᠴᠢᠨ ᠤ ᠡᠷᠬᠡ ᠠᠰᠢᠭ ᠤᠨ ᠲᠠᠯ᠎ᠠ ᠪᠠᠷ᠂ ᠡᠮᠡᠭᠲᠡᠶ ᠠᠵᠢᠯᠲᠠᠨ ᠠᠵᠢᠯᠴᠢᠨ ᠤ ︽ᠭᠤᠷᠪᠠᠨ ᠬᠤᠭᠤᠴᠠᠭ᠎ᠠ︾ ᠶᠢᠨ ᠬᠠᠮᠠᠭᠠᠯᠠᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠵᠢᠷᠮᠦᠰᠦᠨ ᠬᠤᠭᠤᠴᠠᠭᠠᠨ ᠳᠠᠬᠢ ᠡᠮᠡᠭᠲᠡᠶ ᠠᠵᠢᠯᠲᠠᠨ ᠠᠵᠢᠯᠴᠢᠨ ᠤ ᠴᠡᠭᠡᠷ ᠲᠠᠢ ᠬᠥᠳᠡᠯᠮᠦᠷᠢ ᠬᠢᠭᠰᠡᠨ ᠡᠰᠡᠬᠦ᠂ ᠬᠠᠤᠯᠢ ᠶᠣᠰᠣᠭᠠᠷ ᠬᠥᠩᠭᠡᠵᠢᠬᠦ ᠴᠢᠯᠥᠭᠡ ᠥᠭᠭᠦᠭᠰᠡᠨ ᠡᠰᠡᠬᠦ ᠪᠠ ᠬᠡᠦᠬᠡᠳ ᠬᠥᠬᠦᠭᠦᠯᠬᠦ ᠴᠢᠯᠥᠭᠡ ᠥᠭᠭᠦᠭᠰᠡᠨ ᠡᠰᠡᠬᠦ᠂ ︽ᠭᠤᠷᠪᠠᠨ ᠬᠤᠭᠤᠴᠠᠭ᠎ᠠ︾ ᠶᠢᠨ ᠲᠠᠯ᠎ᠠ ᠪᠠᠷ ᠡᠮᠡᠭᠲᠡᠶ ᠠᠵᠢᠯᠲᠠᠨ ᠠᠵᠢᠯᠴᠢᠨ ᠤ ᠴᠠᠯᠢᠩ ᠤᠨ ᠣᠯᠭᠤᠮᠵᠢ ᠶᠢ ᠪᠠᠭᠤᠷᠠᠭᠤᠯᠬᠤ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ︔ ᠡᠭᠦᠨ ᠤ ᠬᠠᠮᠲᠤ ᠡᠮᠡᠭᠲᠡᠶ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠴᠢᠮ ᠪᠠ ᠠᠵᠢᠯᠯᠠᠬᠤ ᠴᠠᠭ ᠤᠨ ᠲᠣᠬᠢᠷᠠᠭᠤᠯᠤᠯᠲᠠ ᠨᠢ ᠲᠣᠭᠲᠠᠭᠠᠯ ᠳᠤ ᠨᠡᠶᠢᠴᠡᠬᠦ ᠡᠰᠡᠬᠦ ᠵᠢᠴᠢ ᠡᠮᠡᠭᠲᠡᠶ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ ᠶᠢ ᠠᠩᠬᠠᠷᠪᠠ ᠃        ᠤᠬᠠᠭᠤᠯᠭ᠎ᠠ ᠶᠢ ᠴᠢᠩᠭᠠᠳᠬᠠᠵᠤ᠂ ᠤᠬᠠᠮᠰᠠᠷ ᠢ ᠳᠡᠭᠡᠭᠰᠢᠯᠡᠭᠦᠯᠪᠡ ᠃ ᠪᠠᠶᠢᠴᠠᠭᠠᠬᠤ ᠶᠠᠪᠤᠴᠠ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠵᠡᠷᠭᠡᠪᠡᠷ ᠦᠷᠨᠢᠭᠦᠯᠪᠡ ᠃ ᠬᠥᠮᠦᠨ ᠬᠡᠷᠡᠭᠯᠡᠬᠦ ᠨᠢᠭᠡᠴᠢ ᠳᠤ ︽ᠡᠮᠡᠭᠲᠡᠶ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠣᠭᠲᠠᠭᠠᠯ︾᠂ ︽ᠨᠠᠰᠤᠨ ᠳᠤ ᠥᠯᠥ ᠭᠦᠷᠦᠭᠰᠡᠳ ᠤᠨ ᠣᠨᠴᠠᠭᠠᠶ ᠬᠠᠮᠠᠭᠠᠯᠠᠯᠲᠠ ᠶᠢᠨ ᠲᠣᠭᠲᠠᠭᠠᠯ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠵᠦᠢᠯ ᠵᠤᠷᠪᠤᠰ ᠢ ᠨᠠᠷᠢᠨ ᠲᠠᠶᠢᠯᠪᠤᠷᠢᠯᠠᠵᠤ᠂ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ ᠂ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号