ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ | ᠣᠶᠢᠷ᠎ᠠ ᠳᠤ ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ 2024 | ᠣᠨ ᠤ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠨᠠᠮ ᠤᠨ ᠡᠭᠦᠷ ᠤᠨ ᠱᠦᠵᠢ | ᠯᠢᠦ ᠡᠾᠦ᠋ᠢ ᠬᠤᠷᠠᠯ ᠢ ᠡᠷᠬᠢᠯᠡᠵᠦ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠶᠡᠷᠦᠩᠬᠡᠢ ᠡᠭᠦᠷ ᠤᠨ ᠳᠡᠳ᠋ ᠱᠦᠵᠢ ᠭᠤᠤ | ᠯᠢ ᠱᠧᠩ ᠨᠥᠬᠦᠷ ᠬᠤᠷᠠᠯ ᠳᠤ ᠣᠷᠣᠯᠴᠠᠭᠰᠠᠨ ᠪᠥᠭᠡᠳ ᠪᠦᠬᠦ ᠶᠠᠪᠤᠴᠠ ᠶᠢ ᠵᠢᠯᠣᠭᠤᠳᠴᠤ᠂ ᠨᠠᠮ ᠤᠨ ᠡᠭᠦᠷ ᠤᠨ | ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠠᠴᠠ ᠡᠮᠦᠨ᠎ᠡ᠂ ᠨᠠᠮ ᠤᠨ ᠡᠭᠦᠷ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠪᠠ᠃ ᠰᠤᠷᠤᠯᠴᠠᠬᠤ ᠮᠠᠲ᠋ᠧᠷᠢᠶᠠᠯ ᠲᠠᠷᠬᠠᠭᠠᠬᠤ᠂ | ᠲᠦᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠡᠭᠦᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ | ᠴᠢᠨᠠᠷ ᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ | ᠠᠵᠢᠯᠯᠠᠬᠤ ᠶᠢ ᠨᠢᠭᠡᠳᠬᠡᠬᠦ ᠶᠢ ᠪᠡᠶᠡᠯᠡᠭᠦᠯᠵᠦ᠂ ᠤᠯᠤᠰ ᠲᠦᠷᠦ ᠶᠢᠨ ᠤᠨᠤᠯ ᠤᠨ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ | ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃ | | ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠯᠢᠦ ᠡᠾᠦ᠋ᠢ ᠨᠥᠬᠦᠷ ᠪᠦᠬᠦ ᠨᠠᠮ ᠤᠨ ᠭᠡᠰᠢᠭᠦᠨ ᠢ | ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠭᠰᠠᠨ ᠪᠥᠭᠡᠳ ᠳᠡᠭᠡᠷ᠎ᠡ ᠨᠢᠭᠡ ᠵᠢᠯ ᠤᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠪᠠᠶᠢᠴᠠᠭᠠᠨ ᠳᠡᠯᠭᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ | ᠮᠡᠳᠡᠭᠳᠡᠬᠦ ᠶᠢᠨ ᠬᠠᠮᠲᠤ ᠤᠳᠤᠷᠢᠳᠬᠤ ᠪᠠᠭ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ | | ᠨᠠᠮ ᠤᠨ ᠡᠭᠦᠷ ᠤᠨ ᠤᠳᠤᠷᠢᠳᠬᠤ ᠪᠠᠭ ︽ᠳᠥᠷᠪᠡ ᠶᠢ ᠳᠠᠭᠠᠭᠤᠯᠬᠤ︾ ᠳᠤ ᠨᠠᠷᠢᠨ ᠬᠢᠨᠠᠮᠠᠭᠠᠶ | ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ ᠵᠠᠳᠠᠯᠵᠤ᠂ | ᠠᠰᠠᠭᠤᠳᠠᠯ ᠤᠨ ᠡᠭᠦᠰᠦᠭᠰᠡᠨ ᠰᠢᠯᠲᠠᠭᠠᠨ ᠢ ᠵᠠᠳᠠᠯᠵᠤ᠂ ᠬᠤᠶᠢᠰᠢᠳᠠ ᠶᠢᠨ ᠴᠢᠷᠮᠠᠶᠢᠬᠤ ᠴᠢᠭᠯᠡᠯ ᠪᠠ ᠰᠠᠶᠢᠵᠢᠷᠠᠭᠤᠯᠬᠤ | ᠠᠷᠭ᠎ᠠ ᠬᠡᠮᠵᠢᠶ᠎ᠡ ᠪᠠᠨ ᠲᠣᠳᠣᠷᠬᠠᠶᠢᠯᠠᠪᠠ᠃ ᠪᠦᠬᠦ ᠨᠠᠮ ᠤᠨ ᠭᠡᠰᠢᠭᠦᠨ ᠲᠤᠰ ᠪᠡᠶ᠎ᠡ ᠶᠢᠨ ᠦᠵᠡᠯ ᠰᠠᠨᠠᠭ᠎ᠠ ᠪᠠ | ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠨᠠᠮ ᠳᠠᠭᠠᠨ ᠦᠨᠡᠨᠴᠢ ᠰᠢᠳᠤᠷᠭᠤ᠂ | ᠨᠥᠬᠦᠳ ᠲᠡᠭᠡᠨ ᠬᠠᠷᠢᠭᠤᠴᠠᠬᠤ ᠣᠪᠣᠷ ᠢᠶᠠᠷ ᠦᠨᠡᠨᠴᠢ ᠪᠠᠷ ᠬᠠᠨᠳᠤᠵᠤ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ ᠬᠤᠷᠠᠯ ᠳᠡᠭᠡᠷ᠎ᠡ ᠨᠢᠭᠤᠷ ᠤᠯᠠᠶᠢᠯᠭᠠᠨ ᠬᠥᠯᠥᠰᠥ | ᠭᠠᠷᠤᠭᠰᠠᠨ ᠪᠠᠴᠢᠮ ᠪᠠᠶᠢᠳᠠᠯ ᠪᠠ ᠲᠥᠪ ᠴᠢᠩᠭ᠎ᠠ᠂ ᠡᠷᠴᠢ ᠵᠣᠷᠢᠭ ᠢᠶᠠᠨ ᠬᠥᠪᠴᠢᠯᠡᠨ ᠠᠭᠤᠵᠢᠭᠤ ᠲᠠᠯᠪᠢᠭᠤ ᠪᠠ | ᠡᠶ᠎ᠡ ᠵᠣᠬᠢᠴᠠᠯ ᠲᠠᠢ ᠪᠠᠶᠢᠳᠠᠯ ᠪᠠᠶᠢᠵᠤ᠂ ︽ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ︾ ᠵᠣᠷᠢᠯᠭ᠎ᠠ ᠳᠠᠭᠠᠨ | ᠦᠨᠡᠨ ᠬᠦ ᠬᠦᠷᠦᠭᠰᠡᠨ ᠪᠠᠶᠢᠨ᠎ᠠ᠃ | ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ ᠭᠤᠤ ᠯᠢ ᠱᠧᠩ ᠨᠥᠬᠦᠷ ᠲᠣᠰ | ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠦᠨᠡᠯᠡᠵᠦ᠂ ᠲᠣᠰ ᠤᠳᠠᠭᠠᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠣᠯ ᠨᠢᠭᠡ ᠤᠳᠠᠭᠠᠨ ᠤ ᠴᠢᠨᠠᠷ ᠰᠠᠶᠢᠲᠠᠶ ᠨᠠᠮ ᠤᠨ ᠳᠣᠲᠣᠭᠠᠳᠤ ᠶᠢᠨ | ᠤᠯᠤᠰ ᠲᠥᠷᠥ ᠶᠢᠨ ᠠᠮᠢᠳᠤᠷᠠᠯ ᠤᠨ ᠦᠢᠯᠡᠳᠦᠯᠭᠡ ᠮᠥᠨ᠂ ᠡᠯ᠎ᠡ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ | ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠤᠯᠤᠰ ᠲᠥᠷᠥ ᠶᠢᠨ ᠬᠡᠪ ᠪᠣᠯᠪᠠᠰᠤᠷᠠᠯ ᠢ ᠢᠯᠡᠷᠡᠭᠦᠯᠪᠡ ᠭᠡᠵᠦ | ᠢᠯᠡᠳᠬᠡᠪᠡ᠃ ᠡᠭᠦᠨ ᠤ ᠬᠠᠮᠲᠤ ︽ᠰᠤᠷᠤᠯᠴᠠᠯᠭ᠎ᠠ ᠶᠢ ᠠᠳᠬᠤᠬᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ᠂ | ᠪᠣᠳᠠᠲᠠᠶ ᠶᠢ ᠠᠳᠬᠤᠬᠤ︾ ᠭᠤᠷᠪᠠᠨ ᠰᠠᠨᠠᠭᠤᠯᠭ᠎ᠠ ᠳᠤᠷᠠᠳᠴᠤ ᠂ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ | ᠪᠣᠯᠭᠠᠵᠤ᠂ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠠᠮᠵᠢᠯᠲᠠ ᠪᠦᠲᠦᠮᠵᠢ | ᠡᠭᠦᠳᠬᠦ ᠶᠢ ᠬᠦᠰᠡᠪᠡ᠃ ᠲᠠᠷᠠᠭ᠎ᠠ ᠨᠢ᠂ ᠪᠤᠰᠤᠳᠴᠢ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ ᠨᠠᠮ ᠤᠨ | ᠡᠭᠦᠷ ᠵᠢᠴᠢ ᠨᠠᠮ ᠤᠨ ᠭᠡᠰᠢᠭᠦᠨ ᠳᠤ ᠠᠷᠠᠳᠴᠢᠯᠠᠯ ᠢᠶᠠᠷ ᠦᠨᠡᠯᠡᠯᠲᠡ ᠬᠢᠪᠡ᠃ | ᠡᠴᠦᠰ ᠲᠤ᠂ ᠨᠠᠮ ᠤᠨ ᠡᠭᠦᠷ ᠤᠨ ᠱᠦᠵᠢ ᠯᠢᠦ ᠡᠾᠦ᠋ᠢ ᠨᠥᠬᠦᠷ ᠪᠠᠭ ᠤᠨ ᠭᠡᠰᠢᠭᠦᠳ ᠢ ᠲᠥᠯᠥᠭᠡᠯᠡᠨ | ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ ᠢ ᠵᠠᠪᠠᠯ ᠭᠦᠨᠵᠡᠭᠡᠢ | ᠠᠭᠤᠳᠠᠯᠤᠨ ᠨᠠᠷᠢᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠰᠢᠢᠳᠪᠦᠷᠢᠯᠡᠬᠦ | ᠦᠭᠡᠢ ᠪᠣᠯ ᠰᠤᠯᠠᠷᠠᠭᠤᠯᠬᠤ ᠦᠭᠡᠢ᠂ ᠲᠦᠢᠯᠪᠤᠷᠢᠲᠠᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ ᠭᠡᠵᠦ ᠪᠠᠶᠢᠬᠤ | ᠬᠡᠷᠡᠭᠲᠡᠢ ᠢᠯᠡᠳᠬᠡᠪᠡ᠃ | |