ᠲᠤᠯᠭᠠᠨ ᠪᠣᠳᠤᠯᠲᠠ ᠠᠮᠵᠢᠯᠲᠠ ᠣᠯᠵᠤ ᠠᠵᠤ ᠠᠬᠤᠶᠢᠯᠠᠯ ᠰᠢᠨ᠎ᠡ ᠳᠦᠷᠰᠦ ᠪᠠᠶᠢᠳᠠᠯ ᠲᠠᠢ ᠪᠣᠯᠪᠠ
ᠨᠡᠶᠢᠲᠡᠯᠡᠭᠰᠡᠨ ᠴᠠᠭ᠄
2025/4/14
        ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠣᠡᠭᠡᠭᠦ ᠡᠮᠬᠢ ᠲᠢᠭᠯᠢᠮ ᠢ ᠣᠯᠠᠮ ᠨᠢᠭᠡ ᠠᠯᠬᠤᠮ ᠵᠢᠷᠣᠮᠵᠢᠭᠤᠯᠵᠣ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠠᠮᠣᠷ ᠲᠦᠪᠰᠢᠨ᠂ ᠦᠷ᠎ᠡ ᠪᠦᠳᠣᠮᠵᠢᠳᠠᠢ ᠠᠵᠢᠯᠯᠠᠭᠤᠯᠬᠤ ᠶᠢ ᠪᠠᠳᠣᠯᠠᠬᠤ ᠶᠢᠨ ᠲᠦᠯᠦᠭᠡ᠂ ᠰᠢᠭᠤᠶᠢᠲᠤ ᠲᠣᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠨᠡᠶᠢᠭᠡᠮ ᠤᠨ ᠪᠠᠲᠤᠯᠠᠭ᠎ᠠ ᠶᠢᠨ ᠲᠤᠯᠭᠠᠨ ᠪᠣᠳᠤᠬᠤ ᠠᠵᠢᠯ ᠢ ᠢᠳᠡᠪᠬᠢᠳᠠᠢ ᠥᠷᠨᠢᠭᠦᠯᠵᠦ᠂ ᠠᠵᠢᠯ ᠤᠨ ᠳᠤᠮᠳᠠ ᠪᠠᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠬᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠲᠤᠯᠭᠠᠨ ᠪᠤᠳᠤᠬᠤ ᠠᠵᠢᠯ ᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠦᠢᠯᠡᠴᠢᠯᠡᠭᠡ ᠶᠢ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠪᠠ᠃
图片4.png
        ᠲᠣᠰ ᠤᠳᠠᠭᠠᠨ ᠤ ᠲᠤᠯᠭᠠᠨ ᠪᠤᠳᠤᠬᠤ ᠠᠵᠢᠯ ᠭᠤᠣᠯᠳᠠᠭᠤ ᠬᠠᠷᠢᠶ᠎ᠠ ᠲᠣᠭᠤᠷᠢᠭ ᠤᠨ ᠳᠣᠲᠣᠷᠠᠬᠢ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠢ ᠶᠢᠨ ᠲᠣᠭᠤᠷᠢᠨ ᠳᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠭ᠎ᠠ ᠪᠠᠷᠢᠮᠲᠠ ᠶᠢ ᠬᠠᠷᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ᠂ ᠰᠦᠢᠳᠭᠡᠯ ᠲᠤᠰᠢᠶᠠᠬᠤ ᠰᠠᠭᠤᠷᠢ ᠲᠤᠭ᠎ᠠ᠂ ᠴᠠᠯᠢᠩ ᠲᠠᠷᠬᠠᠭᠠᠭᠰᠠᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠬᠢᠨᠠᠨ ᠪᠠᠶᠢᠴᠠᠭᠠᠪᠠ ᠃ ᠲᠤᠯᠭᠠᠨ ᠪᠤᠳᠤᠬᠤ ᠶᠠᠪᠤᠴᠠ ᠳᠤ᠂ ᠲᠤᠯᠭᠠᠨ ᠪᠤᠳᠤᠬᠤ ᠠᠵᠢᠯᠲᠠᠳ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠰᠦᠢᠳᠬᠡᠯ ᠲᠤᠰᠢᠶᠠᠭᠰᠠᠨ ᠪᠠᠶᠢᠳᠠᠯ ᠢ ᠴᠢᠩᠭ᠎ᠠ ᠪᠠᠶᠢᠴᠠᠭᠠᠭᠰᠠᠨ ᠢᠶᠠᠷ ᠪᠠᠷᠠᠬᠤ ᠥᠬᠡᠶ ᠪᠠᠰᠠ ᠠᠵᠤ ᠠᠬᠤᠶᠢᠯᠠᠯ ᠳᠤ ᠢᠳᠡᠪᠬᠢᠲᠡᠶ ᠪᠠᠷ ᠦᠢᠯᠡᠴᠢᠯᠡᠭᠡᠨ ᠤ ᠵᠢᠯᠣᠭᠤᠳᠣᠯᠭ᠎ᠠ ᠬᠠᠩᠭᠠᠵᠤ᠂ ᠬᠡᠰᠡᠭ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠭᠤᠶᠤᠴᠢᠯᠠᠨ ᠮᠡᠳᠡᠭᠦᠯᠬᠦ᠂ ᠰᠦᠢᠳᠬᠡᠯ ᠲᠤᠰᠢᠶᠠᠬᠤ ᠶᠠᠪᠤᠴᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠮᠠᠳᠠᠭ ᠲᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠨᠠᠷᠢᠨ ᠲᠠᠶᠢᠯᠤᠮᠵᠢ ᠪᠠ ᠠᠵᠢᠯᠯᠠᠭᠠᠨ ᠤ ᠵᠢᠱᠢᠶ᠎ᠡ ᠦᠵᠡᠭᠦᠯᠪᠡ ᠃ ᠣᠯᠵᠤ ᠮᠡᠳᠡᠭᠰᠡᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠨᠢ ᠦᠨᠡᠨ ᠪᠣᠳᠠᠲᠠᠶ ᠪᠤᠰᠤ᠂ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ  ᠮᠡᠳᠡᠭᠦᠯᠦᠭᠰᠡᠨ ᠨᠢ ᠳᠣᠤᠷ᠎ᠠ ᠵᠡᠷᠭᠡ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠳᠤ᠂ ᠲᠤᠯᠭᠠᠨ ᠪᠣᠳᠤᠬᠤ ᠠᠵᠢᠯᠲᠠᠳ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠲᠡᠳᠡᠨ ᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ ᠃ ᠡᠳᠡᠭᠡᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠤᠯᠭᠠᠨ ᠪᠤᠳᠤᠬᠤ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢᠯᠡᠳᠲᠡ ᠳᠡᠭᠡᠭᠰᠢᠯᠡᠵᠦ ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠪᠠ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠶ ᠪᠠᠲᠤᠯᠠᠵᠤ᠂ ᠬᠥᠮᠦᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮᠳᠡᠭᠡᠭᠰᠢᠯᠡᠭᠦᠯᠪᠡ᠃
图片5.png
        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠲᠤᠯᠭᠠᠨ ᠪᠤᠳᠤᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠷᠭᠦᠯᠵᠢᠯᠡᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠲᠤᠯᠭᠠᠨ ᠪᠤᠳᠤᠬᠤ ᠠᠵᠢᠯ ᠤᠨ ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠯᠭᠠᠨ ᠪᠤᠳᠤᠬᠤ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠲᠤᠯᠭᠠᠨ ᠪᠤᠳᠤᠬᠤ ᠠᠵᠢᠯ ᠤᠨ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号