ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/14
        3 ᠳ᠋ᠤᠭᠠᠷ ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ᠂ ᠪᠤᠭᠤᠲᠤ ᠬᠤᠳᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠵᠢᠷᠭᠤᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠬᠢᠨᠠᠨ ᠪᠤᠳᠤᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠳᠠᠷᠠᠭᠠᠴᠢ ᠶᠢᠨ ᠠᠯᠬᠤᠮ ᠤᠨ ᠬᠢᠨᠠᠨ ᠪᠤᠳᠤᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃        ᠬᠤᠷᠠᠯ ᠠᠴᠠ᠂ ᠬᠢᠨᠠᠨ ᠪᠤᠳᠤᠬᠤ ᠵᠥᠪᠯᠡᠯ ᠤᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠬᠠᠮᠵᠢᠯᠴᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠠᠵᠤ ᠠᠬᠤᠶ ᠶᠢᠨ ᠬᠢᠨᠠᠯᠲᠠ ᠳᠤ ᠰᠠᠭᠤᠷᠢᠯᠠᠨ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠣᠭᠤᠷᠢᠭ ᠤᠨ ᠭᠤᠤᠯ ᠠᠵᠢᠯ ᠳᠤ ᠦᠢᠯᠡᠴᠢᠯᠡᠬᠦ ᠶᠢᠨ ᠲᠣᠭᠤᠷᠢᠨ ᠳᠤ ᠬᠢᠨᠠᠨ ᠪᠤᠳᠤᠬᠤ ᠠᠵᠢᠯ ᠤᠨ ᠭᠠᠷᠳᠠᠴᠠ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠨ ᠣᠯᠵᠤ᠂ ᠵᠠᠰᠠᠭ ᠤᠨ ᠣᠷᠳᠣᠨ ᠤ ᠥᠷᠢ ᠥᠭᠴᠡᠭᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ᠂ ᠴᠢᠬᠤᠯᠠ ᠶᠡᠭᠡ ᠲᠥᠷᠥᠯ ᠵᠦᠢᠯ ᠵᠡᠷᠭᠡ ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠨᠠᠷᠢᠯᠢᠭ ᠣᠨᠤᠪᠴᠢᠲᠠᠢ ᠬᠦᠴᠦᠯᠡᠨ ᠳᠡᠭᠡᠭᠰᠢᠯᠡᠭᠦᠯᠵᠦ᠂ ᠬᠢᠨᠠᠨ ᠪᠤᠳᠤᠬᠤ ᠥᠪᠡᠷᠮᠢᠴᠡ ᠳᠠᠪᠠᠭᠤᠯᠢᠭ ᠢ ᠪᠠᠳᠠᠷᠠᠭᠤᠯᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠬᠢᠨᠠᠨ ᠪᠤᠳᠤᠬᠤ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠢᠲᠡᠭᠡᠯ ᠵᠣᠷᠢᠭ ᠪᠠᠲᠤ ᠴᠢᠩᠭ᠎ᠠ᠂ ᠠᠷᠠᠳ ᠲᠦᠮᠡᠨ ᠳᠤ ᠦᠢᠯᠡᠴᠢᠯᠡᠬᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠪᠣᠳᠠᠲᠠᠢ ᠶᠢ ᠡᠷᠬᠢᠮᠯᠡᠭᠰᠡᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠲᠥᠪ ᠭᠤᠣᠯᠴᠢ ᠠᠷᠢᠭᠤᠨ ᠴᠢᠬᠡᠴᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃        ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠵᠠᠩ ᠰᠢᠶᠦ᠋ᠩ᠂ ᠴᠧᠨ ᠵᠢᠶᠠ ᠵᠢᠶᠦ᠋ᠨ᠂ ᠸᠠᠩ ᠷᠦᠩ ᠬᠤᠷᠠᠯ ᠳᠤ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号