ᠵᠠᠩ ᠰᠢᠶᠤᠤ ᠹᠸᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/14
        3 ᠳ᠋ᠤᠭᠠᠷ ᠰᠠᠷ᠎ᠠ ᠶᠢᠨ 22 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ᠂ ᠨᠡᠭᠦᠷᠡᠰᠦᠨ ᠴᠢᠯᠠᠭᠤ ᠶᠢ ᠰᠢᠢᠳᠪᠦᠷᠢᠯᠡᠬᠦ ᠵᠡᠷᠭᠡ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠣᠳᠤᠯᠪᠠ ᠂ ᠪᠠᠶᠢᠴᠠᠭᠠᠨ ᠰᠣᠳᠤᠯᠬᠤ ᠶᠠᠪᠤᠴᠠ ᠳᠤ᠂ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ ᠶᠢᠨ ᠭᠠᠵᠠᠷ ᠰᠣᠩᠭᠤᠬᠤ ᠲᠥᠯᠥᠪᠵᠢᠭᠦᠯᠭᠡ᠂ ᠨᠡᠭᠦᠷᠡᠰᠦᠨ ᠴᠢᠯᠠᠭᠤ ᠶᠢ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠭᠠᠷ ᠭᠦᠢᠴᠡᠳᠬᠡᠯ ᠢ ᠭᠦᠢᠴᠡᠳᠬᠡᠬᠦ᠂ ᠴᠡᠭᠴᠡᠯᠡᠨ ᠰᠠᠶᠢᠵᠢᠷᠠᠭᠤᠯᠬᠤ ᠠᠬᠢᠴᠠ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠠᠢ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃        ᠵᠠᠩ ᠰᠢᠶᠤᠤ ᠹᠸᠢ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠬᠠᠷᠢᠭᠤᠴᠠᠯᠭᠠᠲᠤ ᠨᠢᠭᠡᠴᠢ ᠶᠢᠨ ᠬᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠲᠤᠳᠬᠠᠵᠤ᠂ ᠬᠤᠯᠪᠣᠭᠠᠯᠠᠨ ᠬᠠᠮᠵᠢᠯᠴᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠠᠰᠠᠭᠤᠳᠠᠯ ᠢ ᠪᠦᠬᠦᠨ ᠢ ᠰᠢᠢᠳᠪᠦᠷᠢᠯᠡᠬᠦ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠪᠤᠯᠠᠬᠤ ᠭᠠᠵᠠᠷ ᠤᠨ ᠪᠦᠳᠦᠭᠡᠨ ᠪᠠᠶᠢᠭᠤᠯᠤᠯᠲᠠ ᠶᠢ ᠱᠠᠯᠠᠪᠳᠠᠨ ᠬᠢᠵᠦ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠨ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠢ ᠰᠠᠶᠢᠲᠤᠷ ᠨᠢᠭᠡᠳᠦᠯᠲᠡᠢ ᠲᠦᠯᠦᠪᠯᠡᠵᠦ ᠂ ᠴᠡᠪᠡᠷᠯᠡᠨ ᠲᠡᠭᠡᠭᠡᠪᠦᠷᠢᠯᠡᠵᠦ ᠰᠢᠢᠳᠪᠦᠷᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠨ᠂ ︽ᠬᠤᠭ ᠨᠣᠪᠰᠢ ᠪᠠᠷ ᠬᠤᠳᠠ ᠶᠢ ᠬᠦᠷᠢᠶᠡᠯᠡᠬᠦ︾ ᠶᠢ ᠡᠷᠡᠰ ᠬᠤᠷᠢᠭᠯᠠᠬᠤᠬᠡᠷᠡᠭᠲᠡᠢ᠃ ᠨᠡᠭᠦᠷᠡᠰᠦᠨ ᠴᠢᠯᠠᠭᠤ ᠶᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠢᠪᠲᠤᠯᠵᠤ᠂ ᠬᠡᠨ ᠡᠪᠳᠡᠪᠡᠯ ᠬᠡᠨ ᠵᠠᠰᠠᠬᠤ ᠵᠠᠷᠴᠢᠮ ᠶᠣᠰᠣᠭᠠᠷ᠂ ᠲᠥᠷᠥᠯ ᠬᠤᠪᠢᠶᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡᠳᠦᠯᠲᠡᠶ ᠲᠥᠯᠥᠪᠯᠡᠨ ᠲᠥᠷᠥᠯ ᠬᠤᠪᠢᠶᠠᠨ ᠰᠢᠢᠳᠪᠦᠷᠢᠯᠡᠵᠦ᠂ ᠲᠤᠰᠬᠠᠶᠢᠵᠢᠭᠰᠠᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠨᠡᠭᠦᠷᠡᠰᠦᠨ ᠴᠢᠯᠠᠭᠤ ᠶᠢ ᠥᠨᠳᠥᠷ ᠥᠷᠲᠡᠭᠲᠦ ᠶᠡᠷᠦᠩᠬᠡᠶᠢᠯᠡᠨ ᠠᠰᠢᠭᠯᠠᠬᠤ ᠠᠵᠢᠯ ᠢ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠪᠠ ᠠᠮᠢ ᠠᠬᠤᠶ ᠶᠢ ᠰᠡᠷᠭᠦᠭᠡᠬᠦ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠬᠦ ᠶᠢ ᠲᠦᠷᠭᠡᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ ᠃        ᠲᠣᠭᠤᠷᠢᠭ ᠤᠨ ᠤᠳᠤᠷᠢᠳᠤᠯᠭ᠎ᠠ ᠮᠠ ᠪᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号