ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ | ᠰᠢᠶᠤᠤ ᠹᠸᠢ ᠪᠦᠯᠬᠦᠮ ᠳᠠᠭᠠᠭᠤᠯᠤᠨ ᠬᠤᠸᠠ ᠰᠢ ᠶᠢᠨ ᠠᠵᠤ ᠦᠢᠯᠡᠰ ᠤᠨ ᠬᠦᠷᠢᠶᠡᠯᠡᠩ᠂ ᠳ᠋ᠠ ᠳ᠋ᠧ ᠾᠧᠩ ᠵᠡᠭᠡᠯᠢ | ᠭᠤᠳᠤᠮᠵᠢ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠠᠮᠢ ᠠᠬᠤᠢ ᠶᠢᠨ | ᠲᠠᠷᠢᠶᠠᠯᠠᠩ ᠤᠨ ᠠᠵᠢᠯ ᠢ ᠪᠠᠶᠢᠴᠠᠭᠠᠨ ᠰᠣᠳᠤᠯᠪᠠ ᠂ ᠪᠠᠶᠢᠴᠠᠭᠠᠨ ᠰᠤᠳᠤᠯᠬᠤ ᠶᠠᠪᠤᠴᠠ ᠳᠤ᠂ ᠵᠠᠩ ᠰᠢᠶᠤᠤ ᠹᠸᠢ | ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠪᠠ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ ᠬᠦᠴᠢᠷ | ᠲᠦᠪᠡᠭᠲᠡᠶ ᠴᠡᠭ ᠪᠠ ᠲᠣᠰᠬᠤᠨ ᠤ ᠠᠷᠠᠳ ᠤᠨ ᠪᠣᠳᠠᠲᠠᠶ ᠬᠡᠷᠡᠭᠴᠡᠭᠡ ᠶᠢ ᠨᠠᠷᠢᠨ ᠠᠰᠠᠭᠤᠨ ᠯᠠᠪᠯᠠᠵᠤ᠂ | ᠰᠢᠢᠳᠪᠦᠷᠢᠯᠡᠬᠦ ᠲᠥᠰᠦᠯ ᠢ ᠬᠠᠮᠲᠤ ᠪᠠᠷ ᠰᠤᠳᠤᠯᠤᠨ ᠶᠠᠷᠢᠯᠴᠠᠪᠠ᠃ | ᠵᠠᠩ ᠰᠢᠶᠤᠤ ᠹᠸᠢ᠂ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ | ᠲᠠᠷᠢᠶᠠᠯᠠᠩ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠭᠦᠨᠵᠡᠭᠡᠶᠢᠷᠡᠭᠦᠯᠵᠦ᠂ ᠬᠤᠸᠠ ᠰᠢ ᠶᠢᠨ ᠠᠵᠤ | ᠦᠢᠯᠡᠰ ᠤᠨ ᠬᠦᠷᠢᠶᠡᠯᠡᠩ ᠢᠶᠠᠷ ᠦᠯᠢᠭᠡᠷ ᠳᠠᠭᠤᠷᠢᠶᠠᠯ ᠪᠣᠯᠭᠠᠨ ᠤᠰᠤ ᠠᠷᠪᠢᠯᠠᠬᠤ ᠤᠰᠤᠯᠠᠯᠲᠠ᠂ ᠬᠥᠷᠥᠰᠥ | ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ ᠵᠡᠷᠭᠡ ᠪᠣᠬᠢᠷᠲᠤᠯ ᠦᠭᠡᠢ ᠮᠡᠷᠭᠡᠵᠢᠯ ᠢ ᠲᠦᠷᠭᠡᠨ | ᠳᠡᠯᠭᠡᠷᠡᠭᠦᠯᠵᠦ᠂ ᠲᠠᠷᠢᠵᠤ ᠲᠡᠵᠢᠭᠡᠬᠦ ᠡᠷᠬᠢᠯᠲᠡ᠂ ᠤᠢ ᠶᠢᠨ ᠬᠤᠷᠮᠣᠢ ᠶᠢᠨ ᠠᠵᠤ ᠠᠬᠤᠢ ᠵᠡᠷᠭᠡ ᠠᠮᠢ ᠠᠬᠤᠢ ᠶᠢᠨ | ᠵᠠᠭᠪᠤᠷ ᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠤᠳᠤ ᠦᠶ᠎ᠡ ᠶᠢᠨ ᠲᠠᠷᠢᠶᠠᠯᠠᠩ ᠤᠨ | ᠪᠦᠬᠦ ᠬᠡᠯᠬᠢᠶ᠎ᠡ ᠳᠤ ᠲᠤᠭᠤᠰᠢᠯᠠᠭᠤᠯᠬᠤ ᠬᠡᠷᠡᠭᠲᠡᠢ᠃ ︽ᠠᠮᠢ ᠠᠬᠤᠢ + ᠠᠵᠤ ᠦᠢᠯᠡᠰ︾ ᠢ ᠠᠭᠤᠰᠤᠯᠴᠠᠭᠤᠯᠤᠨ | ᠬᠥᠭᠵᠢᠭᠦᠯᠬᠦ ᠠᠷᠭ᠎ᠠ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠭᠠᠨᠢᠭ ᠵᠢᠮᠢᠰ ᠨᠣᠭᠤᠭ᠎ᠠ ᠵᠡᠷᠭᠡ ᠤᠨᠴᠠᠯᠢᠬᠳᠤ | ᠠᠵᠤ ᠦᠢᠯᠡᠰ ᠢ ᠨᠢᠭᠡᠳᠦᠯᠲᠡᠢ ᠲᠦᠯᠦᠪᠯᠡᠨ ᠨᠡᠭᠡᠭᠡᠨ ᠬᠥᠭᠵᠢᠭᠦᠯᠵᠦ᠂ ᠦᠢᠯᠡᠳᠪᠦᠷᠢᠯᠡᠵᠦ ᠡᠳ᠋ᠰᠢᠭᠦᠯᠬᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ᠂ ᠠᠮᠢ ᠠᠬᠤᠢ ᠶᠢ ᠬᠠᠮᠠᠭᠠᠯᠠᠬᠤ ᠶᠢ ᠨᠢᠭᠡ | ᠴᠤᠬᠴᠠᠵᠢᠭᠤᠯᠤᠬᠰᠠᠨ ᠬᠠᠮ ᠬᠡᠯᠪᠡᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠠᠮᠢ ᠠᠬᠤᠢ ᠶᠢᠨ | ᠦᠷᠳᠡᠭ ᠢ ᠠᠵᠤ ᠠᠬᠤᠢ ᠶᠢᠨ ᠦᠷᠳᠡᠭ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ | ᠰᠡᠯᠡᠭᠦᠴᠡᠯ ᠵᠤᠭᠠᠴᠠᠯ ᠤᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠬᠤ ᠰᠤᠳᠤᠯᠤᠨ ᠰᠤᠷᠤᠯᠴᠠᠬᠤ᠂ ᠵᠢᠮᠢᠰ | ᠨᠣᠭᠤᠭ᠎ᠠ ᠲᠡᠭᠦᠬᠦ᠂ ᠠᠷᠠᠳ ᠤᠨ ᠣᠷᠣᠨ ᠰᠠᠭᠤᠴᠠ ᠶᠢᠨ ᠡᠷᠡᠭᠦᠯᠵᠢᠯ ᠰᠤᠪᠢᠯᠠᠯᠲᠠ ᠵᠡᠷᠭᠡ ᠲᠠᠷᠢᠶᠠᠯᠠᠩ ᠰᠣᠶᠣᠯ | ᠵᠢᠭᠤᠯᠴᠢᠯᠠᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ ᠢ ᠨᠠᠷᠢᠨ ᠨᠢᠮᠪᠠᠢ ᠲᠥᠯᠥᠪᠯᠡᠵᠦ᠂ ᠨᠡᠩ | ᠤᠯᠠᠨ ᠵᠤᠭᠠᠴᠠᠭᠰᠠᠳ ᠢ ᠲᠠᠲᠠᠵᠤ ᠬᠥᠳᠡᠭᠡ ᠲᠣᠰᠬᠤᠨ ᠤ ᠷᠢᠳᠢ ᠰᠢᠳᠢ ᠶᠢ ᠡᠳ᠋ᠯᠡᠭᠦᠯᠵᠦ᠂ ᠲᠣᠰᠬᠤᠨ ᠤ ᠬᠠᠮᠲᠤ | ᠪᠣᠯᠤᠨ ᠲᠠᠷᠢᠶᠠᠴᠢᠳ ᠤᠨ ᠣᠷᠣᠯᠭ᠎ᠠ ᠶᠢᠨ ᠬᠤᠣᠰ ᠨᠡᠮᠡᠭᠳᠡᠯ ᠢ ᠠᠬᠢᠭᠤᠯᠬᠤ ᠬᠡᠷᠡᠭᠲᠡᠢ᠃ ᠰᠢᠰᠲ᠋ᠧᠮᠲᠦ | ᠰᠡᠳᠬᠢᠬᠦᠶ ᠪᠠᠨ ᠴᠢᠩᠭᠠᠳᠬᠠᠵᠤ ᠲᠠᠷᠢᠶᠠᠯᠠᠩ ᠤᠨ ᠠᠵᠤ ᠦᠢᠯᠡᠰ ᠂ ᠠᠮᠢ ᠠᠬᠤᠶ ᠶᠢᠨ ᠵᠠᠰᠠᠯᠲᠠ ᠬᠢᠭᠡᠳ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠵᠣᠬᠢᠴᠠᠯᠳᠤᠨ ᠬᠥᠭᠵᠢᠬᠦ ᠶᠢ ᠠᠬᠢᠭᠤᠯᠵᠤ᠂ ᠣᠯᠠᠨ ᠲᠠᠰ ᠳᠠᠪᠬᠤᠷᠭ᠎ᠠ᠂ | ᠣᠯᠠᠨ ᠲᠠᠯᠠᠲᠤ ᠠᠵᠤ ᠦᠢᠯᠡᠰ ᠤᠨ ᠠᠭᠤᠰᠤᠯᠴᠠᠯ ᠤᠨ ᠲᠣᠭᠲᠠᠯᠴᠠᠭ᠎ᠠ ᠶᠢ ᠪᠠᠶᠢᠭᠤᠯᠵᠤ᠂ ᠣᠨᠴᠠᠯᠢᠭ ᠢᠶᠠᠷ ᠢᠯᠡ | ᠲᠣᠳᠣ ᠬᠥᠳᠡᠭᠡ ᠲᠣᠰᠬᠤᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠪᠦᠬᠦᠯᠢ ᠴᠣᠭᠴᠠ ᠶᠢᠨ ᠦᠷ᠎ᠡ ᠠᠰᠢᠭ ᠢ | ᠳᠡᠭᠡᠭᠰᠢᠯᠡᠭᠦᠯᠦᠨ᠂ ᠠᠮᠢ ᠠᠬᠤᠶ ᠶᠢ ᠠᠵᠤ ᠦᠶᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠲᠣᠭᠤᠷᠢᠭ ᠤᠨ ᠤᠳᠤᠷᠢᠳᠤᠯᠭ᠎ᠠ ᠮᠠ ᠪᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |