ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/4/14
        ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠤᠷᠢ        ︵ᠨᠢᠭᠡ ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠡᠵᠡᠩᠨᠡᠯᠲᠡ ᠶᠢᠨ ᠭᠤᠣᠯ ᠴᠣᠭᠴᠠ ᠶᠢᠨ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠶᠠᠰᠤ ᠴᠢᠨᠠᠷ ᠤᠨ ᠬᠠᠮᠢᠶᠠᠷᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠬᠡᠷᠡᠭᠯᠡᠯᠲᠡ ᠶᠢᠨ ᠬᠠᠮᠠᠭᠠᠯᠠᠯᠲᠠ᠂ ︿ᠭᠤᠷᠪᠠᠨ ᠪᠦᠲᠦᠭᠡᠭᠳᠡᠬᠦᠨ ᠨᠢᠭᠡ ᠣᠨᠴᠠᠭᠠᠢ﹀ ᠬᠢᠨᠠᠯᠲᠠ ᠬᠠᠮᠢᠶᠠᠷᠤᠯᠲᠠ ᠂ ᠡᠮ ᠤᠨ ᠵᠦᠢᠯᠡᠰ ᠤᠨ ︵ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭᠯᠡᠯ ᠤᠨ ᠦᠢᠯᠡᠳᠬᠦᠨ ᠪᠠᠭᠲᠠᠨ᠎ᠠ︶ ᠡᠵᠡᠩᠨᠡᠯᠲᠡ᠂ ᠬᠡᠷᠡᠭᠯᠡᠭᠡᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ ᠃        ︵ᠬᠤᠶᠠᠷ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ ᠶᠠᠰᠤ ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠤᠨ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃        ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠪᠣᠯᠤᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠦᠷᠢᠳᠬᠡᠨ ᠳᠠᠩᠰᠠᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤ ᠳᠤ ᠪᠠᠨ ᠬᠦᠷᠲᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃        ︵ᠲᠦᠷᠪᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠵᠤ᠂ ᠪᠦᠬᠦ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ ᠨᠡᠶᠢᠯᠡᠭᠦᠯᠬᠦ ᠪᠠ ᠪᠠᠶᠢᠭᠤᠯᠬᠤ ᠶᠢ ᠵᠢᠯᠣᠭᠤᠳᠴᠤ᠂ ᠵᠠᠬ᠎ᠠ ᠳᠡᠯᠭᠡᠭᠦᠷ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠡᠷᠬᠡ ᠶᠢᠨ ᠬᠢᠵᠠᠭᠠᠷ ᠶᠣᠰᠤᠭᠠᠷ ᠬᠠᠤᠯᠢ ᠵᠦᠷᠢᠴᠡᠭᠰᠡᠨ ᠬᠡᠷᠡᠭ ᠢ ᠪᠠᠶᠢᠴᠠᠭᠠᠨ ᠰᠶᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠵᠦᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠨ ᠰᠶᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ᠃        ︵ᠲᠠᠪᠤ︶ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠮᠣᠨᠣᠫᠣᠯᠢᠴᠢᠯᠠᠯ ᠢ ᠡᠰᠡᠷᠭᠦᠴᠡᠬᠦ ᠲᠤᠬᠠᠢ ᠪᠠᠢᠴᠠᠭᠠᠯᠲᠠ ᠶᠢ ᠡᠭᠦᠷᠭᠡᠯᠡᠨ᠎ᠡ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠵᠢᠷᠭᠤᠭ᠎ᠠ︶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠢ ᠪᠤᠰᠤ ᠥᠷᠢᠰᠥᠯᠳᠦᠭᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠬᠢᠨᠠᠨ ᠬᠠᠮᠢᠶᠠᠷᠴᠤ ᠵᠠᠷ ᠮᠡᠳᠡᠭᠡ ᠶᠢᠨ ᠠᠵᠢᠯᠯᠠᠭ᠎ᠠ ᠶᠢ ᠵᠢᠯᠣᠭᠤᠳᠤᠨ᠎ᠠ᠃ ᠭᠡᠷᠡᠴᠢ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠪᠠ ᠦᠨᠡᠮᠯᠡᠯ ᠦᠭᠡᠶ ᠪᠠᠷ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ᠃ ᠰᠢᠭᠤᠶᠢᠲᠤ ᠲᠣᠭᠤᠷᠢᠭ ᠤᠨ ᠬᠡᠷᠡᠭᠯᠡᠭᠴᠢᠳ ᠤᠨ ᠨᠡᠶᠢᠭᠡᠮᠯᠢᠭ ᠤᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃        ︵ᠳᠤᠯᠤᠭ᠎ᠠ︶ ᠬᠤᠷᠸ᠎ᠠ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠳᠦᠷᠢᠮ ᠪᠠ ᠠᠷᠭ᠎ᠠ ᠬᠡᠮᠵᠢᠶ᠎ᠡ ᠶᠢ ᠲᠤᠭᠤᠷᠪᠢᠨ ᠬᠡᠷᠡᠭᠵᠢᠭᠦᠯᠵᠦ᠂ ᠨᠡᠷᠡᠲᠦ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠢᠨᠵᠧᠨᠧᠷᠢᠩ ᠤᠨ ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢ ᠲᠣᠭᠲᠠᠭᠰᠠᠨ ᠡᠷᠬᠡ ᠮᠡᠳᠡᠯ ᠢᠶᠠᠷ ᠵᠣᠬᠢᠶᠠᠨ ᠪᠠᠶᠢᠭᠤᠯᠵᠤ᠂ ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠦᠢᠯᠡᠳᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃        ︵ᠨᠠᠢᠮᠠ︶ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ ᠰᠢᠭᠤᠶᠢᠲᠤ ᠲᠣᠭᠤᠷᠢᠭ ᠤᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠮᠤᠷ ᠲᠦᠪᠰᠢᠨ ᠢ ᠰᠢᠬᠠᠮᠳᠠᠭᠤᠯᠤᠨ ᠨᠡᠬᠡᠮᠵᠢᠯᠡᠬᠦ ᠳᠦᠷᠢᠮ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠬᠠᠮᠢᠶᠠᠷᠤᠯᠲᠠ ᠪᠣᠯᠤᠨ ᠨᠣᠤᠰᠣ ᠨᠣᠯᠤᠤᠷ ᠵᠡᠷᠭᠡ ᠰᠢᠷᠬᠡᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃        ︵ᠶᠢᠰᠦ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠡᠭᠡ ᠬᠤᠷᠣᠭᠳᠠᠭᠤᠯᠬᠤ ᠣᠨᠴᠠ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠠ ᠵᠤᠤᠬ᠎ᠠ ᠶᠢᠨ ᠣᠷᠴᠢᠨ ᠲᠣᠭᠤᠷᠢᠨ ᠢ ᠬᠢᠨᠠᠨᠪᠠᠶᠢᠴᠠᠭᠠᠨ᠎ᠠ᠃        ︵ᠠᠷᠪᠠ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ ᠳᠦᠷᠢᠮ ᠢ ᠲᠣᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠶᠤᠯ ᠦᠭᠡᠶ ᠶᠢᠨ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ ᠃ ᠰᠢᠭᠤᠶᠢᠲᠤ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃        ︵ᠠᠷᠪᠠᠨ ᠨᠢᠭᠡ︶ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠤᠨ᠂ ᠢᠳᠡᠭᠡᠨ ᠤ ᠠᠮᠤᠷ ᠲᠦᠪᠰᠢᠨ ᠤ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠶᠢ ᠰᠡᠷᠭᠡᠶᠢᠯᠡᠨ᠎ᠡ ᠃ ᠢᠳᠡᠭᠡᠨ ᠦᠢᠯᠡᠳᠪᠦᠷᠢᠯᠡᠬᠦ ᠡᠵᠡᠩᠨᠡᠭᠴᠢ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠢᠳᠡᠭᠡᠨ ᠤ ᠠᠶᠤᠯ ᠦᠭᠡᠶ ᠶᠢᠨ ᠮᠥᠷᠳᠡᠨ ᠤᠬᠤᠴᠢᠯᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠠᠷᠪᠠᠨ ᠬᠤᠶᠠᠷ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠵᠤ᠂ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠤᠨ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠬᠦᠨ ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ ᠬᠢᠨᠠᠯᠲᠠ ᠲᠠᠯᠪᠢᠨ᠎ᠠ᠃        ︵ᠠᠷᠪᠠᠨ ᠭᠤᠷᠪᠠ︶ ᠪᠦᠬᠦ ᠲᠣᠭᠤᠷᠢᠭ ᠤᠨ ᠪᠠᠷᠢᠮᠵᠢᠶᠠᠵᠢᠭᠤᠯᠬᠤ ᠠᠵᠢᠯ ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠦᠬᠦ ᠲᠣᠭᠤᠷᠢᠭ ᠤᠨ ᠪᠠᠷᠢᠮᠵᠢᠶᠠᠵᠢᠭᠤᠯᠬᠤ ᠠᠵᠢᠯ ᠤᠨ ᠴᠢᠬᠤᠯᠠ ᠶᠡᠭᠡ ᠵᠦᠢᠯᠡᠰ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠪᠠᠷᠢᠮᠵᠢᠶ᠎ᠠ ᠶᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠷᠢᠭᠤ ᠲᠤᠰᠬᠠᠬᠤ᠂ ᠪᠠᠷᠢᠮᠵᠢᠶ᠎ᠠ ᠶᠢ ᠦᠨᠡᠯᠡᠨ ᠵᠢᠱᠢᠬᠦ᠂ ᠪᠠᠷᠢᠮᠵᠢᠶ᠎ᠠ ᠶᠢ ᠳᠠᠬᠢᠨ ᠬᠢᠨᠠᠬᠤ ᠠᠵᠢᠯ ᠢ ᠥᠷᠨᠢᠭᠦᠯᠦᠨ᠎ᠡ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠬᠤ ᠳᠤ ᠬᠠᠤᠯᠢ ᠶᠣᠰᠣᠭᠠᠷ ᠵᠢᠯᠣᠭᠤᠳᠬᠤ ᠪᠠ ᠬᠢᠨᠠᠯᠲᠠ ᠲᠠᠯᠪᠢᠬᠤ ᠶᠢᠨ ᠬᠠᠮᠲᠤ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠨ᠎ᠠ᠃        ︵ᠠᠷᠪᠠᠨ ᠳᠥᠷᠪᠡ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠢᠷᠤᠮᠵᠢᠭᠤᠯᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠲᠥᠷᠥᠯ ᠤᠨ ᠵᠢᠷᠤᠮᠵᠢᠭᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃        ︵ᠠᠷᠪᠠᠨ ᠲᠠᠪᠤ︶ ᠪᠥᠬᠦ ᠲᠣᠭᠤᠷᠢᠭ ᠤᠨ ᠭᠡᠷᠡᠴᠢᠯᠡᠭᠡ ᠶᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ᠂ ᠬᠠᠮᠢᠶ᠎ᠠ ᠪᠥᠬᠦᠶ ᠭᠡᠷᠡᠴᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃        ︵ᠠᠷᠪᠠᠨ ᠵᠢᠷᠭᠤᠭ᠎ᠠ︶ ᠪᠦᠬᠦ  ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠤᠭᠤᠷᠪᠢᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃        ︵ᠠᠷᠪᠠᠨ ᠳᠣᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ  ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠥᠰᠦᠯ ᠢ ᠲᠣᠭᠲᠠᠭᠠᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠰᠢᠭᠤᠶᠢᠲᠤ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠪᠡᠯᠡ ᠮᠥᠩᠭᠦ ᠶᠢ ᠬᠠᠮᠢᠶᠠᠷᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠯᠠᠷᠢᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠣᠭᠤᠳᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃        ︵ᠠᠷᠪᠠᠨ ᠨᠠᠢᠮᠠ ︶ ᠲᠣᠰ ᠲᠣᠭᠤᠷᠢᠭ ᠤᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃        ︵ᠠᠷᠪᠠ ᠶᠢᠰᠦ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃        ︵ᠬᠤᠷᠢ ︶ ᠡᠮ ᠤᠨ ᠵᠦᠢᠯ ︵ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ ᠪᠠᠭᠲᠠᠨ᠎ᠠ︶ ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠪᠦᠲᠦᠭᠡᠭᠳᠡᠬᠦᠨ ᠤ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ ᠃ ᠤᠯᠤᠰ ᠤᠨ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ᠂ ᠵᠠᠰᠠᠯ ᠴᠢᠮᠡᠭ ᠤᠨ  ᠪᠦᠲᠦᠭᠡᠭᠳᠡᠬᠦᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠬᠢᠨᠠᠯᠲᠠ ᠲᠠᠯᠪᠢᠵᠤ ᠬᠠᠮᠢᠶᠠᠷᠬᠤ ᠲᠥᠯᠥᠪᠵᠢᠭᠦᠯᠭᠡ ᠶᠢ ᠲᠣᠭᠲᠠᠭᠠᠨ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠡᠵᠡᠩᠨᠡᠬᠦ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠡᠷᠬᠡ ᠮᠡᠳᠡᠯ ᠤᠨ ᠶᠣᠰᠣᠭᠠᠷ ᠬᠢᠨᠠᠯᠲᠠ ᠲᠠᠯᠪᠢᠨ ᠬᠡᠷᠡᠭᠵᠢᠭᠦᠯᠵᠦ᠂ ᠵᠠᠰᠠᠯ ᠴᠢᠮᠡᠭ ᠤᠨ ᠪᠦᠲᠦᠭᠡᠭᠳᠡᠬᠦᠨ ᠢ ᠡᠵᠡᠩᠨᠡᠬᠦ᠂ ᠬᠡᠷᠡᠭᠯᠡᠬᠦ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠤᠨ ᠳᠦᠷᠢᠮ ᠢ ᠬᠢᠨᠠᠯᠲᠠ ᠲᠠᠯᠪᠢᠨᠬᠡᠷᠡᠭᠵᠢᠭᠦᠯᠦᠨ᠎ᠡ᠃ ᠡᠮ ᠤᠨ ᠵᠦᠢᠯ ᠢ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠪᠦᠲᠦᠭᠡᠭᠳᠡᠬᠦᠨ ᠤ ᠡᠵᠡᠩᠨᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠬᠡᠷᠡᠭᠯᠡᠬᠦ ᠲᠠᠯ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠣᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠠᠯᠪᠠᠨ ᠵᠠᠷ ᠨᠡᠶᠢᠲᠡᠯᠡᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ ᠃ ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ᠎ᠡ᠃        ︵ᠬᠤᠷᠢᠨ ᠨᠢᠭᠡ ︶ ᠡᠮ ᠤᠨ ᠵᠦᠢᠯ ︵ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ ᠪᠠᠭᠲᠠᠨ᠎ᠠ︶ ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ ᠃ ᠡᠮ ᠤᠨ ᠵᠦᠢᠯ ᠤᠨ ᠡᠷᠡᠭᠦᠯ ᠪᠤᠰᠤ ᠲᠤᠰᠬᠠᠯ᠂ ᠡᠮᠴᠢᠯᠡᠭᠡᠨ ᠤ ᠮᠠᠰᠢᠨ ᠪᠠᠭᠠᠵᠢ ᠶᠢᠨ ᠮᠠᠭᠤ ᠬᠡᠷᠡᠭ ᠪᠣᠯᠤᠨ ᠵᠠᠰᠠᠯ ᠴᠢᠮᠡᠭ ᠤᠨ ᠪᠦᠲᠦᠭᠡᠭᠳᠡᠬᠦᠨ ᠤ ᠮᠠᠭᠤ ᠤᠷᠪᠠᠯ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠪᠦᠲᠦᠭᠡᠭᠳᠡᠬᠦᠨ ᠤ ᠠᠶᠤᠯ ᠦᠭᠡᠶ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃        ︵ᠬᠤᠷᠢᠨ ᠬᠤᠶᠠᠷ︶ ᠡᠷᠬᠡ ᠮᠡᠳᠡᠯ ᠤᠨ ᠶᠣᠰᠣᠭᠠᠷ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠵᠥᠪᠰᠢᠶᠡᠷᠡᠯ᠂ ᠳᠠᠩᠰᠠᠯᠠᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠬᠤᠷᠢᠨ ᠭᠤᠷᠪᠠ ︶ ᠣᠨᠤᠪᠴᠢᠲᠠᠢ ᠶᠠᠳᠠᠭᠤ ᠶᠢ ᠲᠡᠳᠬᠦᠬᠦ᠂ ᠠᠶᠤᠯ ᠦᠭᠡᠢ ᠦᠢᠯᠡᠳᠪᠦᠷᠢᠯᠡᠯ ᠤᠨ ᠳᠠᠭᠠᠭᠠᠴᠢᠯᠠᠨ ᠬᠤᠯᠪᠣᠭᠠᠯᠠᠬᠤ ᠠᠵᠢᠯ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        ᠪᠠᠶᠢᠭᠤᠯᠤᠮᠵᠢ ᠶᠢᠨ ᠲᠣᠬᠢᠷᠠᠭᠤᠯᠤᠯᠲᠠ᠄ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠳᠣᠤᠷ᠎ᠠ ᠪᠠᠨ ᠲᠣᠮᠢᠯᠠᠭᠰᠠᠨ ᠪᠠᠶᠢᠭᠤᠯᠤᠮᠵᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ 1 ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ 2 ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠢ ᠲᠣᠬᠢᠷᠠᠭᠤᠯᠪᠠ ᠃    ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ B  ᠰᠠᠭᠤᠳᠠᠯ ᠤᠨ 2 ᠳ᠋ᠤᠭᠠᠷ ᠳᠠᠪᠬᠤᠷᠭ᠎ᠠ᠃        ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 —  12᠄ 00᠂14᠄ 00 — 17᠄ 30 ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ  ᠠᠮᠠᠷᠠᠯᠲᠠ ᠶᠢᠨ ᠡᠳᠦᠷ ᠪᠠᠭᠲᠠᠬᠤ ᠦᠭᠡᠢ        ᠬᠠᠷᠢᠯᠴᠠᠬᠤ ᠠᠷᠭ᠎ᠠ᠄ 0472 - 8728366        ᠬᠠᠷᠢᠭᠤᠴᠠᠯᠭᠠᠲᠠᠨ ᠤ ᠣᠪᠣᠭ ᠨᠡᠷ᠎ᠡ ᠄ ᠶᠠᠩ ᠵᠧᠨ ᠺᠦᠨ        ᠬᠤᠶᠠᠷ᠂ ᠬᠠᠷᠢᠶ᠎ᠠ ᠨᠢᠭᠡᠴᠢ ᠶᠢᠨ ᠡᠭᠦᠷᠭᠡ ᠴᠢᠳᠠᠪᠤᠷᠢ ︵ᠬᠤᠶᠠᠳᠤᠭᠠᠷ ᠳᠡᠰ ᠤᠨ ᠨᠢᠭᠡᠴᠢ︶        ︵ᠨᠢᠭᠡ︶ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ        1.ᠪᠠᠶᠢᠭᠤᠯᠭ᠎ᠠ ᠶᠢᠨ ᠡᠭᠦᠷᠭᠡ ᠴᠢᠳᠠᠪᠤᠷᠢ        ︵1︶ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ  ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠰᠠᠭᠤᠷᠢ ᠴᠢᠨᠠᠷᠲᠠᠢ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃        ︵2︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠣᠭᠤᠷᠢᠭ ᠤᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠠᠵᠤ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠢᠳᠡᠭᠡᠨ᠂ ᠡᠮ ᠤᠨ ᠵᠦᠢᠯ᠂ ᠪᠠᠷᠠᠭᠠᠨ ᠤ ᠦᠨ᠎ᠡ᠂ ᠲᠠᠸᠠᠷ ᠤᠨ ᠲᠡᠮᠳᠡᠭ᠂ ᠲᠤᠰᠬᠠᠶ ᠠᠰᠢᠭ᠂ ᠳᠠᠪᠤᠰᠤᠨ ᠤ ᠦᠢᠯᠡᠰ ᠵᠡᠷᠭᠡ ᠶᠢᠨ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ ᠂ ᠡᠭᠦᠨ ᠳᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ  ᠬᠦᠯᠢᠶᠡᠨ ᠠᠪᠴᠤ ᠰᠢᠢᠳᠪᠦᠷᠢᠯᠡᠬᠦ ᠪᠠ ᠵᠠᠰᠠᠭ ᠲᠣᠷᠭᠠᠭᠤᠯᠢ ᠶᠢᠨ ᠬᠡᠷᠡᠭ ᠢ ᠳᠠᠩᠰᠠᠯᠠᠬᠤ᠂ ᠪᠠᠶᠢᠴᠠᠭᠠᠬᠤ᠂  ᠰᠢᠢᠳᠭᠡᠬᠦ ᠵᠡᠷᠭᠡ ᠪᠠᠭᠲᠠᠨ᠎ᠠ ᠃        ︵3︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠰᠠᠭᠤᠷᠢ ᠴᠢᠨᠠᠷᠲᠠᠶ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃        ︵4︶ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ ᠃        2.ᠪᠠᠶᠢᠭᠤᠯᠤᠮᠵᠢ ᠶᠢᠨ ᠲᠣᠬᠢᠷᠠᠭᠤᠯᠤᠯᠲᠠ᠄ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠣᠯ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶᠠᠷᠴᠤ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃        3.ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ B ᠰᠠᠭᠤᠳᠠᠯ ᠤᠨ 2 ᠳ᠋ᠤᠭᠠᠷ ᠳᠠᠪᠬᠤᠷᠭ᠎ᠠ᠃        4.ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00  — 12᠄ 00᠂ 14᠄ 00 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠦᠭᠡᠢ        5.ᠬᠠᠷᠢᠯᠴᠠᠬᠤ ᠠᠷᠭ᠎ᠠ᠄ 0472 - 87278306        6.ᠬᠠᠷᠢᠭᠤᠴᠠᠯᠭᠠᠲᠠᠨ ᠤ ᠣᠪᠣᠭ ᠨᠡᠷ᠎ᠡ᠄ ᠸᠠᠩ ᠰᠢᠶᠠᠨ ᠹᠸᠢ        ︵ᠬᠤᠶᠠᠷ︶ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠦᠢᠯᠡᠴᠢᠯᠡᠭᠡᠨ ᠤ ᠲᠥᠪ        1.ᠪᠠᠶᠢᠭᠤᠯᠤᠮᠵᠢ ᠶᠢᠨ ᠡᠭᠦᠷᠭᠡ ᠴᠢᠳᠠᠪᠤᠷᠢ        ︵1︶ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠢ ᠪᠠᠲᠤ ᠡᠵᠡᠮᠳᠡᠵᠦ᠂ ᠲᠡᠭᠦᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠤᠭᠤᠴᠢᠨ ᠪᠠᠶᠢᠴᠠᠭᠠᠬᠤ ᠡᠭᠦᠷᠭᠡ ᠪᠠ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠮᠡᠷᠭᠡᠵᠢᠯ ᠤᠨ ᠲᠤᠯᠭᠠᠭᠤᠷᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠬᠡᠷᠡᠭᠯᠡᠯᠲᠡ ᠬᠢᠭᠡᠳ ᠬᠠᠮᠠᠭᠠᠯᠠᠯᠲᠠ ᠵᠡᠷᠭᠡ ᠠᠵᠢᠯ ᠵᠢᠴᠢ ᠲᠣᠰ ᠪᠡᠶ᠎ᠡ ᠶᠢᠨ ᠪᠠᠶᠢᠭᠤᠯᠤᠯᠲᠠ ᠶᠢᠨ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃        ︵2︶ ᠮᠠᠨ ᠤ ᠲᠣᠪᠴᠢᠶᠠᠨ ᠤ ᠢᠳᠡᠭᠡᠨ᠂ ᠡᠮ ᠤᠨ ᠵᠦᠢᠯ᠂ ᠡᠷᠡᠭᠦᠯᠵᠢᠯ ᠤᠨ ᠢᠳᠡᠭᠡᠨ᠂ ᠵᠠᠰᠠᠯ ᠴᠢᠮᠡᠭ ᠤᠨ ᠪᠦᠲᠦᠭᠡᠭᠳᠡᠬᠦᠨ᠂ ᠡᠮᠴᠢᠯᠡᠭᠡᠨ ᠤ ᠮᠠᠰᠢᠨ ᠪᠠᠭᠠᠵᠢ ᠶᠢ ᠰᠤᠭᠤᠴᠢᠨ ᠪᠠᠶᠢᠴᠠᠭᠠᠬᠤ ᠡᠭᠦᠷᠭᠡ ᠶᠢᠨ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ︔        ︵3︶ ᠲᠣᠭᠤᠷᠢᠭ ᠤᠨ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ ᠮᠡᠷᠭᠡᠵᠢᠯ ᠤᠨ ᠲᠤᠯᠭᠠᠭᠤᠷᠢᠯᠠᠯ ᠢ ᠡᠭᠦᠷᠭᠡᠯᠡᠨ᠎ᠡ᠃        ︵4︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠪᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠮᠠᠨ ᠤ ᠲᠣᠪᠴᠢᠶ᠎ᠠ ᠶᠢᠨ ᠮᠡᠳᠡᠭᠡ ᠵᠠᠩᠭᠢᠵᠢᠯᠲᠠ ᠶᠢᠨ ᠰᠠᠭᠤᠷᠢ ᠲᠥᠬᠦᠭᠡᠷᠦᠮᠵᠢ᠂ ᠡᠯ᠎ᠡ ᠲᠦᠷᠦᠯ ᠤᠨ ᠮᠡᠳᠡᠭᠡ ᠵᠠᠩᠭᠢ ᠶᠢᠨ ᠰᠢᠰᠲ᠋ᠧᠮ ᠵᠢᠴᠢ ᠲᠡᠭᠦᠨ ᠤ ᠶᠡᠷᠦᠩᠬᠡᠶᠢᠯᠡᠭᠰᠡᠨ ᠳ᠋ᠠᠶᠢᠲ᠋ᠠ ᠶᠢᠨ ᠠᠮᠤᠷ ᠲᠦᠪᠰᠢᠨ ᠤ ᠬᠡᠷᠡᠭᠯᠡᠯᠲᠡ ᠬᠢᠭᠡᠳ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ︔        ︵5︶ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠲᠦᠷᠢᠮ ᠲᠣᠭᠲᠠᠭᠠᠯ ᠲᠣᠭᠲᠠᠭᠠᠬᠤ ᠶᠢ ᠬᠠᠷᠢᠭᠤᠴᠠᠵᠤ᠂ ᠡᠯ᠎ᠡ ᠲᠥᠷᠥᠯ ᠤᠨ ᠮᠡᠳᠡᠭᠡ ᠵᠠᠩᠭᠢ ᠶᠢᠨ ᠰᠢᠰᠲ᠋ᠧᠮ ᠵᠢᠴᠢ ᠺᠣᠮᠫᠢᠦ᠋ᠲ᠋ᠧᠷ ᠤᠨ ᠠᠵᠢᠯᠯᠠᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ᠎ᠠ︔        ︵6︶ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        2.ᠪᠠᠶᠢᠭᠤᠯᠤᠮᠵᠢ ᠶᠢᠨ ᠲᠣᠬᠢᠷᠠᠭᠤᠯᠤᠯᠲᠠ᠄ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠣᠯ ᠰᠢᠭᠤᠶᠢᠲᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶᠠᠷᠴᠤ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃        3.ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠰᠢᠭᠤᠶᠢᠲᠤ ᠰᠢᠨ᠎ᠡ ᠲᠣᠭᠤᠷᠢᠭ ᠤᠨ ᠶᠢᠨ ᠵᠧᠩ ᠲᠣᠮᠣ ᠠᠰᠠᠷ ᠤᠨ B ᠰᠠᠭᠤᠳᠠᠯ ᠤᠨ 2 ᠳ᠋ᠤᠭᠠᠷ ᠳᠠᠪᠬᠤᠷᠭ᠎ᠠ᠃        4.ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00  — 12᠄ 00᠂ 14᠄ 00 — 17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠦᠭᠡᠢ        5.ᠬᠠᠷᠢᠯᠴᠠᠬᠤ ᠠᠷᠭ᠎ᠠ᠄ 0472 - 8728298        6.ᠬᠠᠷᠢᠭᠤᠴᠠᠯᠭᠠᠲᠠᠨ ᠤ ᠣᠪᠣᠭ ᠨᠡᠷ᠎ᠡ᠄ ᠱᠢ ᠯᠧᠢ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号