ᠬᠠᠪᠤᠷ ᠤᠨ ᠠᠭᠤᠷ ᠰᠠᠶᠢᠬᠠᠨ ᠪᠠᠶᠢᠨ᠎ᠠ  ᠬᠤᠷᠳᠤᠨ ᠰᠢᠭᠤᠶᠢᠲᠤ ᠳᠤ ᠢᠷᠡᠵᠦ ᠠᠩᠭᠢᠷ ᠲᠠᠢ ᠬᠠᠮᠲᠤ ᠪᠠᠷ ᠲᠣᠭᠤᠷᠢᠨ ᠵᠤᠭᠠᠴᠠᠭᠠᠷᠠᠢ
ᠨᠡᠶᠢᠲᠡᠯᠡᠭᠰᠡᠨ ᠴᠠᠭ᠄
2025/4/14
        ᠤᠷᠢᠬᠠᠨ ᠬᠠᠪᠤᠷ ᠴᠡᠯᠮᠡᠭ ᠰᠠᠶᠢᠬᠠᠨ᠂ ᠤᠷᠢᠨ ᠰᠠᠯᠬᠢ ᠨᠢᠭᠤᠷ ᠦᠭᠡᠳᠡ ᠦᠯᠢᠶᠡᠨ᠎ᠡ᠃ ᠣᠶᠢᠷ᠎ᠠ ᠳᠤ ᠂ ᠵᠢᠪᠬᠤᠯᠠᠩᠲᠤ ᠰᠤᠮᠤ ᠶᠢᠨ ᠪᠠᠢ ᠼᠠᠢ ᠭᠧᠦ ᠭᠤᠣᠯ ᠤᠨ ᠣᠶᠢᠷ᠎ᠠ ᠬᠠᠪᠢ ᠳᠤ ᠭᠡᠨᠡᠳᠲᠡ ᠬᠥᠷ ᠬᠥᠭᠵᠢᠶᠡᠨ ᠪᠢᠯᠬᠠᠵᠤ᠂ ᠤᠰᠤᠨ ᠳᠣᠯᠭᠢᠶᠠᠨ ᠳᠣᠲᠣᠷ᠎ᠠ ᠠᠩᠭᠢᠷ ᠪᠠᠶᠠᠷ ᠬᠥᠷ ᠲᠠᠢ ᠤᠮᠪᠠᠵᠤ ᠂ ᠭᠤᠭᠤᠤ ᠲᠠᠬᠢᠶ᠎ᠠ ᠭᠤᠣᠯ ᠤᠨ ᠬᠥᠪᠡᠭᠡᠨ ᠳᠤ ᠠᠯᠬᠤᠯᠠᠵᠤ ᠂ ᠬᠡᠭᠡᠷ᠎ᠡ ᠶᠢᠨ ᠠᠮᠢᠲᠠᠳ ᠬᠥᠷ ᠨᠠᠷᠭᠢᠶᠠᠨ  ᠲᠠᠢ ᠂ ᠬᠥᠭᠡᠷᠦᠬᠦᠨ ᠴᠣᠪᠣᠭᠤ ᠪᠠᠶᠢᠵᠤ᠂ ᠬᠠᠪᠤᠷ ᠤᠨ ᠡᠬᠢᠨ ᠤ  ᠦᠵᠡᠰᠭᠦᠯᠡᠩᠲᠤ ᠰᠠᠶᠢᠬᠠᠨ ᠦᠵᠡᠮᠵᠢ ᠶᠢᠨ ᠣᠷᠣᠨ ᠢ ᠵᠢᠷᠤᠭᠯᠠᠪᠠ᠃        ᠡᠨᠡ ᠪᠣᠯ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠳᠺᠠᠷ ᠰᠦᠮ᠎ᠡ ᠬᠠᠮᠢᠶᠠᠷᠤᠯᠲᠠ ᠶᠢᠨ ᠦᠷᠳᠡᠭᠡ ᠶᠢᠨ ᠬᠠᠷᠢᠶ᠎ᠠ ᠲᠣᠭᠤᠷᠢᠭ ᠲᠤ ᠡᠭᠦᠰᠦᠭᠰᠡᠨ ᠠᠮᠢ ᠠᠬᠤᠢ ᠶᠢᠨ ᠰᠠᠶᠢᠬᠠᠨ ᠵᠦᠴᠦᠭᠡ ᠪᠣᠯᠤᠨ᠎ᠠ᠃ 2012 ᠣᠨ ᠳᠤ᠂ ᠠᠩᠭᠢᠷ ᠢ ᠳᠡᠯᠡᠬᠡᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠤᠭ᠎ᠠ ᠶᠢᠨ ᠬᠢᠨ ᠤᠰᠠᠳᠬᠤ ᠰᠢᠬᠠᠭᠰᠠᠨ ᠲᠥᠷᠰᠦ ᠶᠢᠨ ᠤᠯᠠᠭᠠᠨ ᠨᠡᠷᠡᠰ ᠤᠨ ᠵᠢᠭᠰᠠᠭᠠᠯᠲᠠ ᠳᠤ ᠣᠷᠣᠭᠤᠯᠪᠠ ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠤᠭᠰᠠᠨ ᠤ ᠬᠤᠪᠢ ᠳᠤ᠂ ᠲᠡᠷᠡ ᠣᠷᠣᠰᠢᠨ ᠠᠮᠢᠳᠤᠷᠠᠬᠤ ᠣᠷᠴᠢᠨ ᠠᠬᠤᠶ ᠰᠣᠩᠭᠤᠬᠤ ᠳᠤ ᠮᠠᠰᠢ ᠥᠨᠳᠥᠷ ᠱᠠᠭᠠᠷᠳᠠᠯᠭ᠎ᠠ ᠲᠠᠢ ᠶᠤᠮ᠃ ᠠᠩᠭᠢᠷ ᠪᠠᠢ ᠼᠠᠢ ᠭᠧᠦ ᠭᠤᠣᠯ ᠳᠤ ᠭᠡᠷ ᠢᠶᠠᠨ ᠰᠣᠩᠭᠤᠭᠰᠠᠨ ᠨᠢ ᠪᠠᠰᠠ ᠠᠳᠡᠬᠢ ᠤᠰᠤᠨ ᠤ ᠴᠢᠨᠠᠷ᠂ ᠢᠳᠡᠭᠡᠨ ᠤ ᠡᠬᠢ ᠪᠠᠶᠠᠯᠢᠭ ᠪᠠ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠴᠦᠮ ᠣᠷᠣᠰᠢᠨ ᠲᠣᠭᠲᠠᠨᠢᠬᠤ ᠳᠤ ᠲᠣᠬᠢᠷᠠᠮᠵᠢᠲᠠᠢ ᠪᠠᠷᠢᠮᠵᠢᠶ᠎ᠠ ᠳᠤ ᠬᠦᠷᠦᠭᠰᠡᠨ ᠢ ᠬᠠᠵᠠᠭᠤ ᠠᠴᠠ ᠨᠢ ᠭᠡᠷᠡᠴᠢᠯᠡᠪᠡ︔ ᠭᠤᠭᠤᠤ ᠲᠠᠬᠢᠶᠠᠨ ᠤ ᠢᠯᠡᠷᠡᠭᠰᠡᠨ ᠨᠢ ᠮᠦᠨ ᠴᠦ ᠶᠡᠷᠦ ᠪᠤᠰᠤ ᠶᠢᠨ ᠠᠴᠢ ᠬᠤᠯᠪᠣᠭᠳᠠᠯ ᠲᠠᠢ᠂ ᠬᠠᠮᠠᠭᠠᠯᠠᠯᠲᠠ ᠶᠢᠨ ᠣᠷᠣᠨ ᠤ ᠳᠣᠲᠣᠭᠠᠳᠤ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠤᠨ ᠡᠷᠡᠭᠦᠯ ᠲᠣᠭᠲᠠᠭᠤᠨ ᠪᠠᠶᠢᠬᠤ ᠶᠢ ᠲᠤᠰᠬᠠᠵᠤ ᠪᠠᠶᠢᠳᠠᠭ᠂ ᠤᠷᠭᠤᠮᠠᠯ ᠤᠨ ᠬᠤᠴᠢᠯᠭ᠎ᠠ᠂ ᠰᠢᠪᠡᠵᠢ ᠶᠢᠨ ᠡᠬᠢ ᠪᠠᠶᠠᠯᠢᠭ ᠵᠡᠷᠭᠡ ᠶᠢ ᠪᠠᠭᠲᠠᠭᠠᠵᠤ ᠴᠥᠮ ᠣᠷᠣᠰᠢᠨ ᠲᠣᠭᠲᠠᠨᠢᠬᠤ ᠬᠡᠷᠡᠭᠴᠡᠭᠡ ᠶᠢ ᠬᠠᠩᠭᠠᠵᠤ ᠴᠢᠳᠠᠨ᠎ᠠ᠃        ᠠᠮᠢᠲᠠᠨ ᠪᠠᠶᠢᠭᠠᠯᠢ ᠶᠢᠨ ᠣᠷᠴᠢᠨ ᠲᠣᠭᠤᠷᠢᠨ ᠤ ᠬᠤᠪᠢᠷᠠᠯᠲᠠ ᠶᠢ ᠰᠡᠷᠭᠡᠭ ᠢᠶᠠᠷ ᠮᠡᠳᠡᠵᠦ ᠴᠢᠳᠠᠳᠠᠭ ᠃ ᠤᠰᠤᠨ ᠤ ᠵᠢᠭᠦᠷᠲᠡᠨ ᠠᠩᠭᠢᠷ ᠭᠡᠰᠡᠨ ᠦᠭᠡᠢ᠂ ᠬᠠᠭᠤᠷᠠᠢ ᠶᠢᠨ ᠵᠢᠭᠦᠷᠲᠡᠨ  ᠭᠤᠭᠤᠤ ᠲᠠᠬᠢᠶ᠎ᠠ ᠴᠤ ᠭᠡᠰᠡᠨ ᠦᠭᠡᠢ᠂ ᠲᠡᠳᠡᠨ ᠤ ᠣᠷᠣᠰᠢᠵᠤ ᠪᠠᠶᠢᠭ᠎ᠠ ᠨᠢ ᠴᠥᠮ ᠬᠠᠮᠠᠭᠠᠯᠠᠯᠲᠠ ᠶᠢᠨ ᠣᠷᠣᠨ ᠤ ᠠᠮᠢ ᠠᠬᠤᠶ ᠦᠷᠭᠦᠯᠵᠢᠯᠡᠨ ᠰᠠᠶᠢᠵᠢᠷᠠᠬᠤ ᠬᠦᠴᠦᠲᠡᠶ ᠭᠡᠷᠡᠴᠢ ᠪᠣᠯᠤᠨ᠎ᠠ᠃        ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠃ ᠣᠶᠢᠷ᠎ᠠ ᠶᠢᠨ ᠵᠢᠯ  ᠳᠤ᠂ ᠰᠢᠭᠤᠶᠢᠲᠤ ᠲᠣᠭᠤᠷᠢᠭ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠢᠳᠠᠪᠬᠢᠳᠠᠢ ᠦᠷᠨᠢᠭᠦᠯᠵᠦ᠂ ᠬᠦᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ ᠶᠠᠪᠤᠳᠠᠯ ᠢ ᠶᠡᠬᠡᠪᠡᠷ ᠰᠠᠨᠠᠭᠠᠴᠢᠯᠠᠨ᠂ ᠡᠳᠦᠷ ᠳᠣᠳᠣᠮ ᠤᠨ ᠲᠣᠭᠤᠷᠢᠨ ᠬᠠᠮᠠᠭᠠᠯᠠᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠮᠣᠳᠣ ᠲᠠᠷᠢᠵᠤ ᠣᠶᠢᠵᠢᠭᠤᠯᠬᠤ ᠂ ᠨᠤᠭᠤ ᠭᠠᠵᠠᠷ ᠢ ᠰᠡᠷᠭᠦᠭᠡᠬᠦ ᠵᠡᠷᠭᠡ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠡᠭᠡᠷ᠎ᠡ ᠶᠢᠨ ᠠᠮᠢᠲᠠᠨ ᠣᠷᠭᠤᠮᠠᠯ ᠳᠤ ᠰᠠᠶᠢᠨ ᠰᠠᠶᠢᠬᠠᠨ ᠣᠷᠣᠰᠢᠨ ᠠᠮᠢᠳᠤᠷᠠᠬᠤ ᠣᠷᠴᠢᠨ ᠨᠦᠭᠦᠴᠡᠯ ᠢ ᠪᠣᠢ ᠪᠣᠯᠭᠠᠵᠤ ᠥᠭᠪᠡ ᠃ ᠶᠠᠭ ᠡᠳᠡᠭᠡᠷ ᠴᠥᠬᠦᠷᠡᠰᠢ ᠦᠭᠡᠢ ᠴᠢᠷᠮᠠᠶᠢᠯᠭ᠎ᠠ ᠪᠠᠷ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠨᠡᠩ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠠᠩᠭᠢᠷ ᠪᠣᠯᠤᠨ ᠭᠤᠭᠤᠤ ᠲᠠᠬᠢᠶ᠎ᠠ ᠵᠡᠷᠭᠡ ᠬᠡᠭᠡᠷ᠎ᠡ ᠶᠢᠨ ᠠᠮᠢᠲᠠᠳ ᠢ ᠠᠳᠡ ᠲᠠᠲᠠᠨ ᠨᠤᠲᠤᠭᠰᠢᠭᠤᠯᠪᠠ ᠃ ᠣᠳᠣᠬᠠᠨ ᠪᠣᠯᠲᠠᠯ᠎ᠠ᠂ ᠮᠠᠨ ᠤ ᠲᠣᠭᠤᠷᠢᠭ ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 35.5%᠂ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ 93.8% ᠳᠤ ᠬᠦᠷᠴᠦ᠂ ᠡᠭᠦᠨ ᠤ ᠬᠠᠮᠲᠤ ᠲᠤᠭ᠎ᠠ ᠬᠡᠮᠵᠢᠶ᠎ᠡ ᠪᠠᠷ ᠣᠯᠠᠨ᠂ ᠲᠥᠷᠥᠯ ᠵᠦᠢᠯ ᠢᠶᠠᠷ ᠪᠠᠶᠠᠯᠢᠭ ᠬᠡᠭᠡᠷ᠎ᠡ ᠶᠢᠨ ᠠᠮᠢᠲᠠᠨ ᠤ ᠬᠠᠮᠲᠤᠯᠢᠭ ᠪᠠᠶᠢᠵᠤ᠂ ᠰᠢᠯᠦᠭ ᠰᠢᠭ ᠵᠢᠷᠤᠭ ᠮᠡᠲᠦ ᠣᠷᠣᠰᠢᠨ ᠠᠮᠢᠳᠤᠷᠠᠬᠤ ᠳᠤ ᠲᠣᠬᠢᠷᠠᠮᠵᠢᠲᠠᠶ ᠠᠮᠢ ᠠᠬᠤᠶ ᠶᠢᠨ ᠵᠢᠷᠤᠭ ᠳᠦᠷᠰᠦ ᠪᠠᠷ ᠵᠢᠷᠤᠭᠯᠠᠭᠰᠠᠨ  ᠪᠠᠶᠢᠨ᠎ᠠ ᠃
图片2.png
        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠠᠮᠢ ᠠᠬᠤᠶ ᠶᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠨᠡ ᠬᠦ ᠡᠷᠬᠢᠮ ᠨᠠᠨᠳᠢᠨ ᠪᠠᠶᠢᠭᠠᠯᠢ ᠶᠢᠨ ᠬᠡᠷ ᠣᠷᠣᠨ ᠢᠶᠠᠨ ᠰᠠᠶᠢᠲᠤᠷ ᠰᠠᠬᠢᠨ ᠬᠠᠮᠠᠭᠠᠯᠠᠵᠤ᠂ ᠨᠠᠩ ᠣᠯᠠᠨ ᠬᠡᠭᠡᠷ᠎ᠡ ᠶᠢᠨ ᠠᠮᠢᠲᠠᠨ ᠢ ᠡᠨᠡ ᠬᠡᠰᠡᠭ ᠭᠠᠵᠠᠷ ᠳᠡᠭᠡᠷ᠎ᠡ ᠦᠷᠡᠵᠢᠭᠦᠯᠦᠨ ᠰᠡᠷᠭᠦᠭᠡᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠬᠠᠭᠤᠳᠠᠰᠤ ᠶᠢ ᠵᠢᠷᠤᠭᠯᠠᠨ᠎ᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号