ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠥᠴᠦᠬᠡᠨ ᠴᠦ ᠵᠠᠶᠢᠳᠠᠬᠤ ᠦᠭᠡᠢ
ᠨᠡᠶᠢᠲᠡᠯᠡᠭᠰᠡᠨ ᠴᠠᠭ᠄
2025/4/16
        ᠡᠨᠡ ᠵᠢᠯ ᠠᠴᠠ ᠨᠠᠭᠠᠰᠢ ᠂ ᠰᠢᠨ ᠸᠠᠩ ᠨᠡᠶᠢᠭᠡᠮ ᠲᠣᠭᠤᠷᠢᠭ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢᠪᠠᠷᠢᠮᠲᠠᠯᠠᠵᠤ᠂ ᠨᠡᠶᠢᠭᠡᠮ ᠲᠣᠭᠤᠷᠢᠭ ᠤᠨ ᠵᠠᠰᠠᠯᠲᠠ ᠪᠣᠯᠤᠨ ᠦᠢᠯᠡᠴᠢᠯᠡᠭᠡᠨ ᠤ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠨᠠᠮ ᠤᠨ ᠭᠡᠰᠢᠭᠦᠨ ᠣᠯᠠᠨ ᠲᠦᠮᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ᠂ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ᠪᠠᠲᠤ  ᠭᠤᠷᠪᠠᠯᠵᠢᠨ ᠪᠦᠲᠦᠴᠡ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠳᠤ ᠦᠴᠦᠬᠡᠨ ᠴᠤ ᠵᠠᠶ ᠥᠬᠡᠶ ᠪᠠᠶᠢᠬᠤ ᠬᠠᠷᠠᠯᠲᠠ ᠶᠢ ᠪᠡᠶᠡᠯᠡᠭᠦᠯᠵᠦ᠂ ᠰᠠᠭᠤᠭᠠᠯᠢ ᠠᠷᠠᠳ ᠲᠤ ᠨᠠᠩ ᠡᠶ᠎ᠡ ᠵᠣᠬᠢᠴᠠᠩᠭᠤᠶ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠴᠡᠶ᠃        ᠦᠨᠳᠦᠰᠦᠨ ᠱᠠᠲᠤᠨ ᠤ ᠲᠣᠣᠷᠵᠢᠯ ᠢ ᠨᠢᠭᠲᠠ ᠰᠦᠯᠵᠢᠵᠦ᠂ ᠲᠣᠣᠷᠵᠢᠯ ᠤᠨ ᠡᠩᠨᠡᠭᠡ ᠶᠢ ᠵᠢᠷᠤᠮᠵᠢᠭᠤᠯᠬᠤ ᠶᠢ ᠠᠬᠢᠭᠤᠯᠪᠠ        ᠰᠢᠨ ᠸᠠᠩ ᠨᠡᠶᠢᠭᠡᠮ ᠲᠣᠭᠤᠷᠢᠭ ᠨᠢ ᠣᠲᠣ ᠶᠢᠨ ᠲᠣᠤᠷᠵᠢᠯ ᠤᠨ ᠲᠣᠭᠲᠠᠯᠴᠠᠭ᠎ᠠ ᠳᠤ ᠪᠠᠨ  ᠲᠦᠰᠢᠭᠯᠡᠨ᠂ ︽ᠨᠠᠮ ᠤᠨ ᠳᠤᠭᠤᠶᠢᠯᠠᠩ + ᠲᠣᠣᠷᠵᠢᠯᠲᠠᠨ + ᠨᠢᠭᠡᠴᠢ ᠶᠢᠨ ᠳᠠᠷᠤᠭ᠎ᠠ︾ ᠶᠢᠨ ᠵᠠᠭᠪᠤᠷ ᠢᠶᠠᠷ ᠦᠨᠳᠦᠰᠦᠨ ᠱᠠᠲᠤᠨ ᠤ ᠪᠢᠴᠢᠯ ᠵᠠᠰᠠᠯᠲᠠ ᠳᠠᠬᠢ ᠪᠠᠲᠤ ᠭᠤᠷᠪᠠᠯᠵᠢᠨ ᠪᠦᠲᠦᠴᠡ ᠶᠢ ᠪᠠᠶᠢᠭᠤᠯᠪᠠ ᠃ ᠪᠢᠳᠡ ᠲᠣᠣᠷᠵᠢᠯ ᠤᠨ ᠡᠩᠨᠡᠭᠡ ᠶᠢ ᠰᠢᠯᠢᠨ ᠰᠣᠩᠭᠤᠬᠤ ᠪᠠ ᠪᠣᠯᠪᠠᠰᠤᠷᠠᠯ ᠢ ᠴᠢᠬᠤᠯᠠᠴᠢᠯᠠᠵᠤ᠂ ᠲᠣᠣᠷᠵᠢᠯ ᠤᠨ ᠠᠵᠢᠯᠲᠠᠨ ᠨᠢᠭᠡᠪᠦᠷᠢ ᠴᠥᠮ ᠨᠡᠯᠢᠶᠡᠳ ᠥᠨᠳᠥᠷ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠲᠣᠣᠷᠵᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠵᠤ᠂ ᠡᠯ᠎ᠡ ᠱᠠᠲᠤᠨ ᠤ ᠲᠣᠣᠷᠵᠢᠯ ᠤᠨ ᠬᠠᠷᠢᠭᠤᠴᠠᠯᠭᠠᠲᠤ ᠣᠷᠣᠨ ᠪᠦᠰᠡ ᠪᠣᠯᠤᠨ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠲᠣᠣᠷᠵᠢᠯ ᠤᠨ ᠬᠠᠮᠢᠶᠠᠷᠤᠯᠲᠠ ᠶᠢ ᠲᠤᠰᠬᠠᠶᠢᠵᠢᠭᠤᠯᠬᠤ᠂ ᠵᠢᠷᠤᠮᠵᠢᠭᠤᠯᠬᠤ ᠴᠢᠭᠯᠡᠯ ᠲᠡᠶᠢᠰᠢ ᠬᠥᠭᠵᠢᠭᠦᠯᠬᠦ ᠶᠢ ᠠᠬᠢᠭᠤᠯᠪᠠ ᠃ ᠲᠣᠣᠷᠵᠢᠯᠲᠠᠳ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠴᠤᠭᠯᠠᠭᠤᠯᠵᠤ᠂ ᠰᠠᠭᠤᠭᠠᠯᠢ ᠠᠷᠠᠳ ᠲᠤ ᠣᠨᠣᠪᠴᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠦᠨᠡᠨ ᠬᠦ ᠨᠡᠶᠢᠭᠡᠮ ᠲᠣᠭᠤᠷᠢᠭ ᠤᠨ ᠵᠠᠰᠠᠯᠲᠠ ᠶᠢᠨ ︽ᠮᠡᠳᠡᠷᠡᠯ ᠤᠨ ᠰᠡᠵᠢᠭᠦᠷ︾ ᠪᠣᠯᠤᠭᠰᠠᠨ ᠪᠠᠶᠢᠨ᠎ᠠ᠃
图片1.png
        ᠦᠢᠯᠡᠴᠢᠯᠡᠭᠡ ᠶᠢ ᠲᠣᠣᠷᠵᠢᠯ ᠳᠤ ᠣᠷᠣᠭᠤᠯᠵᠤ᠂ ᠲᠣᠣᠷᠵᠢᠯ ᠤᠨ ᠬᠠᠮᠢᠶᠠᠷᠤᠯᠲᠠ ᠶᠢᠨ ᠬᠥᠮᠥᠨᠴᠢᠯᠡᠬᠦ ᠶᠢ ᠠᠬᠢᠭᠤᠯᠪᠠ        ᠰᠢᠨ ᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠣᠳᠠᠲᠠᠶᠢᠵᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠶᠢᠨ ᠬᠠᠮᠲᠤ ᠴᠠᠭ ᠲᠤᠬᠠᠢ ᠳᠤᠨᠢ ᠣᠷᠴᠢᠨ ᠲᠣᠭᠤᠷᠢᠨ ᠤ ᠵᠠᠰᠠᠯᠲᠠ᠂ ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠤᠯᠠᠨ ᠲᠦᠮᠡᠨ ᠳᠤ ᠦᠢᠯᠡᠴᠢᠯᠡᠬᠦ ᠠᠵᠢᠯ ᠢ ᠦᠷᠨᠢᠭᠦᠯᠪᠡ ᠃ ᠨᠠᠮ ᠤᠨ ᠭᠡᠰᠢᠭᠦᠳ ᠰᠠᠨᠠᠭᠠᠴᠢᠯᠠᠭ᠎ᠠ ᠠᠴᠠ ᠪᠠᠨ ᠲᠣᠣᠷᠵᠢᠯ ᠳᠤ ᠪᠠᠭᠤᠵᠤ᠂ ᠨᠡᠶᠢᠭᠡᠮ ᠲᠣᠭᠤᠷᠢᠭ  ᠤᠨ ᠠᠵᠢᠯ ᠤᠨ  ᠬᠤᠯᠪᠣᠭᠠᠴᠢᠨ᠂ ᠬᠡᠷᠡᠭ ᠡᠷᠬᠢᠯᠡᠭᠴᠢ᠂ ᠤᠬᠠᠭᠤᠯᠤᠭᠴᠢ᠂ ᠡᠷᠡᠭᠦᠯ ᠬᠠᠮᠠᠭᠠᠯᠠᠯ ᠤᠨ ᠠᠵᠢᠯᠲᠠᠨ᠂ ᠠᠮᠤᠷ ᠲᠦᠪᠰᠢᠨ ᠤ ᠠᠵᠢᠯᠲᠠᠨ᠂ ᠬᠢᠨᠠᠯᠲᠠ ᠲᠠᠯᠪᠢᠭᠴᠢ ᠪᠣᠯᠵᠤ᠂ ᠦᠢᠯᠡᠴᠢᠯᠡᠭᠡ ᠪᠠ ᠵᠠᠰᠠᠯᠲᠠ ᠶᠢᠨ ᠲᠠᠯ᠎ᠠ ᠶᠢ ᠲᠣᠣᠷᠵᠢᠯ ᠨᠢᠭᠡᠪᠦᠷᠢ᠂ ᠭᠡᠷ ᠪᠦᠯᠢ ᠨᠢᠭᠡᠪᠦᠷᠢ ᠳᠤ ᠬᠦᠷᠲᠡᠯ᠎ᠡ ᠤᠷᠲᠤᠳᠬᠠᠪᠠ᠃ ᠲᠡᠳᠡ ᠰᠠᠭᠤᠭᠠᠯᠢ ᠠᠷᠠᠳ ᠤᠨ ᠬᠡᠷᠡᠭᠴᠡᠭᠡ ᠶᠢ ᠴᠠᠭ ᠲᠤᠬᠠᠶ ᠳᠤᠨᠢ ᠣᠶᠢᠯᠠᠭᠠᠵᠤ᠂ ᠰᠠᠭᠤᠭᠠᠯᠢ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠪᠡ ᠃ ᠡᠭᠦᠨ ᠤ ᠬᠠᠮᠲᠤ᠂ ᠪᠢᠳᠡ ᠪᠠᠰᠠ ᠲᠣᠣᠷᠵᠢᠯ ᠤᠨ ᠦᠢᠯᠡᠴᠢᠯᠡᠭᠡᠨ ᠤ ᠨᠠᠷᠢᠯᠢᠭᠵᠢᠭᠤᠯᠤᠯᠲᠠ ᠶᠢ ᠴᠢᠬᠤᠯᠠᠴᠢᠯᠠᠵᠤ᠂ ᠠᠳᠠᠯᠢ ᠪᠤᠰᠤ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠥᠪᠡᠷᠮᠢᠴᠡ ᠦᠢᠯᠡᠴᠢᠯᠡᠭᠡᠨ ᠤ ᠲᠥᠰᠦᠯ ᠢ ᠬᠠᠩᠭᠠᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ᠂ ᠪᠦᠲᠦᠮᠵᠢᠲᠡᠶ ᠬᠠᠩᠭᠠᠬᠤ ᠶᠢ ᠦᠨᠡᠨ ᠬᠦ ᠪᠠᠲᠤᠯᠠᠪᠠ᠃
图片2.png
        ᠵᠠᠰᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠣᠷᠵᠢᠯ ᠤᠨ ᠬᠠᠮᠢᠶᠠᠷᠤᠯᠲᠠ ᠶᠢᠨ ᠨᠠᠷᠢᠯᠢᠭᠵᠢᠯᠲᠠ ᠶᠢ ᠠᠬᠢᠭᠤᠯᠪᠠ        ᠲᠣᠣᠷᠵᠢᠯ ᠤᠨ ᠬᠠᠮᠢᠶᠠᠷᠤᠯᠲᠠ ᠶᠢᠨ ᠳᠤᠮᠳᠠ᠂ ᠪᠢᠳᠡ ᠰᠡᠷᠭᠡᠶᠢᠯᠡᠬᠦ ᠪᠠᠷ ᠭᠤᠣᠯ ᠪᠣᠯᠭᠠᠬᠤ᠂ ᠡᠬᠢ ᠡᠭᠦᠰᠦᠯ ᠠᠴᠠ ᠨᠢ ᠵᠠᠰᠠᠬᠤ ᠵᠠᠷᠴᠢᠮ ᠢ ᠢᠮᠠᠭᠲᠠ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠶᠢ ᠴᠢᠬᠤᠯᠠᠴᠢᠯᠠᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠳᠠᠯᠳᠠ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠣᠯᠵᠤ ᠮᠡᠳᠡᠬᠦ ᠪᠠ ᠠᠷᠢᠯᠭᠠᠪᠠ ᠃ ᠶᠠᠩ ᠣᠪᠤᠭᠲᠤ ᠪᠣᠯᠤᠨ ᠸᠠᠩ ᠣᠪᠤᠲᠤ ᠶᠢᠨ ᠠᠷᠰᠠᠷ ᠬᠡᠷᠡᠭ ᠤᠨ ᠵᠢᠱᠢᠶ᠎ᠡ ᠪᠠᠷ ᠵᠢᠱᠢᠶ᠎ᠡ ᠪᠣᠯᠭᠠᠵᠤ᠂ ᠨᠡᠶᠢᠭᠡᠮ ᠲᠣᠭᠤᠷᠢᠭ ᠤᠨ ᠠᠵᠢᠯᠲᠠᠳ ᠦᠳᠲᠡᠷ ᠲᠦᠷᠭᠡᠨ ᠣᠷᠣᠯᠴᠠᠵᠤ᠂ ᠬᠥᠷᠰᠢ ᠵᠡᠷᠭᠡᠯᠡᠳᠡᠭᠡ ᠲᠠᠢ ᠪᠠᠨ ᠡᠶ᠎ᠡ ᠨᠠᠶᠢᠷᠲᠠᠶ᠂ ᠬᠠᠷᠢᠯᠴᠠᠨ ᠬᠠᠪᠰᠤᠷᠤᠯᠴᠠᠬᠤ ᠵᠡᠷᠭᠡ ᠲᠠᠯ᠎ᠠ ᠠᠴᠠ ᠭᠠᠷᠳᠠᠵᠤ᠂ ᠬᠠᠶᠢᠷ᠎ᠠ ᠰᠡᠳᠬᠢᠯᠭᠡ ᠶᠣᠰᠤ ᠰᠤᠷᠲᠠᠬᠤᠨ ᠢᠶᠠᠷ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠢ ᠬᠦᠯᠢᠴᠡᠩᠭᠦᠶ ᠢᠳᠬᠠᠪᠠ ᠃ ᠨᠠᠷᠢᠨ ᠨᠢᠭᠲᠠ ᠠᠵᠢᠯᠯᠠᠬᠤ ᠪᠠᠷ ᠳᠠᠮᠵᠢᠭᠠᠳ᠂ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠬᠠᠮᠤᠭ ᠤᠨ ᠡᠴᠦᠰ ᠲᠤ ᠦᠭᠡ ᠶᠠᠷᠢᠶ᠎ᠠ ᠪᠠ ᠵᠥᠷᠢᠴᠡᠯ ᠢᠶᠠᠨ ᠲᠡᠭᠦᠰ ᠠᠮᠵᠢᠯᠲᠠ ᠲᠠᠢ ᠰᠢᠢᠳᠪᠦᠷᠢᠯᠡᠭᠰᠡᠨ ᠪᠠᠶᠢᠨ᠎ᠠ᠃ ᠡᠨᠡ ᠬᠦ ᠬᠡᠷᠡᠭ ᠤᠨ ᠵᠢᠱᠢᠶ᠎ᠡ ᠨᠢ ᠮᠠᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠠᠯ᠎ᠠ ᠪᠠᠷ ᠬᠢ ᠴᠠᠭ ᠲᠤᠬᠠᠢᠢᠴᠢ ᠴᠢᠨᠠᠷ ᠪᠠ ᠪᠦᠲᠦᠮᠵᠢᠲᠦ ᠴᠢᠨᠠᠷ ᠢ ᠭᠦᠢᠴᠡᠳ ᠬᠠᠷᠠᠭᠤᠯᠵᠠᠢ᠃        ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠵᠤ᠂ ᠲᠣᠮᠣ ᠳ᠋ᠠᠶᠢᠲ᠋ᠠ ᠶᠢ ᠴᠤᠭᠯᠠᠭᠤᠯᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ        ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠪᠡ᠃ ᠰᠦᠯᠵᠢᠶᠡᠨ ᠳᠡᠭᠡᠷ᠎ᠡ᠂ ᠪᠢᠳᠡ ᠰᠠᠭᠤᠭᠠᠯᠢ ᠠᠷᠠᠳ ᠤᠨ ᠸᠢᠴᠠᠲ ᠤᠨ ᠬᠤᠯᠪᠤᠭ᠎ᠠ ᠵᠡᠷᠭᠡ ᠨᠡᠶᠢᠭᠡᠮ ᠤᠨ ᠬᠠᠷᠢᠯᠴᠠᠭᠠᠨ ᠤ ᠲᠠᠪᠴᠠᠩ ᠳᠤ ᠲᠦᠰᠢᠭᠯᠡᠨ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠴᠤᠭᠯᠠᠭᠤᠯᠬᠤ ᠶᠢᠨ ᠬᠠᠮᠲᠤ ᠬᠠᠷᠢᠭᠤ ᠥᠭᠪᠡ ︔ ᠰᠦᠯᠵᠢᠶᠡᠨ ᠭᠠᠳᠠᠨ᠎ᠠ ᠡᠷᠦᠬᠡ ᠳᠤ ᠣᠷᠣᠵᠤ ᠰᠤᠷᠪᠤᠯᠵᠢᠯᠠᠬᠤ᠂ ᠵᠥᠪᠳᠡᠯᠴᠡᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ︽ᠬᠡᠷ ᠤᠨ ᠡᠭᠦᠳᠡᠨ  ︾ ᠳᠠᠬᠢ ᠠᠰᠠᠭᠤᠳᠠᠯ ᠪᠠ ᠬᠦᠴᠢᠷᠳᠡᠯ ᠢ ᠪᠥᠬᠦ ᠲᠠᠯ᠎ᠠ ᠪᠠᠷ ᠡᠵᠡᠮᠰᠢᠪᠡ ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠢᠳᠡ ᠨᠡᠶᠢᠭᠡᠮ ᠲᠣᠭᠤᠷᠢᠭ ᠤᠨ ᠪᠦᠷᠢᠨ ᠪᠦᠲᠦᠨ ᠦᠢᠯᠡᠴᠢᠯᠡᠭᠡᠨ ᠤ ︽ᠳ᠋ᠠᠶᠢᠲ᠋ᠠ ᠬᠥᠮᠥᠷᠭᠡ︾ ᠶᠢ ᠪᠠᠶᠢᠭᠤᠯᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠢᠯᠭᠠᠨ ᠲᠠᠨᠢᠬᠤ ᠪᠠ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠪᠢᠳᠡ ᠪᠠᠰᠠ ᠲᠤᠭ᠎ᠠ ᠪᠠᠷᠢᠮᠲᠠ ᠶᠢ ᠵᠠᠳᠠᠯᠬᠤ ᠪᠠ ᠬᠡᠷᠡᠭᠯᠡᠬᠦ ᠶᠢ ᠴᠢᠬᠤᠯᠠᠴᠢᠯᠠᠵᠤ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠵᠠᠰᠠᠯᠲᠠ ᠳᠤ ᠨᠠᠩ ᠰᠢᠨᠵᠢᠯᠡᠬᠦ ᠤᠬᠠᠭᠠᠨᠴᠢ᠂ ᠨᠠᠷᠢᠯᠢᠭ ᠣᠨᠤᠪᠴᠢᠲᠠᠢ ᠰᠢᠢᠳᠪᠦᠷᠢᠲᠦ ᠪᠣᠳᠣᠯᠭ᠎ᠠ ᠶᠢᠨ ᠳᠡᠮᠵᠢᠯᠭᠡ ᠬᠠᠩᠭᠠᠪᠠ᠃
图片3.png
        ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠵᠠᠮᠴᠢᠯᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠵᠠᠰᠠᠯᠲᠠ ᠪᠣᠯᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠲᠠᠰᠤᠷᠠᠯᠲᠠ ᠦᠭᠡᠢ ᠡᠭᠦᠳᠦᠨ᠎ᠡ᠃ ᠲᠣᠣᠷᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠣᠷᠵᠢᠯ ᠤᠨ ᠡᠩᠨᠡᠭᠡ ᠶᠢᠨ ᠨᠡᠩ ᠥᠨᠳᠥᠷ ᠲᠦᠪᠰᠢᠨ ᠲᠡᠶᠢᠰᠢ  ᠬᠥᠭᠵᠢᠬᠦ ᠶᠢ ᠠᠬᠢᠭᠤᠯᠤᠨ᠎ᠠ ᠃ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠵᠠᠰᠠᠯᠲᠠ ᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠨ᠎ᠠ ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠦᠢᠯᠡᠴᠢᠯᠡᠬᠦ ᠵᠠᠭᠪᠤᠷ ᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号