ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠣᠮᠣ ᠬᠥᠯᠭᠡ ᠰᠢᠲᠠᠷ᠎ᠠ ᠳᠡᠭᠡᠷ᠎ᠡ᠂ ᠰᠢᠨ ᠸᠠᠩ | ᠨᠡᠶᠢᠭᠡᠮ ᠲᠣᠭᠤᠷᠢᠭ ᠤᠨ ︽ᠪᠠᠲᠤ ᠭᠤᠷᠪᠠᠯᠵᠢᠨ︾ ᠠᠵᠢᠯ ᠤᠨ ᠵᠠᠭᠪᠤᠷ ᠶᠠᠭ ᠨᠡᠶᠢᠭᠡᠮ ᠲᠣᠭᠤᠷᠢᠭ ᠤᠨ ᠳᠦᠷᠰᠦ | ᠪᠠᠶᠢᠳᠠᠯ ᠢ ᠨᠠᠮᠤᠭᠤᠬᠠᠨ ᠬᠤᠪᠢᠷᠠᠭᠤᠯᠵᠤ ᠪᠠᠶᠢᠨ᠎ᠠ᠃ ᠡᠨᠡ ᠬᠦ ᠵᠠᠭᠪᠤᠷ ᠨᠢ ᠨᠠᠮ ᠤᠨ ᠳᠤᠭᠤᠶᠢᠯᠠᠩ ᠢᠶᠠᠷ ᠭᠤᠣᠯ | ᠪᠣᠯᠭᠠᠵᠤ᠂ ᠲᠣᠣᠷᠵᠢᠭᠤᠯᠤᠭᠴᠢ ᠪᠠᠷ ᠵᠠᠩᠭᠢᠯᠠᠭ᠎ᠠ ᠶᠢᠨ ᠬᠤᠯᠪᠣᠭᠠᠰᠤ ᠪᠣᠯᠭᠠᠵᠤ᠂ ᠨᠢᠭᠡᠴᠢ ᠶᠢᠨ ᠳᠠᠷᠤᠭ᠎ᠠ ᠨᠢ ᠪᠠᠲᠤ | ᠪᠠᠬᠢ ᠰᠠᠭᠤᠷᠢ ᠪᠣᠯᠭᠠᠵᠤ᠂ ᠭᠤᠷᠪᠠᠭᠤᠯᠠ ᠨᠢᠭᠲᠠ ᠬᠠᠮᠵᠢᠯᠴᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠲᠤ | ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ | ᠵᠠᠮ ᠢ ᠬᠠᠶᠢᠨ ᠰᠦᠪᠡᠭᠴᠢᠯᠡᠵᠦ ᠭᠠᠷᠭᠠᠪᠠ ᠃ | ᠨᠠᠮ ᠤᠨ ᠳᠤᠭᠤᠶᠢᠯᠠᠩ᠄ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ | ᠬᠤᠪᠢᠰᠬᠠᠯ ᠤᠨ ᠬᠥᠳᠡᠯᠭᠡᠭᠦᠷ | ᠰᠢᠨ ᠸᠠᠩ ᠨᠡᠶᠢᠭᠡᠮ ᠲᠣᠭᠤᠷᠢᠭ ᠨᠠᠮ ᠤᠨ ᠳᠤᠭᠤᠶᠢᠯᠠᠩ ᠢ ᠲᠣᠣᠷᠵᠢᠯ ᠳᠡᠭᠡᠷ᠎ᠡ ᠪᠠᠶᠢᠭᠤᠯᠵᠤ᠂ ᠨᠠᠮᠴᠢ | ᠴᠢᠨᠠᠷ ᠢᠶᠠᠷ ᠴᠢᠩᠭ᠎ᠠ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠤᠯᠠᠨ ᠲᠦᠮᠡᠨ ᠤ ᠰᠠᠭᠤᠷᠢ ᠪᠠᠷ ᠰᠠᠶᠢᠨ | ᠨᠠᠮ ᠤᠨ ᠭᠡᠰᠢᠭᠦᠨ ᠢ ᠰᠢᠯᠢᠨ ᠰᠣᠩᠭᠤᠵᠤ ᠨᠠᠮ ᠤᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠪᠡ ᠃ | ᠡᠳᠡᠭᠡᠷ ᠨᠠᠮ ᠤᠨ ᠳᠤᠭᠤᠶᠢᠯᠠᠩ ᠤᠨ ᠳᠠᠷᠤᠭ᠎ᠠ ᠬᠤᠪᠢᠰᠬᠠᠯ ᠤᠨ ᠤᠴᠢ ᠮᠡᠲᠦ᠂ ᠨᠡᠶᠢᠭᠡᠮ ᠲᠣᠭᠤᠷᠢᠭ ᠤᠨ ᠥᠨᠴᠥᠭ | ᠪᠤᠯᠤᠩ ᠪᠣᠯᠭᠠᠨ ᠳᠤ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠲᠡᠳᠡ ᠲᠣᠭᠲᠠᠮᠠᠯ ᠬᠤᠭᠤᠴᠠᠭ᠎ᠠ ᠲᠠᠢ ᠪᠠᠷ | ᠨᠠᠮ ᠤᠨ ᠳᠤᠭᠤᠶᠢᠯᠠᠩ ᠤᠨ ᠭᠡᠰᠢᠭᠦᠳ ᠢ ᠵᠣᠬᠢᠶᠠᠨ ᠪᠠᠶᠢᠭᠤᠯᠵᠤ ᠨᠠᠮ ᠤᠨ ᠬᠠᠮᠤᠭ ᠤᠨ ᠰᠢᠨ᠎ᠡ ᠤᠨᠤᠯ ᠪᠠ | ᠴᠢᠭᠯᠡᠯᠲᠡ ᠲᠦᠷᠦ ᠶᠢᠨ ᠪᠤᠳᠤᠯᠭ᠎ᠠ ᠶᠢ ᠰᠤᠷᠤᠯᠴᠠᠭᠤᠯᠵᠤ᠂ ᠨᠠᠮ ᠤᠨ ᠭᠡᠰᠢᠭᠦᠨ ᠨᠢᠭᠡᠪᠦᠷᠢ ᠴᠥᠮ ᠦᠵᠡᠯ | ᠰᠠᠨᠠᠭᠠᠨ ᠤ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ | ᠪᠠᠲᠤᠯᠠᠬᠤ ᠶᠢᠨ ᠬᠠᠮᠲᠤ᠂ ᠤᠯᠠᠨ ᠲᠦᠮᠡᠨ ᠳᠤ ᠨᠠᠮ ᠤᠨ ᠳᠠᠭᠤᠨ ᠢ ᠢᠳᠡᠪᠬᠢᠲᠡᠢ ᠤᠬᠠᠭᠤᠯᠵᠤ᠂ ᠨᠠᠮ ᠤᠨ ᠤᠨᠤᠯ ᠢ | ᠲᠦᠭ ᠲᠦᠮᠡᠨ ᠠᠶᠢᠯ ᠡᠷᠦᠬᠡ ᠳᠤ ᠣᠷᠣᠭᠤᠯᠬᠤ ᠶᠢ ᠦᠨᠡᠨ ᠬᠦ ᠪᠠᠲᠤᠯᠠᠪᠠ᠃ ᠨᠠᠮ ᠤᠨ ᠳᠤᠭᠤᠶᠢᠯᠠᠩ ᠨᠡᠶᠢᠭᠡᠮ | ᠲᠣᠭᠤᠷᠢᠭ ᠤᠨ ᠨᠠᠮ ᠤᠨ ᠡᠭᠦᠷ ᠤᠨ ᠡᠯ᠎ᠡ ᠵᠦᠢᠯ ᠤᠨ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠤᠯᠠᠨ | ᠲᠦᠮᠡᠨ ᠤ ᠰᠠᠨᠠᠯ ᠪᠠ ᠬᠦᠰᠡᠯ ᠱᠠᠭᠠᠷᠳᠠᠯᠭ᠎ᠠ ᠶᠢ ᠴᠤᠭᠯᠠᠭᠤᠯᠬᠤ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ | ᠡᠭᠦᠷᠭᠡᠯᠡᠪᠡ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠳᠤ᠂ | ᠨᠠᠮ ᠤᠨ ᠳᠤᠭᠤᠶᠢᠯᠠᠩ ᠤᠨ ᠭᠡᠰᠢᠭᠦᠨ ᠡᠷᠦᠬᠡ ᠳᠠᠷᠠᠭᠠᠯᠠᠨ ᠰᠤᠷᠪᠤᠯᠵᠢᠯᠠᠵᠤ᠂ ᠰᠠᠭᠤᠭᠠᠯᠢ ᠠᠷᠠᠳ ᠤᠨ ᠥᠭᠡᠷᠡᠴᠢᠯᠡᠨ | ᠪᠠᠶᠢᠭᠤᠯᠬᠤ ᠲᠥᠰᠦᠯ ᠤᠨ ᠲᠤᠬᠠᠢ ᠦᠵᠡᠯᠲᠡ ᠪᠠ ᠰᠠᠨᠠᠭᠤᠯᠭ᠎ᠠ ᠶᠢ ᠣᠶᠢᠯᠠᠭᠠᠵᠤ᠂ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠤᠨᠢ ᠬᠠᠷᠢᠭᠤ ᠲᠤᠰᠬᠠᠪᠠ᠃ ᠲᠡᠳᠡ ᠪᠠᠰᠠ ᠡᠯ᠎ᠡ ᠲᠠᠯ᠎ᠠ ᠶᠢᠨ | ᠡᠬᠢ ᠪᠠᠶᠠᠯᠢᠭ ᠢ ᠢᠳᠡᠪᠬᠢᠲᠡᠢ ᠵᠣᠬᠢᠴᠠᠭᠤᠯᠵᠤ᠂ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠤᠷᠤᠭᠰᠢᠲᠠᠢ | ᠶᠠᠪᠤᠭᠳᠠᠬᠤ ᠶᠢ ᠠᠬᠢᠭᠤᠯᠵᠤ᠂ ᠰᠠᠭᠤᠭᠠᠯᠢ ᠠᠷᠠᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ | ᠨᠡᠶᠢᠭᠡᠮ ᠲᠣᠭᠤᠷᠢᠭ ᠤᠨ ᠵᠠᠰᠠᠯᠲᠠ ᠠᠴᠠ ᠪᠣᠯᠤᠭᠰᠠᠨ ᠬᠤᠪᠢᠷᠠᠯᠲᠠ ᠶᠢ ᠦᠨᠡᠨ ᠬᠦ ᠮᠡᠳᠡᠷᠡᠭᠦᠯᠪᠡ᠃ ᠨᠠᠮ ᠤᠨ | ᠳᠤᠭᠤᠶᠢᠯᠠᠩ ᠤᠨ ᠳᠠᠭᠠᠭᠤᠯᠭ᠎ᠠ ᠳᠣᠣᠷ᠎ᠠ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠬᠤᠶᠢᠨ᠎ᠠ | ᠬᠤᠶᠢᠨ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠦᠯᠢᠭᠡᠷ ᠳᠠᠭᠤᠷᠢᠶᠠᠯ ᠪᠤᠯᠵᠤ᠂ ᠲᠦᠷᠦᠭᠦᠯᠡᠨ | ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠵᠤ᠂ ᠨᠡᠶᠢᠭᠡᠮ | ᠲᠣᠭᠤᠷᠢᠭ ᠤᠨ ᠵᠠᠰᠠᠯᠲᠠ ᠳᠤ ᠬᠦᠴᠦᠨ ᠴᠢᠳᠠᠯ ᠢᠶᠠᠨ ᠡᠷᠭᠦᠪᠡ᠃ | | ᠲᠣᠣᠷᠵᠢᠯᠲᠠᠨ ᠄ ᠨᠡᠶᠢᠭᠡᠮ ᠲᠣᠭᠤᠷᠢᠭ ᠬᠢᠭᠡᠳ ᠰᠠᠭᠤᠭᠠᠯᠢ ᠠᠷᠠᠳ ᠢ ᠬᠤᠯᠪᠣᠬᠤ ᠵᠠᠩᠭᠢᠯᠠᠭ᠎ᠠ ᠶᠢᠨ | ᠬᠤᠯᠪᠣᠭᠠᠰᠤ | ᠲᠣᠣᠷᠵᠢᠯᠲᠠᠨ ᠪᠣᠯ ᠨᠡᠶᠢᠭᠡᠮ ᠲᠣᠭᠤᠷᠢᠭ ᠤᠨ ᠵᠠᠰᠠᠯᠲᠠ ᠶᠢᠨ ᠨᠢᠭᠡᠳᠦᠭᠡᠷ ᠹᠷᠣᠨᠲ ᠤᠨ ᠠᠵᠢᠯᠲᠠᠨ ᠮᠥᠨ᠂ | ᠲᠡᠳᠡ ᠥᠪᠡᠷ ᠤᠨ ᠬᠠᠷᠢᠭᠤᠴᠠᠵᠤ ᠪᠠᠶᠢᠭ᠎ᠠ ᠲᠣᠣᠷᠵᠢᠯ ᠤᠨ ᠣᠷᠣᠨ ᠪᠦᠰᠡ ᠪᠠᠨ ᠮᠠᠰᠢ ᠣᠶᠢᠯᠠᠭᠠᠨ᠎ᠠ ᠃ ᠰᠢᠨ ᠸᠠᠩ | ᠨᠡᠶᠢᠭᠡᠮ ᠲᠣᠭᠤᠷᠢᠭ ᠤᠨ ᠲᠣᠣᠷᠵᠢᠯᠲᠠᠨ ᠡᠳᠦᠷ ᠪᠦᠷᠢ ᠵᠡᠭᠡᠯᠢ ᠭᠤᠳᠤᠮᠵᠢ ᠪᠠᠷ ᠰᠦᠯᠵᠢᠯᠳᠦᠵᠦ᠂ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠬᠡᠷ ᠲᠤᠨᠢ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠪᠠ ᠬᠡᠷᠡᠭᠴᠡᠭᠡ ᠶᠢ ᠴᠠᠭ ᠲᠤᠬᠠᠶ ᠳᠤᠨᠢ | ᠣᠶᠢᠯᠠᠭᠠᠪᠠ᠃ ᠲᠡᠳᠡ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ | ᠵᠡᠷᠭᠡ ᠡᠳᠦᠷ ᠲᠤᠲᠤᠮ ᠤᠨ ᠬᠡᠷᠡᠭ ᠶᠠᠪᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠶ ᠪᠠᠰᠠ ᠣᠨᠴᠠᠭᠠᠶ ᠬᠥᠮᠦᠰ ᠤᠨ | ᠠᠮᠢᠳᠤᠷᠠᠯ ᠤᠨ ᠪᠠᠶᠢᠳᠠᠯ ᠢ ᠠᠩᠬᠠᠷᠴᠤ᠂ ᠲᠡᠳᠡᠨ ᠳᠤ ᠴᠢᠬᠤᠯᠠ ᠪᠦᠬᠦᠢ ᠬᠠᠪᠰᠤᠷᠤᠯᠭ᠎ᠠ ᠪᠠ ᠦᠢᠯᠡᠴᠢᠯᠡᠭᠡ | ᠬᠠᠩᠭᠠᠨ᠎ᠠ ᠃ ᠨᠡᠶᠢᠭᠡᠮ ᠲᠣᠭᠤᠷᠢᠭ ᠲᠤ ᠵᠥᠷᠢᠴᠡᠯ ᠵᠢᠭᠤᠷᠠᠯᠳᠤᠭᠠᠨ ᠭᠠᠷᠬᠤ ᠦᠶ᠎ᠡ ᠳᠤ᠂ ᠲᠣᠣᠷᠵᠢᠯᠲᠠᠨ ᠬᠡᠵᠢᠶᠡᠳᠡ | ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠢᠷᠡᠳᠡᠭ᠃ ᠲᠡᠳᠡ ᠡᠯᠪᠡᠭ ᠪᠠᠶᠠᠯᠢᠭ ᠨᠡᠪᠲᠡᠷᠡᠯᠴᠡᠬᠦ ᠤᠷ᠎ᠠ | ᠮᠡᠷᠭᠡᠵᠢᠯ ᠪᠣᠯᠤᠨ ᠨᠡᠶᠢᠭᠡᠮ ᠲᠣᠭᠤᠷᠢᠭ ᠤᠨ ᠪᠠᠶᠢᠳᠠᠯ ᠤᠨ ᠣᠶᠢᠯᠠᠭᠠᠯᠲᠠ ᠳᠠᠭᠠᠨ ᠲᠦᠰᠢᠭᠯᠡᠨ ᠬᠤᠶᠠᠷ ᠲᠠᠯ᠎ᠠ ᠶᠢᠨ | ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ ᠰᠣᠨᠣᠰᠴᠤ᠂ ᠶᠣᠰᠣ ᠵᠦᠢ ᠶᠢᠨ ᠲᠠᠯ᠎ᠠ ᠠᠴᠠ ᠡᠶᠡᠳᠡᠭᠦᠯᠵᠦ᠂ | ᠵᠥᠷᠢᠴᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠪᠡ᠃ ᠲᠡᠳᠡ ᠪᠣᠳᠠᠲᠤ ᠠᠵᠢᠯᠯᠠᠭ᠎ᠠ ᠪᠠᠷ ᠢᠶᠠᠨ | ᠬᠠᠷᠢᠭᠤᠴᠠᠯᠭ᠎ᠠ ᠪᠠ ᠡᠭᠦᠷᠭᠡᠯᠡᠯ ᠢᠶᠠᠨ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠢᠲᠡᠭᠡᠯ ᠲᠠᠢ ᠳᠣᠲᠣᠨᠣ ᠬᠥᠮᠦᠨ ᠪᠣᠯᠪᠠ᠃ | | ᠨᠢᠭᠡᠴᠢ ᠶᠢᠨ ᠳᠠᠷᠤᠭ᠎ᠠ᠄ ᠦᠨᠳᠦᠰᠦᠨ ᠱᠠᠲᠤᠨ ᠤ ᠵᠠᠰᠠᠯᠲᠠ ᠶᠢᠨ ᠰᠡᠵᠢᠭᠦᠷ ᠮᠡᠳᠡᠷᠡᠯ ᠳᠤ ᠦᠨᠳᠦᠰᠦᠯᠡᠨ᠎ᠡ | ᠨᠢᠭᠡᠴᠢ ᠶᠢᠨ ᠳᠠᠷᠤᠭ᠎ᠠ ᠨᠢ ᠰᠠᠭᠤᠭᠠᠯᠢ ᠠᠷᠠᠳ ᠲᠦᠮᠡᠨ ᠠᠴᠠ ᠢᠷᠡᠵᠦ᠂ ᠲᠡᠳᠡ ᠲᠣᠰ ᠨᠢᠭᠡᠴᠢ ᠶᠢᠨ ᠢᠶᠠᠨ | ᠬᠡᠷ ᠪᠦᠯᠢ ᠨᠢᠭᠡᠪᠦᠷᠢ ᠶᠢ ᠰᠠᠶᠢᠨ ᠲᠠᠨᠢᠨ᠎ᠠ ᠂ ᠬᠥᠮᠦᠨ ᠲᠠᠨᠢᠬᠤ ᠂ ᠭᠠᠵᠠᠷ ᠲᠠᠨᠢᠬᠤ ᠂ ᠪᠠᠶᠢᠳᠠᠯ ᠪᠣᠯᠪᠠᠰᠤᠷᠠᠩᠭᠤᠶ | ᠪᠠᠶᠢᠭᠠᠯᠢ ᠶᠢᠨ ᠳᠠᠪᠠᠭᠤᠯᠢᠭ ᠲᠠᠢ᠃ ᠰᠢᠨ ᠸᠠᠩ ᠨᠡᠶᠢᠭᠡᠮ ᠲᠣᠭᠤᠷᠢᠭ ᠨᠢ ᠨᠢᠭᠡᠴᠢ ᠶᠢᠨ ᠳᠠᠷᠤᠭ᠎ᠠ ᠶᠢᠨ ᠢᠳᠡᠪᠬᠢᠵᠢᠯ ᠢ | ᠭᠦᠢᠴᠡᠳ ᠳᠠᠶᠢᠴᠢᠯᠠᠬᠤ ᠶᠢᠨ ᠲᠥᠯᠥᠭᠡ᠂ ᠨᠠᠷᠢᠨ ᠲᠣᠳᠣᠷᠬᠠᠶ ᠠᠵᠢᠯ ᠤᠨ ᠡᠭᠦᠷᠭᠡ ᠬᠠᠷᠢᠭᠤᠴᠠᠯᠭ᠎ᠠ ᠪᠠ ᠮᠡᠳᠡᠭᠡ | ᠵᠠᠩᠭᠢ ᠶᠢ ᠳᠡᠭᠡᠭᠰᠢ ᠮᠡᠳᠡᠭᠦᠯᠬᠦ ᠴᠤᠪᠤᠷᠠᠯ ᠵᠢᠷᠤᠭ ᠢ ᠲᠣᠭᠲᠠᠭᠠᠵᠤ᠂ ᠨᠢᠭᠡᠴᠢ ᠶᠢᠨ ᠳᠠᠷᠤᠭ᠎ᠠ ᠶᠢᠨ ᠨᠡᠶᠢᠭᠡᠮ | ᠲᠣᠭᠤᠷᠢᠭ ᠤᠨ ᠵᠠᠰᠠᠯᠲᠠ ᠳᠤᠮᠳᠠᠬᠢ ᠡᠭᠦᠷᠭᠡ ᠪᠠ ᠦᠢᠯᠡᠳᠦᠯ ᠢ ᠲᠣᠳᠣᠷᠬᠠᠶᠢᠯᠠᠪᠠ᠃ ᠡᠭᠦᠨ ᠤ ᠬᠠᠮᠲᠤ᠂ | ᠨᠢᠭᠡᠴᠢ ᠶᠢᠨ ᠳᠠᠷᠤᠭ᠎ᠠ ᠶᠢᠨ ᠬᠤᠪᠢ ᠬᠤᠷᠠᠮᠳᠤᠭᠤᠯᠬᠤ ᠤᠷᠮᠠᠰᠢᠭᠤᠯᠬᠤ ᠲᠣᠭᠲᠠᠴᠠ ᠶᠢ ᠬᠡᠷᠡᠭᠵᠢᠭᠦᠯᠵᠦ᠂ | ᠨᠢᠭᠡᠴᠢ ᠶᠢᠨ ᠳᠠᠷᠤᠭ᠎ᠠ ᠶᠢᠨ ᠨᠡᠶᠢᠭᠡᠮ ᠲᠣᠭᠤᠷᠢᠭ ᠤᠨ ᠠᠵᠢᠯ ᠳᠤ ᠣᠷᠣᠯᠴᠠᠭᠰᠠᠨ ᠢᠯᠡᠷᠡᠯ ᠢ ᠦᠨᠳᠦᠰᠦᠯᠡᠨ | ᠵᠣᠬᠢᠴᠠᠩᠭᠤᠶ ᠬᠤᠪᠢ ᠣᠯᠭᠤᠵᠤ᠂ ᠬᠤᠷᠠᠮᠳᠤᠭᠤᠯᠤᠭᠰᠠᠨ ᠬᠤᠪᠢ ᠪᠠᠷ ᠢᠶᠠᠨ ᠠᠮᠢᠳᠤᠷᠠᠯ ᠤᠨ ᠬᠡᠷᠡᠭᠰᠡᠯ ᠰᠣᠯᠢᠬᠤ | ᠪᠤᠶᠤ ᠪᠤᠰᠤᠳ ᠠᠰᠠᠷᠠᠮᠵᠢ ᠬᠦᠷᠲᠡᠵᠦ ᠪᠣᠯᠤᠨ᠎ᠠ ᠂ ᠡᠨᠡ ᠨᠢ ᠨᠢᠭᠡᠴᠢ ᠶᠢᠨ ᠳᠠᠷᠤᠭ᠎ᠠ ᠶᠢᠨ ᠨᠡᠶᠢᠭᠡᠮ ᠲᠣᠭᠤᠷᠢᠭ ᠤᠨ | ᠵᠠᠰᠠᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠪᠡ᠃ ᠨᠢᠭᠡᠴᠢ ᠶᠢᠨ ᠳᠠᠷᠤᠭ᠎ᠠ | ᠨᠠᠷ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠢᠳᠡᠪᠬᠢᠲᠡᠶ ᠬᠠᠮᠵᠢᠯᠴᠠᠨ᠂ ᠨᠡᠶᠢᠭᠡᠮ | ᠲᠣᠭᠤᠷᠢᠭ ᠤᠨ ᠬᠡᠷᠡᠭ ᠶᠠᠪᠤᠳᠠᠯ ᠤᠨ ᠲᠤᠬᠠᠶ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ | ᠰᠠᠨᠠᠭᠠᠴᠢᠯᠠᠭ᠎ᠠ ᠠᠴᠠ ᠪᠠᠨ ᠴᠤᠭᠯᠠᠭᠤᠯᠵᠤ᠂ ᠴᠠᠭ ᠲᠤᠬᠠᠶ ᠳᠤᠨᠢ ᠨᠡᠶᠢᠭᠡᠮ ᠲᠣᠭᠤᠷᠢᠭ ᠲᠤ ᠬᠠᠷᠢᠭᠤ ᠲᠤᠰᠬᠠᠪᠠ᠃ | ᠲᠡᠳᠡ ᠪᠠᠰᠠ ᠲᠣᠣᠷᠵᠢᠯᠲᠠᠨ ᠢ ᠬᠠᠪᠰᠤᠷᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠬᠢᠵᠦ᠂ ᠠᠰᠠᠭᠤᠳᠠᠯ ᠢ | ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠪᠡ᠃ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ | ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠨᠢᠭᠡᠴᠢ ᠶᠢᠨ ᠳᠠᠷᠤᠭ᠎ᠠ ᠨᠠᠷ | ᠲᠣᠰ ᠨᠢᠭᠡᠴᠢ ᠳᠤ ᠪᠠᠨ ᠲᠦᠷᠦᠭᠦᠯᠡᠨ ᠤᠬᠠᠭᠤᠯᠭ᠎ᠠ ᠬᠢᠵᠦ᠂ ᠰᠠᠭᠤᠭᠠᠯᠢ ᠠᠷᠠᠳ ᠢ ᠬᠤᠭ ᠨᠣᠪᠰᠢ ᠶᠢ ᠲᠥᠷᠥᠯ | ᠬᠤᠪᠢᠶᠠᠬᠤ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠬᠦᠲᠦᠯᠦᠨ ᠵᠢᠯᠤᠭᠤᠳᠪᠠ᠃ ᠨᠡᠶᠢᠭᠡᠮ ᠲᠣᠭᠤᠷᠢᠭ ᠤᠨ | ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠨᠢᠭᠡᠴᠢ ᠶᠢᠨ ᠳᠠᠷᠤᠭ᠎ᠠ ᠨᠠᠷ ᠰᠠᠭᠤᠭᠠᠯᠢ ᠠᠷᠠᠳ ᠢ | ᠢᠳᠡᠪᠬᠢᠲᠡᠶ ᠪᠠᠷ ᠳᠠᠶᠢᠴᠢᠯᠠᠨ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ | ᠬᠠᠮᠠᠭᠠᠯᠠᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠪᠠ᠃ | | ᠰᠢᠨ ᠸᠠᠩ ᠨᠡᠶᠢᠭᠡᠮ ᠲᠣᠭᠤᠷᠢᠭ ᠤᠨ ︽ ᠪᠠᠲᠤ ᠭᠤᠷᠪᠠᠯᠵᠢᠨ︾ ᠠᠵᠢᠯ ᠤᠨ ᠵᠠᠭᠪᠤᠷ ᠠᠵᠢᠯᠯᠠᠭᠰᠠᠨ ᠠᠴᠠ | ᠨᠠᠭᠠᠰᠢ ᠂ ᠢᠯᠡᠳᠲᠡ ᠦᠷ᠎ᠡ ᠪᠦᠲᠦᠮᠵᠢ ᠣᠯᠪᠠ᠃ ᠨᠠᠮ ᠤᠨ ᠳᠤᠭᠤᠶᠢᠯᠠᠩ᠂ ᠲᠣᠣᠷᠵᠢᠯᠲᠠᠨ ᠪᠠ ᠨᠢᠭᠡᠴᠢ ᠶᠢᠨ | ᠳᠠᠷᠤᠭ᠎ᠠ ᠶᠢᠨ ᠨᠢᠭᠲᠠ ᠬᠠᠮᠵᠢᠯᠴᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ | ᠰᠠᠨᠠᠯ ᠰᠠᠨᠠᠭᠤᠯᠭ᠎ᠠ ᠶᠢ 160 ᠭᠠᠷᠤᠶ ᠵᠤᠷᠪᠤᠰ ᠴᠤᠭᠯᠠᠭᠤᠯᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ 80 ᠭᠠᠷᠤᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠬᠠᠷᠢᠶ᠎ᠠ | ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ 50 ᠭᠠᠷᠤᠶ ᠠᠮᠵᠢᠯᠲᠠᠲᠠᠶ ᠰᠢᠢᠳᠪᠦᠷᠢᠯᠡᠪᠡ ᠃ ᠨᠡᠶᠢᠭᠡᠮ | ᠲᠣᠭᠤᠷᠢᠭ ᠤᠨ ᠬᠢᠨ ᠪᠠᠰᠠ ︽ ᠪᠠᠲᠤ ᠭᠤᠷᠪᠠᠯᠵᠢᠨ︾ ᠤ ᠭᠡᠰᠢᠭᠦᠳ ᠢ ᠵᠢᠷᠭᠤᠭᠠᠨ ᠤᠯᠠᠭᠠᠨ ᠡᠰ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠷᠣᠭᠤᠯᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ 30 ᠭᠠᠷᠤᠶ ᠤᠳᠠᠭ᠎ᠠ ᠥᠷᠨᠢᠭᠦᠯᠵᠦ᠂ ᠣᠷᠣᠯᠴᠠᠭᠰᠠᠨ ᠬᠥᠮᠦᠨ ᠤ ᠲᠤᠭ᠎ᠠ 200 | ᠭᠠᠷᠤᠶ ᠬᠥᠮᠦᠨ ᠤᠳᠠᠭ᠎ᠠ ᠳᠤ ᠬᠦᠷᠪᠡ ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠨᠠᠰᠤᠲᠠᠨ ᠢᠶᠠᠨ | ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠬᠦᠴᠢᠷᠳᠡᠯᠲᠡᠶ ᠶᠢ ᠬᠠᠪᠰᠤᠷᠤᠨ ᠲᠤᠰᠠᠯᠠᠬᠤ᠂ ᠪᠣᠯᠪᠠᠰᠤᠨ ᠢᠶᠠᠷ ᠶᠠᠪᠤᠵᠤ | ᠰᠠᠭᠤᠬᠤ ᠵᠡᠷᠭᠡ ᠣᠯᠠᠨ ᠬᠦᠷᠢᠶ᠎ᠡ ᠶᠢ ᠬᠠᠮᠤᠷᠴᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠶᠢᠭᠡᠮ | ᠲᠣᠭᠤᠷᠢᠭ ᠤᠨ ᠵᠠᠰᠠᠯᠲᠠ ᠠᠴᠠ ᠪᠣᠯᠤᠭᠰᠠᠨ ᠲᠥᠬᠦᠮ ᠪᠠ ᠪᠣᠳᠠᠲᠤ ᠠᠰᠢᠭ ᠲᠤᠰᠠ ᠶᠢ ᠦᠨᠡᠨ ᠬᠦ ᠬᠦᠷᠲᠡᠭᠡᠪᠡ᠃ | ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ︽ ᠪᠠᠲᠤ | ᠭᠤᠷᠪᠠᠯᠵᠢᠨ︾ ᠠᠵᠢᠯ ᠤᠨ ᠵᠠᠭᠪᠤᠷ ᠢ ᠭᠦᠨᠵᠡᠭᠡᠶᠢᠷᠡᠭᠦᠯᠵᠦ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢ ᠨᠡᠩ ᠨᠠᠷᠢᠯᠢᠬᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ᠂ | ᠤᠶᠤᠨᠴᠢᠯᠠᠭᠰᠠᠨ ᠴᠢᠭᠯᠡᠯ ᠲᠡᠶᠢᠰᠢ ᠬᠥᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠰᠢᠨ ᠸᠠᠩ ᠨᠡᠶᠢᠭᠡᠮ | ᠲᠣᠭᠤᠷᠢᠭ ᠢ ᠦᠨᠡᠨ ᠬᠦ ᠰᠠᠭᠤᠭᠠᠯᠢ ᠠᠷᠠᠳ ᠤᠨ ᠠᠮᠤᠷ ᠲᠠᠶᠢᠪᠤᠩ ᠠᠵᠤ ᠲᠦᠷᠦᠭᠦ ᠵᠣᠯ ᠵᠢᠷᠭᠠᠯᠲᠤ ᠭᠡᠷ ᠣᠷᠣᠨ | ᠪᠣᠯᠭᠠᠨ᠎ᠠ ᠃ | |