﹇ᠰᠤᠷᠤᠯᠴᠠᠯᠭ᠎ᠠ ᠰᠣᠯᠢᠯᠴᠠᠭ᠎ᠠ ᠰᠡᠳᠬᠢᠮᠵᠢ ᠶᠢ ᠦᠷᠭᠡᠳᠬᠡᠵᠦ  ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠳᠡᠭᠡᠭᠰᠢᠯᠡᠯᠲᠡ ᠶᠢ ᠠᠬᠢᠭᠤᠯᠤᠨ᠎ᠠ﹈ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠲᠤᠬᠠᠶᠢᠯᠠᠭᠰᠠᠨ ᠠᠵᠢᠯ ᠤᠨ ᠠᠵᠢᠯᠲᠠᠨ ᠲᠣᠮᠢᠯᠠᠵᠤ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠣᠴᠢᠭᠤᠯᠵᠤ ᠡᠳ᠋ ᠤᠨ ᠶᠠᠪᠤᠳᠠᠯ ᠤᠨ ᠠᠵᠢᠯ ᠢ ᠰᠤᠷᠤᠯᠴᠠᠭᠤᠯᠪᠠ
ᠨᠡᠶᠢᠲᠡᠯᠡᠭᠰᠡᠨ ᠴᠠᠭ᠄
2025/4/16
        ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠳ᠋ ᠤᠨ ᠶᠠᠪᠤᠳᠠᠯ ᠤᠨ ᠠᠵᠢᠯᠲᠠᠨ ᠤ ᠲᠤᠬᠠᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ  ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠲᠤᠬᠠᠢᠯᠠᠭᠰᠠᠨ ᠠᠵᠢᠯ ᠤᠨ ᠠᠵᠢᠯᠲᠠᠨ ᠲᠣᠮᠢᠯᠠᠵᠤ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠣᠴᠢᠭᠤᠯᠵᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠳᠠᠩᠰᠠ ᠶᠢᠨ ᠲᠤᠬᠠᠢᠯᠠᠭᠰᠠᠨ ᠠᠵᠢᠯ ᠤᠨ ᠴᠤᠪᠤᠷᠠᠯ ᠤᠨ ᠲᠤᠬᠠᠢ ᠲᠤᠰᠬᠠᠢ ᠰᠡᠳᠦᠪᠲᠦ ᠰᠤᠷᠤᠯᠴᠠᠯᠭ᠎ᠠ ᠰᠣᠯᠢᠯᠴᠠᠭ᠎ᠠ ᠥᠷᠨᠢᠭᠦᠯᠪᠡ᠃        ᠬᠤᠲᠠ ᠶᠢᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠠᠴᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠠᠩᠰᠠ ᠬᠠᠷᠭᠤᠭᠤᠯᠬᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠰᠢᠰᠲ᠋ᠧᠮ ᠤᠨ ᠠᠵᠢᠯᠯᠠᠭᠠᠨ ᠤ ᠶᠠᠪᠤᠴᠠ ᠵᠢᠴᠢ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ᠂ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠰᠢᠢᠳᠪᠦᠷᠢᠯᠡᠬᠦ ᠲᠠᠪᠴᠠᠩ︾ ᠳᠠᠬᠢ ᠲᠠᠩᠰᠠ ᠬᠠᠷ᠎ᠠ ᠶᠢᠨ ᠠᠵᠢᠯᠯᠠᠭᠠᠨ ᠤ ᠠᠯᠬᠤᠮ ᠳᠠᠷᠠᠭ᠎ᠠ ᠶᠢ ᠭᠤᠤᠯᠳᠠᠯᠭ᠎ᠠ ᠲᠠᠢ ᠳᠡᠯᠭᠡᠨ ᠦᠵᠡᠭᠦᠯᠪᠡ᠂ ᠳ᠋ᠠᠶᠢᠲ᠋ᠠ ᠶᠢ ᠭᠠᠷᠭᠠᠨ ᠠᠪᠬᠤ᠂ ᠵᠦᠷᠢᠶ᠎ᠡ ᠶᠢ  ᠬᠠᠷᠢᠴᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠠᠭᠲᠠᠭᠠᠨ᠎ᠠ ᠃ ᠡᠳᠦᠷ ᠲᠤᠲᠤᠮ ᠤᠨ ᠳᠠᠩᠰᠠ ᠬᠠᠷᠭᠤᠭᠤᠯᠬᠤ ᠠᠵᠢᠯ ᠤᠨ ᠳᠤᠮᠳᠠ ᠲᠤᠯᠭᠠᠷᠠᠭᠰᠠᠨ ᠬᠦᠴᠢᠷ ᠲᠦᠪᠡᠭᠲᠡᠶ ᠠᠰᠠᠭᠤᠳᠠᠯ ᠪᠠ ᠰᠢᠰᠲ᠋ᠧᠮ ᠤᠨ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠪᠣᠳᠠᠲᠠᠶ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ᠂ ᠡᠳ᠋ ᠤᠨ ᠶᠠᠪᠤᠳᠠᠯ ᠤᠨ ᠠᠵᠢᠯ ᠤᠨ ︽ᠬᠦᠴᠢᠷ ᠠᠰᠠᠭᠤᠳᠠᠯ︾᠂ ︽ᠡᠮᠵᠡᠭ ᠴᠡᠭ︾᠂  ︽ᠬᠦᠴᠢᠷᠳᠡᠯ︾᠂ ︽ᠲᠦᠭᠵᠢᠷᠡᠯ︾ ᠲᠠᠢ ᠤᠶᠠᠯᠳᠤᠭᠤᠯᠤᠨ ᠪᠦᠲᠦᠮᠵᠢᠲᠡᠶ ᠠᠷᠭ᠎ᠠ ᠶᠠᠷᠢᠯᠴᠠᠨ ᠭᠠᠷᠭᠠᠪᠠ ᠃ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠭᠤᠷᠪᠠᠨ ᠱᠠᠲᠤ ᠳᠠᠬᠢᠨ ᠬᠢᠨᠠᠬᠤ︾ ᠲᠣᠭᠲᠠᠴᠠ ᠶᠢ ᠪᠠᠶᠢᠭᠤᠯᠬᠤ᠂ ᠲᠠᠩᠰᠠ ᠡᠬᠡ ᠲᠠᠩᠰᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠵᠡᠷᠭᠡ ᠲᠡᠷᠢᠭᠦᠨ ᠤ ᠲᠤᠷᠰᠢᠯᠭ᠎ᠠ ᠪᠠᠨ ᠬᠤᠪᠢᠶᠠᠯᠴᠠᠵᠤ᠂ ᠲᠤᠭᠤᠷᠢᠭ ᠤᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠶᠠᠪᠤᠳᠠᠯ ᠤᠨ ᠠᠵᠢᠯ ᠳᠤ ᠠᠰᠢᠭᠲᠠᠶ ᠯᠠᠪᠯᠠᠯᠲᠠ ᠬᠠᠩᠭᠠᠪᠠ᠃        ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠰᠤᠷᠤᠯᠴᠠᠭᠰᠠᠨ ᠦᠷ᠎ᠡ ᠪᠦᠲᠦᠭᠡᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠩᠰᠠ ᠬᠠᠷᠭᠤᠭᠤᠯᠬᠤ ᠠᠵᠢᠯ ᠤᠨ ᠴᠤᠪᠤᠷᠠᠯ ᠢ ᠭᠤᠤᠯᠳᠠᠯᠭ᠎ᠠ ᠲᠠᠢ ᠰᠢᠯᠢᠳᠡᠭᠵᠢᠭᠦᠯᠵᠦ᠂ ︽ᠡᠳᠦᠷ ᠲᠤ ᠪᠣᠳᠤᠵᠤ ᠰᠠᠷ᠎ᠠ ᠳᠤ  ᠬᠠᠷᠭᠤᠭᠤᠯᠬᠤ ︾ ᠠᠵᠢᠯ ᠤᠨ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠵᠢᠷᠤᠮᠵᠢᠯ ᠲᠠᠢ ᠠᠵᠢᠯᠯᠠᠭᠠᠨ ᠢ ᠪᠠᠲᠤᠯᠠᠬᠤ ᠶᠢᠨ ᠬᠠᠮᠲᠤ ᠲᠤᠰᠬᠠᠶ ᠰᠡᠳᠦᠪᠲᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠡᠳ᠋ ᠤᠨ ᠶᠠᠪᠤᠳᠠᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃        ᠲᠣᠰ ᠤᠳᠠᠭᠠᠨ ᠤ ᠰᠤᠷᠤᠯᠴᠠᠨ ᠰᠣᠯᠢᠯᠴᠠᠬᠤ ᠠᠵᠢᠯᠯᠠᠭ᠎ᠠ ᠨᠢ ᠡᠳ᠋ ᠤᠨ ᠶᠠᠪᠤᠳᠠᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠬᠤᠶᠢᠰᠢᠳᠠ ᠶᠢᠨ ᠬᠤᠲᠠ ᠲᠣᠭᠤᠷᠢᠭ ᠬᠤᠶᠠᠷ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠶᠠᠪᠤᠳᠠᠯ ᠤᠨ ᠠᠵᠢᠯ ᠤᠨ ᠤᠷᠤᠭᠰᠢᠲᠠᠶ ᠶᠠᠪᠤᠭᠳᠠᠬᠤ ᠳᠤ ᠴᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号