ᠰᠢᠭᠤᠶᠢᠲᠤ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠠᠴᠠ ᠠᠮᠠᠷᠠᠬᠤ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠵᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠳᠠᠬᠢᠨ ᠳᠡᠰ ᠳᠡᠪᠰᠢᠪᠡ
ᠨᠡᠶᠢᠲᠡᠯᠡᠭᠰᠡᠨ ᠴᠠᠭ᠄
2025/4/16
        ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠣᠯᠠᠨ ᠲᠦᠮᠡᠨ ᠤ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠬᠦᠴᠢᠷ᠂ ᠲᠦᠭᠵᠢᠷᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠶᠡᠬᠡᠪᠡᠷ  ᠳᠡᠭᠡᠭᠰᠢᠯᠡᠭᠦᠯᠦᠨ ᠂ ᠣᠯᠠᠨ ᠲᠦᠮᠡᠨ ᠢ ᠳᠤᠲᠠᠭᠤ ᠬᠦᠶᠦᠯᠭᠡᠵᠦ ᠂ ᠠᠵᠢᠯ ᠶᠠᠪᠤᠳᠠᠯ ᠭᠦᠢᠴᠡᠳᠭᠡᠬᠦ ᠳᠤ ᠠᠮᠠᠷᠬᠠᠨ  ᠪᠠᠶᠢᠬᠤ ᠶᠢ ᠦᠨᠡᠨ ᠬᠦ ᠪᠡᠶᠡᠯᠡᠭᠦᠯᠪᠡ ᠃        ᠥᠩᠭᠡᠷᠡᠭᠰᠡᠨ ᠳᠤ᠂ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠣᠯᠠᠨ ᠲᠦᠮᠡᠨ ᠶᠡᠭᠡ ᠬᠡᠮᠵᠢᠶᠡᠨ ᠤ ᠮᠠᠲ᠋ᠧᠷᠢᠶᠠᠯ ᠢ ᠤᠷᠢᠳᠴᠢᠯᠠᠨ ᠪᠡᠯᠡᠳᠬᠡᠬᠦ ᠴᠢᠬᠤᠯᠠᠲᠠᠶ ᠪᠠᠶᠢᠵᠤ᠂ ᠴᠤᠪᠤᠷᠠᠯ ᠨᠢ ᠶᠠᠷᠰᠢᠭ ᠲᠦᠪᠡᠭᠲᠡᠶ ᠪᠥᠭᠡᠳ ᠵᠠᠷᠤᠴᠠᠭᠤᠯᠬᠤ ᠴᠠᠭ ᠨᠢ ᠨᠡᠯᠢᠶᠡᠳ ᠤᠷᠲᠤ ᠪᠠᠶᠢᠪᠠ᠃ ᠡᠨᠡ ᠵᠢᠯ ᠠᠴᠠ ᠨᠠᠭᠠᠰᠢ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠤᠨ ᠶᠠᠪᠤᠴᠠ ᠶᠢ ᠪᠥᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠪᠡ᠃ ᠣᠯᠠᠨ ᠲᠦᠮᠡᠨ ᠬᠡᠷᠡᠭᠴᠡᠭᠡ ᠪᠥᠬᠦᠶ ᠮᠠᠲ᠋ᠧᠷᠢᠶᠠᠯ ᠢᠶᠠᠨ ᠨᠢᠭᠡ ᠯᠡ ᠤᠳᠠᠭ᠎ᠠ ᠳᠤ ᠶᠡᠷᠦᠩᠬᠡᠶᠢᠯᠡᠭᠰᠡᠨ ᠴᠣᠩᠬᠤᠪᠴᠢ ᠳᠤ ᠲᠤᠰᠢᠶᠠᠵᠤ᠂ ᠲᠠᠷᠠᠭᠠᠴᠢ ᠶᠢᠨ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠵᠡᠷᠭᠡ ᠭᠤᠭᠴᠤᠭ᠎ᠠ ᠶᠢ ᠴᠥᠮ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠳᠣᠲᠣᠭᠠᠳᠤ ᠳᠠᠭᠠᠨ ᠬᠠᠮᠵᠢᠯᠴᠠᠨ ᠭᠦᠢᠴᠡᠳᠬᠡᠵᠦ᠂ ᠥᠩᠭᠡᠷᠡᠭᠰᠡᠨ ᠤ ᠣᠯᠠᠨ ᠴᠣᠩᠬᠤᠪᠴᠢ ᠪᠠᠷ ᠮᠥᠷᠯᠡᠨ ᠵᠢᠭᠰᠠᠭᠠᠬᠤ᠂ ᠮᠠᠲ᠋ᠧᠷᠢᠶᠠᠯ ᠳᠠᠪᠬᠤᠷᠳᠠᠭᠤᠯᠤᠨ ᠲᠤᠰᠢᠶᠠᠬᠤ ᠪᠠᠶᠢᠳᠠᠯ ᠢ ᠬᠤᠪᠢᠷᠠᠭᠤᠯᠪᠠ᠃ ᠭᠦᠢᠴᠡᠳᠬᠡᠬᠦ ᠴᠠᠭ ᠢ ᠴᠤ ᠶᠡᠭᠡ ᠬᠡᠮᠵᠢᠶ᠎ᠡ ᠪᠠᠷ ᠪᠣᠭᠤᠨᠢᠰᠬᠠᠵᠤ᠂ ᠴᠢᠬᠤᠯᠠ ᠪᠤᠰᠤ ᠭᠡᠷᠡᠴᠢᠯᠡᠬᠦ ᠮᠠᠲ᠋ᠧᠷᠢᠶᠠᠯ ᠪᠠ ᠭᠤᠭᠴᠤᠭ᠎ᠠ ᠶᠢ ᠴᠣᠮᠬᠠᠳᠬᠠᠬᠤ ᠪᠠᠷ ᠳᠠᠮᠵᠢᠭᠤᠯᠤᠨ᠂ ᠮᠠᠰᠢ ᠣᠯᠠᠨ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠭᠦᠢᠴᠡᠳᠬᠡᠵᠦ᠂ ᠨᠠᠷᠢᠨ ᠪᠤᠳᠤᠯᠢᠶᠠᠨᠲᠠᠶ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠠᠭ ᠤᠨ ᠬᠢᠵᠠᠭᠠᠷ ᠢ ᠴᠦ ᠥᠩᠭᠡᠷᠡᠭᠰᠡᠨ ᠤ ᠬᠢ ᠠᠴᠠ ᠶᠡᠭᠡ ᠪᠠᠷ ᠪᠣᠭᠤᠨᠢᠰᠬᠠᠪᠠ᠃        ᠡᠭᠦᠨ ᠤ ᠬᠠᠮᠲᠤ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠᠰᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠶᠡᠷᠦᠩᠬᠡᠶᠢᠯᠡᠭᠰᠡᠨ ᠴᠣᠩᠬᠤᠪᠴᠢ ᠪᠠᠷ ᠳᠠᠮᠵᠢᠭᠤᠯᠤᠨ ᠬᠡᠰᠡᠭ ᠮᠠᠲ᠋ᠧᠷᠢᠶᠠᠯ ᠢ ᠳᠠᠮᠵᠢᠭᠤᠯᠤᠨ ᠤᠷᠢᠳᠴᠢᠯᠠᠨ ᠬᠢᠨᠠᠭᠤᠯᠵᠤ᠂ ᠲᠤᠬᠠᠶ ᠶᠢᠨ ᠲᠠᠯᠠᠪᠤᠷ ᠲᠤ ᠬᠦᠷᠴᠦ ᠭᠦᠢᠴᠡᠳᠭᠡᠬᠦ ᠦᠶ᠎ᠡ ᠳᠤ ᠨᠠᠩ ᠥᠨᠳᠥᠷ ᠪᠦᠲᠦᠮᠵᠢᠲᠡᠶ ᠳᠥᠭᠦᠮ ᠳᠥᠲᠡ ᠪᠣᠯᠤᠭᠰᠠᠨ ᠪᠠᠶᠢᠨ᠎ᠠ᠃ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠦᠭᠰᠡᠨ ᠨᠢ ᠣᠯᠠᠨ ᠲᠦᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ ᠠᠵᠢᠯ ᠠᠴᠠ ᠪᠠᠨ ᠠᠮᠠᠷᠠᠬᠤ ᠲᠤᠬᠠᠶᠢᠯᠠᠭᠰᠠᠨ  ᠭᠦᠢᠴᠡᠳᠭᠡᠬᠦ ᠳᠤ ᠬᠦᠯᠢᠶᠡᠬᠦ ᠴᠠᠭ ᠢ ᠶᠡᠭᠡ ᠪᠠᠷ ᠪᠣᠭᠤᠨᠢᠰᠬᠠᠪᠠ᠃        ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯ ᠤᠨ ᠲᠦᠷᠦᠭᠳᠡᠯ ᠢ ᠦᠨᠡᠨ ᠬᠦ ᠨᠡᠮᠡᠭᠳᠡᠭᠦᠯᠵᠦ᠂ ᠡᠶ᠎ᠡ ᠵᠣᠬᠢᠴᠠᠩᠭᠤᠢ ᠰᠢᠭᠤᠶᠢᠲᠤ  ᠲᠣᠭᠤᠷᠢᠭ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号