ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ︽ᠺᠣᠳ᠋︾ ᠰᠢᠷᠪᠢᠵᠤ ᠠᠵᠢᠯ ᠡᠷᠢᠬᠦ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠨᠠᠷᠢᠯᠢᠭ ᠣᠨᠤᠪᠴᠢᠲᠠᠢ ᠵᠣᠯᠭᠠᠭᠤᠯᠪᠠ
ᠨᠡᠶᠢᠲᠡᠯᠡᠭᠰᠡᠨ ᠴᠠᠭ᠄
2025/4/16
        ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠠᠬᠢᠭᠤᠯᠬᠤ ᠠᠵᠢᠯ ᠢ ᠦᠨᠡᠨ  ᠬᠦ ᠰᠠᠢᠲᠤᠷ ᠬᠢᠬᠦ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠢ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠡᠮᠦᠨᠡᠬᠢ ᠬᠤᠭᠤᠴᠠᠭᠠᠨ ᠤ ︽ᠺᠣᠳ᠋ ᠰᠢᠷᠪᠢᠵᠦ ᠠᠵᠢᠯ ᠡᠷᠢᠬᠦ︾ ᠺᠣᠳ᠋ ᠰᠢᠷᠪᠢᠵᠦ ᠳᠠᠩᠰᠠᠯᠠᠨ ᠲᠡᠮᠳᠡᠭᠯᠡᠭᠰᠡᠨ ᠠᠵᠢᠯ ᠡᠷᠢᠭᠰᠡᠳ ᠲᠤ ᠴᠢᠭᠯᠡᠭᠦᠯᠦᠨ ︽ᠨᠢᠭᠡ ᠨᠢᠭᠡ ᠪᠠᠷ︾ ᠣᠨᠤᠪᠴᠢᠲᠠᠢ ᠬᠠᠪᠰᠤᠷᠤᠨ ᠲᠡᠳᠭᠦᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠣᠳᠣᠬᠠᠨ ᠳᠤ ᠨᠢᠭᠡᠨᠲᠡ ᠨᠡᠶᠢᠲᠡ 45 ᠬᠥᠮᠦᠨ ᠤᠳᠠᠭ᠎ᠠ ᠬᠠᠷᠢᠯᠴᠠᠵᠤ ᠳᠠᠩᠰᠠᠯᠠᠨ ᠲᠡᠮᠳᠡᠭᠯᠡᠵᠦ᠂ 10 ᠬᠥᠮᠦᠨ ᠬᠠᠪᠰᠤᠷᠴᠤ ᠲᠤᠰ ᠭᠠᠵᠠᠷ ᠤᠨ ᠠᠵᠤ ᠠᠬᠤᠶᠢᠯᠠᠯ ᠲᠠᠢ ᠠᠵᠢᠯ ᠣᠯᠭᠤᠬᠤ ᠰᠠᠨᠠᠮᠵᠢ ᠲᠣᠭᠲᠠᠵᠤ ᠂ ︽ᠰᠠᠨᠠᠭᠠᠴᠢᠯᠠᠭᠠᠲᠤ ᠪᠤᠰᠤ ᠳᠡᠩᠰᠡᠯᠡᠯᠲᠡ︾ ᠠᠴᠠ ︽ᠰᠠᠨᠠᠭᠠᠴᠢᠯᠠᠭᠠᠲᠤ ᠦᠢᠯᠡᠴᠢᠯᠡᠭᠡ︾ ᠵᠦᠭ ᠬᠤᠪᠢᠷᠠᠯᠲᠠ ᠶᠢ  ᠪᠡᠶᠡᠯᠡᠭᠦᠯᠪᠡ ᠃        ᠺᠣᠳ᠋ ᠰᠢᠷᠪᠢᠵᠦ ᠳᠠᠩᠰᠠᠯᠠᠬᠤ + ᠬᠦᠮᠦᠨ ᠤ ᠬᠦᠴᠦ ᠪᠠᠷ ᠳᠠᠬᠢᠨ ᠬᠢᠨᠠᠬᠤ ᠂ ᠦᠢᠯᠡᠴᠢᠯᠡᠭᠡ ᠨᠢ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠪᠠ ᠃  2025 ᠣᠨ ᠤ 2 ᠳ᠋ᠤᠭᠠᠷ ᠰᠠᠷ᠎ᠠ ᠶᠢᠨ ᠡᠬᠢᠨ ᠢᠶᠠᠷ ᠺᠣᠳ᠋ ᠰᠢᠷᠪᠢᠵᠦ ᠳᠠᠩᠰᠠᠯᠠᠬᠤ ᠵᠠᠮ ᠢ ᠨᠡᠪᠲᠡᠷᠡᠭᠦᠯᠦᠭᠰᠡᠨ ᠠᠴᠠ ᠨᠠᠭᠠᠰᠢ ᠂ ᠮᠠᠨ ᠤ ᠲᠣᠭᠤᠷᠢᠭ ᠨᠢᠭᠡᠨᠲᠡ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠣᠯᠠᠨ ᠬᠦᠷᠢᠶᠡᠨ ᠳᠠᠬᠢ ᠠᠵᠢᠯ ᠡᠷᠢᠬᠦ ᠮᠡᠳᠡᠭᠡ ᠵᠠᠩᠭᠢ ᠶᠢ 45 ᠵᠤᠷᠪᠤᠰ ᠴᠤᠭᠯᠠᠭᠤᠯᠪᠠ᠃ ᠠᠵᠢᠯ ᠡᠷᠢᠭᠰᠡᠳ ᠨᠢᠭᠡᠪᠦᠷᠢ ᠳᠤ ᠠᠯᠢ ᠲᠦᠷᠭᠡᠨ ᠢᠶᠠᠷ ᠲᠣᠬᠢᠷᠠᠮᠵᠢᠲᠠᠶ ᠠᠵᠢᠯ ᠣᠯᠵᠤ ᠥᠭᠬᠦ ᠶᠢᠨ ᠲᠦᠯᠦᠭᠡ ᠂ ᠠᠵᠢᠯᠲᠠᠳ ᠶᠠᠳᠠᠷᠠᠯ ᠵᠦᠳᠡᠷᠡᠯ ᠠᠴᠠ ᠬᠠᠯᠠᠰᠢᠷᠠᠯ ᠥᠬᠡᠶ ᠠᠵᠢᠯ ᠡᠷᠢᠬᠦ ᠮᠡᠳᠡᠭᠡ ᠵᠠᠩᠭᠢ ᠶᠢ ᠨᠠᠷᠢᠨ ᠡᠮᠬᠢᠯᠡᠬᠦ ᠪᠠ ᠲᠥᠷᠥᠯ ᠬᠤᠪᠢᠶᠠᠬᠤ ᠶᠢᠨ ᠬᠠᠮᠲᠤ ᠤᠲᠠᠰᠤ ᠪᠠᠷ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠡᠷᠢᠭᠴᠢ ᠨᠢᠭᠡᠪᠦᠷᠢ ᠶᠢᠨ ᠠᠵᠢᠯ ᠤᠯᠬᠤ ᠰᠠᠨᠠᠮᠵᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ᠂ ᠠᠵᠢᠯ ᠤᠨ ᠥᠩᠭᠡᠷᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠷᠠᠭᠠᠴᠢ ᠶᠢᠨ ᠠᠵᠢᠯ ᠤᠨ ᠪᠠᠶᠢᠷᠢ ᠶᠢᠨ ᠵᠣᠬᠢᠴᠠᠯᠳᠤᠯ ᠳᠤ ᠪᠠᠲᠤ ᠪᠠᠬᠢ ᠰᠠᠭᠤᠷᠢ ᠲᠠᠯᠪᠢᠵᠤ᠂ ︽ᠬᠠᠪᠰᠤᠷᠬᠤ ᠶᠣᠰᠣᠲᠠᠶ ᠶᠢ ᠨᠢ ᠪᠦᠬᠦᠨ ᠢ ᠬᠠᠪᠰᠤᠷᠬᠤ︾ ᠶᠢ ᠪᠡᠶᠡᠯᠡᠭᠦᠯᠪᠡ᠃        ᠬᠠᠷᠢᠯᠴᠠᠨ ᠬᠤᠯᠪᠣᠭᠠᠯᠠᠨ ᠬᠦᠳᠡᠯᠦᠯᠴᠡᠬᠦ  + ᠲᠥᠷᠥᠯ ᠬᠤᠪᠢᠶᠠᠬᠤ ᠲᠥᠷᠥ ᠶᠢᠨ ᠪᠣᠳᠣᠯᠭ᠎ᠠ  ᠂ ᠠᠵᠢᠯ ᠤᠨ ᠪᠠᠢᠷᠢ ᠶᠢᠨ ᠮᠡᠳᠡᠭᠡ ᠵᠠᠩᠭᠢ ᠶᠢ ᠣᠨᠣᠪᠴᠢᠲᠠᠢ ᠳᠠᠮᠵᠢᠭᠤᠯᠪᠠ ᠃ ᠠᠵᠢᠯᠲᠠᠨ ᠪᠠ ᠠᠵᠢᠯ ᠤᠨ ᠪᠠᠶᠢᠷᠢ ᠶᠢ ᠨᠠᠷᠢᠯᠢᠭ ᠣᠨᠤᠪᠴᠢᠲᠠᠢ ᠳᠣᠭᠢᠷᠠᠭᠤᠯᠬᠤ ᠶᠢ ᠪᠡᠶᠡᠯᠡᠭᠦᠯᠬᠦ ᠶᠢᠨ ᠲᠥᠯᠥᠭᠡ᠂ ᠠᠵᠢᠯᠲᠠᠳ ᠬᠠᠷᠢᠶᠠᠲᠤ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠯᠤᠭ᠎ᠠ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠠᠵᠢᠯ ᠡᠷᠢᠭᠰᠡᠳ ᠲᠤ ᠳᠣᠭᠢᠷᠠᠬᠤ ᠶᠡᠭᠡ ᠬᠡᠮᠵᠢᠶᠡᠨ ᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠪᠠ᠃ ᠡᠭᠦᠨ ᠤ ᠬᠠᠮᠲᠤ᠂ ᠠᠵᠢᠯᠲᠠᠳ ᠪᠠᠰᠠ ᠠᠵᠢᠯ ᠡᠷᠢᠭᠰᠡᠳ ᠤᠨ ᠬᠤᠪᠢ ᠬᠥᠮᠦᠨ ᠤ ᠪᠠᠶᠢᠳᠠᠯ ᠢ ᠦᠨᠳᠦᠰᠦᠯᠡᠨ᠂ ᠲᠡᠳᠡᠨ ᠳᠤ ᠥᠪᠡᠷᠮᠢᠴᠡ ᠠᠵᠢᠯ ᠡᠷᠢᠬᠦ ᠲᠥᠰᠦᠯ ᠲᠣᠭᠲᠠᠭᠠᠵᠤ ᠥᠭᠭᠦᠭᠰᠡᠨ ᠪᠥᠭᠡᠳ ᠰᠢᠯᠢᠨ ᠰᠣᠩᠭᠤᠵᠤ ᠭᠠᠷᠭᠠᠭᠰᠠᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠲᠡᠷᠡ ᠳᠠᠷᠤᠶ ᠳᠤᠨᠢ ᠠᠵᠢᠯ ᠡᠷᠢᠭᠰᠡᠳ ᠲᠤ ᠳᠠᠮᠵᠢᠭᠤᠯᠪᠠ ᠃ ᠠᠵᠢᠯ ᠤᠨ ᠪᠠᠶᠢᠷᠢ ᠲᠠᠨᠢᠯᠴᠠᠭᠤᠯᠬᠤ ᠶᠠᠪᠤᠴᠠ ᠳᠤ᠂ ᠠᠵᠢᠯᠲᠠᠳ ᠠᠵᠢᠯ ᠡᠷᠢᠭᠰᠡᠳ ᠤᠨ ᠤᠷᠢᠯᠭ᠎ᠠ ᠶᠢᠨ ᠠᠬᠢᠴᠠ ᠶᠢ ᠦᠷᠭᠦᠯᠵᠢᠯᠡᠨ ᠳᠠᠭᠠᠵᠤ᠂ ᠲᠡᠳᠡᠨ ᠤ ᠠᠵᠢᠯ ᠡᠷᠢᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ᠂ ᠲᠡᠳᠡᠨ ᠳᠤ ᠪᠥᠬᠦ ᠲᠠᠯ᠎ᠠ ᠶᠢᠨ ᠳᠡᠮᠵᠢᠯᠭᠡ ᠪᠠ ᠬᠠᠪᠰᠤᠷᠤᠯᠭ᠎ᠠ ᠬᠠᠩᠭᠠᠪᠠ᠃        ᠰᠡᠳᠭᠢᠯ ᠢ ᠳᠤᠯᠠᠭᠠᠴᠠᠭᠤᠯᠬᠤ ᠰᠤᠷᠪᠤᠯᠵᠢᠯᠠᠭ᠎ᠠ + ᠮᠥᠷᠳᠡᠨ ᠦᠢᠯᠡᠴᠢᠯᠡᠭᠡ᠂ ᠠᠵᠢᠯ ᠣᠯᠭᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠠᠮᠠᠭᠠᠯᠠᠪᠠ ᠃ ︽ᠪᠢᠳᠡ ᠠᠵᠢᠯ ᠡᠷᠢᠭᠰᠡᠳ ᠢ ᠺᠣᠳ᠋ ᠰᠢᠷᠪᠢᠭᠦᠯᠵᠦ ᠳᠡᠶᠢᠯᠬᠦ ᠪᠠᠷ ᠪᠠᠷᠠᠬᠤ ᠦᠭᠡᠢ᠂ ᠨᠡᠩ ᠴᠤ ᠲᠡᠳᠡᠨ ᠳᠤ ᠦᠢᠯᠡᠴᠢᠯᠡᠭᠡᠨ ᠤ ᠳᠤᠯᠠᠭᠠᠨ ᠤ ᠬᠡᠮᠵᠢᠶ᠎ᠡ ᠶᠢ ᠮᠡᠳᠡᠷᠡᠭᠦᠯᠬᠦ ᠬᠡᠷᠡᠭᠲᠡᠢ︾ ᠭᠡᠵᠦ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠢᠯᠡᠷᠬᠡᠶᠢᠯᠡᠪᠡ ᠃ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠢᠨᠲ᠋ᠧᠷ ᠰᠦᠯᠵᠢᠶ᠎ᠡ + ᠠᠵᠢᠯ ᠣᠯᠭᠤᠯᠲᠠ ᠶᠢᠨ ᠦᠢᠯᠡᠴᠢᠯᠡᠭᠡ︾ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ  ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠠᠩ ᠣᠯᠠᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠢᠳᠡᠪᠬᠢᠲᠡᠶ ᠠᠭᠤᠳᠠᠯᠵᠤ᠂ ︽ᠳᠤᠯᠠᠭᠠᠴᠠ ᠲᠠᠢ᠂  ᠨᠠᠷᠢᠯᠢᠭ ᠤᠨ ᠬᠡᠮᠵᠢᠶ᠎ᠡ ᠲᠠᠢ᠂ ᠦᠷᠭᠡᠴᠡ ᠲᠠᠢ︾ ᠠᠵᠢᠯ ᠣᠯᠭᠤᠯᠲᠠ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠰᠢᠭᠤᠶᠢᠲᠤ ᠲᠣᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号