ᠡᠷᠡᠯᠬᠡᠭᠯᠡᠨ ᠤᠷᠤᠭᠰᠢᠯᠠᠬᠤ ᠬᠠᠪᠤᠷ — ᠵᠢᠯ ᠳᠤ 50000 ᠲᠣᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠲᠥᠷᠥᠯ ᠵᠦᠢᠯ ᠠᠵᠢᠯ ᠡᠬᠢᠯᠡᠪᠡ
ᠨᠡᠶᠢᠲᠡᠯᠡᠭᠰᠡᠨ ᠴᠠᠭ᠄
2025/4/16
        3 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠶᠦᠩ ᠢ ᠵᠦᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠵᠢᠯ ᠳᠤ 50000 ᠲᠣᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠲᠤ ᠶᠠᠪᠤᠭᠳᠠᠪᠠ᠃        ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ  ᠵᠠᠩ ᠰᠢᠶᠤᠤ ᠹᠧᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ︔ ᠲᠣᠭᠤᠷᠢᠭ  ᠤᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᠰᠢᠶᠠᠩ ᠬᠥᠩ᠂ ᠲᠣᠭᠤᠷᠢᠭ ᠤᠨ ᠤᠳᠤᠷᠢᠳᠤᠯᠭ᠎ᠠ ᠨᠢᠦ ᠪᠢᠶᠤᠤ᠂ ᠯᠢ ᠴᠢᠩ ᠵᠦᠩ᠂ ᠵᠠᠩ ᠵᠢᠶᠠᠨ ᠴᠦᠨ᠂ ᠰᠢᠭᠤᠶᠢᠲᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠧᠨ ᠶᠦᠩ ᠫᠢᠩ ᠬᠤᠷᠠᠯ ᠳᠤ ᠣᠷᠣᠯᠴᠠᠪᠠ︔ ᠥᠪᠥᠷ ᠮᠣᠩᠭᠤᠯ ᠤᠨ ᠶᠦᠩ ᠢ ᠵᠦᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠨ ᠵᠦᠩ ᠲᠠᠩ᠂ ᠵᠦᠩ ᠶᠧ ᠪᠠᠷᠠᠭᠤᠨ ᠬᠤᠶᠢᠲᠤ ᠶᠢᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠭᠦᠢᠴᠡᠳᠬᠡᠬᠦ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ ᠷᠧᠨ ᠱᠸᠦ ᠭᠦᠸᠧ᠂ ᠮᠢᠩ ᠶᠠᠩ ᠪᠦᠯᠦᠭᠯᠡᠯ ᠤᠨ ᠪᠤᠭᠤᠲᠤ ᠶᠢᠨ ᠰᠠᠭᠤᠷᠢᠨ ᠭᠠᠵᠠᠷ ᠤᠨ ᠳᠡᠳ᠋ ᠶᠡᠷᠦᠩᠬᠡᠢ ᠳᠠᠭᠠᠭᠠᠮᠠᠯ ᠰᠢᠤᠢ ᠹᠸᠢ ᠨᠠᠷ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃
        ︽ᠶᠦᠩ ᠢ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠲᠥᠷᠥᠯ ᠵᠦᠢᠯ ᠤᠨ ᠠᠵᠢᠯ ᠡᠬᠢᠯᠡᠭᠰᠡᠨ ᠶᠠᠪᠤᠳᠠᠯ ᠪᠣᠯ ᠠᠵᠤ ᠠᠬᠤᠶᠢᠯᠠᠯ ᠤᠨ ︿ᠬᠤᠣᠰ ᠨᠡᠭᠦᠷᠡᠰᠦᠲᠥ᠋ᠷᠥᠭᠴᠢ﹀ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠢᠷᠡᠭᠡᠳᠦᠶ ᠪᠠᠨ ᠪᠠᠶᠢᠷᠢᠯᠠᠭᠤᠯᠬᠤ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠂ ᠨᠠᠩ ᠴᠤ ᠰᠢᠭᠤᠶᠢᠲᠤ ᠲᠣᠭᠤᠷᠢᠭ ᠪᠣᠬᠢᠷᠲᠤᠯ ᠥᠬᠡᠶ ᠬᠥᠭᠵᠢᠯᠲᠡ ᠶᠢ ᠦᠢᠯᠡᠳᠦᠯᠭᠡᠵᠢᠭᠦᠯᠬᠦ ᠂ ᠠᠵᠤ ᠦᠢᠯᠡᠰ ᠤᠨ ᠰᠢᠨ᠎ᠡ ᠳᠠᠪᠠᠭᠤᠯᠢᠭ ᠢ ᠳᠠᠪᠲᠠᠨ ᠪᠣᠯᠪᠠᠰᠤᠷᠠᠭᠤᠯᠬᠤ ᠡᠷᠡᠯᠬᠡᠭᠯᠡᠨ ᠣᠷᠣᠭᠰᠢᠯᠠᠯᠲᠠ ᠮᠥᠨ︾ ᠭᠡᠵᠦ ᠵᠠᠩ ᠰᠢᠶᠤᠤ ᠹᠸᠢ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠲᠦᠷᠦᠯ ᠵᠦᠢᠯ ᠤᠨ ᠠᠵᠢᠯ ᠡᠬᠢᠯᠡᠭᠰᠡᠨ ᠳᠤ ᠬᠠᠮᠤᠭ ᠤᠨ ᠬᠠᠯᠠᠭᠤᠨ ᠪᠠᠶᠠᠷ ᠬᠦᠷᠭᠡᠵᠦ᠂ ᠰᠢᠭᠤᠶᠢᠲᠤ ᠲᠤᠭᠤᠷᠢᠭ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠭᠰᠡᠭᠡᠷ ᠢᠷᠡᠭᠰᠡᠨ ᠠᠵᠤ ᠠᠬᠤᠶᠢᠯᠠᠯᠲᠠᠨ᠂ ᠪᠦᠳᠦᠭᠡᠨ ᠪᠠᠶᠢᠭᠤᠯᠤᠭᠴᠢ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠬᠠᠮᠤᠭ ᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ᠂ ᠲᠦᠷᠦᠯ ᠵᠦᠢᠯ ᠤᠨ ᠭᠡᠷ᠎ᠡ ᠲᠣᠭᠲᠠᠬᠤ ᠪᠣᠯ ᠡᠬᠢᠯᠡᠯᠲᠡ ᠶᠢᠨ ᠴᠡᠭ ᠪᠣᠯᠤᠨ᠎ᠠ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠪᠣᠯ ᠰᠠᠶ᠋ᠢ ᠵᠠᠩᠭᠢᠯᠠᠭ᠎ᠠ ᠪᠣᠯᠤᠨ᠎ᠠ᠃ ᠰᠢᠭᠤᠶᠢᠳᠤ ᠲᠣᠭᠤᠷᠢᠭ ᠢᠮᠠᠭᠲᠠ ︽ᠲᠦᠷᠦᠯ ᠵᠦᠢᠯ ᠢᠶᠠᠷ ᠭᠤᠣᠯ ᠪᠣᠯᠭᠠᠵᠤ᠂ ᠦᠢᠯᠡᠴᠢᠯᠡᠬᠦ ᠪᠠᠷ ᠦᠨᠳᠦᠰᠦ ᠪᠣᠯᠭᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠬᠠᠮᠤᠭ ᠤᠨ ᠰᠢᠯᠢᠳᠡᠭ ᠲᠦᠷᠦ ᠶᠢᠨ ᠪᠤᠳᠤᠯᠭ᠎ᠠ᠂ ᠬᠠᠮᠤᠭ ᠤᠨ ᠰᠠᠶᠢᠨ ᠣᠷᠴᠢᠨ ᠲᠣᠭᠤᠷᠢᠨ᠂ ᠬᠠᠮᠤᠭ ᠤᠨ ᠳᠤᠯᠠᠭᠠᠨ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ︽ᠳᠣᠲᠣᠨᠣ ᠬᠥᠮᠦᠨ︾ ᠪᠤᠯᠵᠤ᠂ ᠪᠦᠬᠦ ᠦᠶᠡᠯᠡᠯ ᠤᠨ ᠬᠤᠭᠤᠴᠠᠭᠠᠨ ᠳᠤ ᠲᠦᠷᠦᠯ ᠵᠦᠢᠯ ᠢ ᠠᠬᠢᠭᠤᠯᠬᠤ ᠶᠢ ᠪᠠᠲᠤᠯᠠᠵᠤ᠂ ᠪᠦᠳᠦᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠰᠢᠢᠳᠪᠦᠷᠢᠯᠡᠵᠦ᠂ ᠲᠦᠷᠦᠯ ᠵᠦᠢᠯ ᠢ ᠡᠷᠲᠡ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ  ᠠᠬᠢᠭᠤᠯᠤᠨ᠎ᠠ ᠭᠡᠵᠦ ᠢᠯᠡᠷᠬᠡᠶᠢᠯᠡᠪᠡ᠃        ᠥᠪᠥᠷ ᠮᠣᠩᠭᠤᠯ ᠤᠨ ᠶᠦᠩ ᠢ ᠵᠦᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠦᠨ ᠵᠦᠩ ᠲᠠᠩ᠂ ᠰᠢᠭᠤᠶᠢᠲᠤ ᠲᠣᠭᠤᠷᠢᠭ ᠤᠨ ᠭᠠᠵᠠᠷ ᠵᠦᠢ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠰᠠᠶᠢᠨ ᠰᠠᠶᠢᠬᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠨᠥᠬᠦᠴᠡᠯ ᠲᠠᠢ ᠶᠤᠮ᠃ ᠠᠵᠤ ᠦᠢᠯᠡᠰ ᠤᠨ ᠬᠤᠳᠠᠯᠳᠤᠭᠠᠴᠢᠨ ᠤᠷᠢᠬᠤ ᠶᠢ ᠨᠠᠷᠢᠯᠢᠭ ᠣᠨᠤᠪᠴᠢᠲᠠᠢ ᠵᠣᠯᠭᠠᠭᠤᠯᠬᠤ ᠠᠴᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠥᠬᠦ ᠶᠠᠪᠤᠴᠠ ᠳᠤ ᠬᠦᠴᠦᠨ ᠨᠡᠮᠡᠷᠢᠯᠡᠬᠦ ᠬᠦᠷᠲᠡᠯ᠎ᠡ ᠴᠥᠮ ᠰᠢᠭᠤᠶᠢᠲᠤ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠢᠲᠡᠭᠡᠯ ᠵᠣᠷᠢᠭ ᠢ ᠭᠦᠨᠵᠡᠭᠡᠶ ᠣᠶᠢᠯᠠᠭᠠᠭᠤᠯᠵᠤ᠂ ᠰᠢᠭᠤᠶᠢᠲᠤ ᠲᠣᠭᠤᠷᠢᠭ ᠤᠨ ᠥᠨᠳᠥᠷ ᠪᠦᠲᠦᠮᠵᠢᠲᠡᠶ ᠦᠢᠯᠡᠴᠢᠯᠡᠭᠡ ᠪᠠ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠮᠡᠳᠡᠷᠡᠭᠦᠯᠪᠡ᠃ ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠭᠠᠵᠠᠷ ᠣᠷᠣᠨ ᠤ ᠪᠤᠯᠤᠳ ᠲᠡᠮᠤᠷ᠂ ᠪᠠᠷᠢᠯᠭ᠎ᠠ᠂ ᠰᠠᠯᠬᠢᠨ ᠬᠦᠴᠦᠨ ᠤ ᠴᠠᠬᠢᠯᠭᠠᠨ ᠤ ᠰᠢᠨ᠎ᠡ ᠡᠨᠧᠷᠭᠢ ᠶᠢᠨ ᠠᠵᠤ ᠦᠢᠯᠡᠰ ᠵᠢᠴᠢ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ ᠵᠡᠷᠭᠡ ᠠᠵᠤ ᠦᠢᠯᠡᠰ ᠤᠨ ᠠᠵᠢᠯ ᠲᠦᠷᠦᠯ ᠤᠨ ᠬᠥᠭᠵᠢᠯᠲᠡ ᠶᠢ ᠲᠠᠶᠢᠴᠢᠯᠠᠵᠤ᠂ ᠤᠯᠠᠨ ᠶᠠᠩᠵᠤ ᠶᠢᠨ ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠴᠦ᠂ ᠤᠯᠠᠨ ᠲᠠᠯ᠎ᠠ ᠠᠴᠠ ᠣᠷᠣᠨ ᠪᠦᠰᠡ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠴᠤ ᠦᠷ᠎ᠡ ᠪᠦᠲᠦᠮᠵᠢ ᠶᠢ ᠲᠡᠷᠢᠭᠦᠨ ᠳᠤ ᠲᠠᠯᠪᠢᠵᠤ᠂ ᠠᠮᠤᠷ ᠲᠦᠪᠰᠢᠨ ᠢᠶᠠᠷ ᠰᠠᠭᠤᠷᠢ ᠪᠣᠯᠭᠠᠵᠤ᠂ ᠶᠠᠰᠤ ᠴᠢᠨᠠᠷ ᠢᠶᠠᠷ ᠰᠦᠭ ᠰᠦᠨᠡᠰᠦ ᠪᠣᠯᠭᠠᠵᠤ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠪᠡ ᠃
图片3.png
        ᠤᠢᠢᠷ᠎ᠠ ᠶᠢᠨ ᠵᠢᠯ ᠠᠴᠠ᠂ ᠰᠢᠭᠤᠶᠢᠲᠤ ᠲᠣᠭᠤᠷᠢᠭ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠦᠭᠵᠢᠭᠦᠯᠬᠦ ᠂ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠲᠠᠬᠢᠨ ᠴᠣᠭᠴᠠᠯᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠪᠦᠬᠦ ᠲᠣᠭᠤᠷᠢᠭ ᠤᠨ ᠬᠦᠴᠦᠨ ᠢ ᠴᠢᠩᠭᠠᠳᠬᠠᠨ ᠬᠡᠯᠬᠢᠶ᠎ᠡ ᠶᠢ ᠴᠢᠩᠭᠠᠷᠠᠭᠤᠯᠵᠤ ᠬᠡᠯᠬᠢᠶ᠎ᠡ ᠶᠢ ᠨᠥᠬᠦᠪᠥᠷᠢᠯᠡᠬᠦ᠂ ᠬᠠᠨᠳᠤᠰᠢ ᠶᠢ ᠬᠤᠷᠠᠮᠳᠤᠭᠤᠯᠤᠨ ᠤᠷᠬᠢᠯ ᠳᠤ ᠬᠦᠷᠴᠦ᠂ ᠮᠢᠩ ᠶᠠᠩ ᠪᠦᠯᠦᠭᠯᠡᠯ ᠤᠨ ᠬᠦᠳᠦᠯᠦᠨ ᠳᠠᠭᠠᠭᠤᠯᠬᠤ ᠳᠤ ᠲᠦᠰᠢᠭᠯᠡᠨ᠂ ᠵᠦᠩ ᠴᠧ ᠴᠢ ᠭᠠᠵᠠᠷ᠂ ᠴᠦᠩᠴᠢᠩ ᠤᠨ ᠰᠠᠯᠬᠢ ᠭᠠᠲᠤᠯᠬᠤ ᠵᠡᠷᠭᠡ 19 ᠢᠵᠢ ᠪᠦᠷᠢᠳᠦᠭᠰᠡᠨ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠢᠷᠡᠵᠤ᠂ ᠠᠵᠤ ᠦᠢᠯᠡᠰ ᠤᠨ ᠬᠡᠯᠬᠢᠶ᠎ᠡ ᠦᠷᠭᠦᠯᠵᠢᠯᠡᠨ ᠲᠡᠭᠦᠯᠳᠡᠷᠵᠢᠵᠦ᠂ ᠠᠵᠤ ᠦᠢᠯᠡᠰ ᠤᠨ ᠬᠡᠪᠴᠢᠶ᠎ᠡ ᠶᠢᠨ ᠨᠡᠮᠡᠭᠳᠡᠯ 5 ᠲᠠᠬᠢᠨ ᠨᠡᠮᠡᠭᠳᠡᠵᠦ᠂  110 ᠳ᠋ᠦᠩᠰᠢᠭᠤᠷ ᠲᠥᠭᠦᠷᠢᠭ ᠢ ᠳᠠᠪᠠᠵᠠᠢ᠃        ᠤᠭᠰᠠᠷᠠᠮᠠᠯ ᠮᠠᠶ᠋ᠢᠭ ᠤᠨ ᠪᠠᠷᠢᠯᠭ᠎ᠠ ᠨᠢ ᠪᠠᠷᠢᠯᠭ᠎ᠠ ᠪᠠᠷᠢᠬᠤ ᠬᠤᠷᠳᠤᠴᠠ ᠨᠢ ᠲᠦᠷᠭᠡᠨ᠂ ᠣᠷᠴᠢᠨ ᠲᠣᠭᠤᠷᠢᠨ ᠢ ᠬᠠᠮᠠᠭᠠᠯᠠᠬᠤ ᠡᠨᠧᠷᠭᠢ ᠠᠷᠪᠢᠯᠠᠬᠤ᠂ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠬᠢ ᠨᠢ ᠰᠠᠶᠢᠨ ᠵᠡᠷᠭᠡ ᠳᠠᠪᠠᠭᠤᠯᠢᠭ ᠲᠠᠢ ᠪᠠᠶᠢᠵᠤ᠂ ᠣᠳᠣ ᠦᠶ᠎ᠡ ᠶᠢᠨ ᠪᠠᠷᠢᠯᠭ᠎ᠠ ᠶᠢᠨ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠳᠤ ᠨᠡᠶᠢᠴᠡᠨ᠎ᠡ᠃ ᠶᠦᠩ ᠢ ᠪᠤᠯᠤᠳ ᠤᠨ ᠪᠦᠳᠦᠴᠡ ᠶᠢᠨ ᠲᠦᠷᠦᠯ ᠵᠦᠢᠯ ᠨᠢ ᠣᠠᠠᠰᠠᠷᠡᠮᠡᠯ ᠮᠠᠶ᠋ᠢᠭ ᠤᠨ ᠪᠠᠷᠢᠯᠭ᠎ᠠ ᠪᠠ ᠰᠢᠨ᠎ᠡ ᠡᠨᠧᠷᠬᠢ ᠶᠢᠨ ᠲᠤᠨᠤᠭ ᠳᠥᠬᠦᠭᠡᠷᠦᠮᠵᠢ ᠭᠡᠬᠦ ᠬᠤᠶᠠᠷ ᠶᠡᠭᠡ ᠬᠦᠷᠢᠶ᠎ᠡ ᠴᠡᠷᠠᠭ᠎ᠠ ᠳᠤ ᠳᠥᠪᠯᠡᠷᠡᠨ᠂ ᠲᠣᠰ ᠳᠥᠷᠦᠯ ᠵᠦᠢᠯ ᠤᠨ ᠶᠡᠷᠦᠩᠭᠡᠢ ᠪᠡᠯᠡ ᠣᠷᠣᠭᠤᠯᠥᠯᠳᠡ 3.42 ᠳ᠋ᠦᠩᠰᠢᠭᠤᠷ ᠳᠥᠬᠦᠷᠢᠭ ᠪᠠᠶᠢᠵᠤ ᠂ ᠭᠤᠤᠯᠳᠠᠭᠤ ᠦᠢᠯᠡᠳᠪᠦᠷᠢᠯᠡᠯ ᠤᠨ ᠳᠠᠰᠤᠭ᠂ ᠠᠯᠪᠠᠨ ᠠᠰᠠᠷ ᠪᠠ ᠬᠠᠮᠢᠶ᠎ᠠ ᠪᠦᠬᠦᠢ ᠦᠢᠯᠡᠳᠪᠦᠷᠢᠯᠡᠯ ᠤᠨ ᠳᠥᠬᠦᠭᠡᠷᠦᠮᠵᠢ ᠵᠢᠴᠢ ᠢᠵᠢ ᠪᠦᠷᠢᠳᠦᠬᠦᠯᠬᠦ ᠠᠯᠪᠠᠨ ᠤ ᠪᠠ ᠲᠤᠰᠠᠯᠠᠬᠤ ᠪᠡᠯᠡᠳᠭᠡᠮᠵᠢ ᠶᠢ ᠪᠠᠶᠢᠭᠤᠯᠵᠦ᠂ ᠵᠢᠯ ᠳᠤ 50000 ᠲᠣᠨ ᠣᠠᠠᠰᠠᠷᠡᠮᠡᠯ ᠮᠠᠶ᠋ᠢᠭ ᠤᠨ ᠪᠠᠷᠢᠯᠭ᠎ᠠ ᠶᠢᠨ ᠪᠤᠯᠥᠳ ᠪᠦᠳᠦᠴᠡ ᠪᠠ ᠰᠢᠨ᠎ᠡ ᠡᠨᠧᠷᠬᠢ ᠶᠢᠨ ᠢᠵᠢ ᠪᠦᠷᠢᠳᠦᠬᠦᠯᠬᠦ ᠪᠡᠯᠡᠳᠭᠡᠮᠵᠢ ᠳᠥᠬᠦᠭᠡᠷᠦᠮᠵᠢ ᠶᠢᠨ ᠦᠢᠯᠡᠳᠪᠦᠷᠢᠯᠡᠯ ᠤᠨ ᠭᠡᠪᠴᠢᠶ᠎ᠠ ᠶᠢ ᠪᠦᠷᠢᠯᠳᠦᠭᠦᠯᠪᠡ ᠃ ᠤᠯᠠᠮᠵᠢᠯᠠᠯᠲᠤ ᠪᠣᠯᠣᠳ ᠲᠡᠮᠦᠷ ᠤᠨ ᠪᠦᠲᠦᠴᠡ ᠶᠢᠨ ᠠᠵᠤ ᠦᠢᠯᠡᠰ ᠤᠨ ᠣᠶᠣᠨᠴᠢᠯᠠᠭᠰᠠᠨ  ᠳᠡᠰ ᠳᠡᠪᠰᠢᠯᠲᠡ ᠪᠣᠯᠬᠤ ᠪᠠᠷ ᠪᠠᠷᠠᠬᠤ ᠦᠭᠡᠢ ᠨᠠᠩ ᠴᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠯᠲᠡ ᠪᠣᠯᠬᠤ ᠪᠥᠭᠡᠳ ᠭᠠᠵᠠᠷ ᠣᠷᠣᠨ ᠤ ᠬᠡᠷᠡᠯ ᠴᠡᠨᠡᠭ ᠤᠨ ᠲᠤᠯᠭᠠᠭᠤᠷᠢ᠂ ᠰᠤᠪᠤᠷᠭᠠᠨ ᠲᠦᠩᠰᠡ ᠵᠡᠷᠭᠡ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠦᠢᠯᠡᠳᠬᠦᠨ ᠤ ᠬᠦᠷᠢᠶᠡᠨ ᠳᠠᠬᠢ ᠦᠢᠯᠡᠳᠪᠦᠷᠢᠯᠡᠬᠦ ᠴᠢᠳᠠᠪᠤᠷᠢ ᠶᠢᠨ ᠬᠤᠭᠤᠰᠣᠨ ᠢ ᠨᠥᠬᠦᠪᠥᠷᠢᠯᠡᠵᠦ᠂ ᠨᠠᠩ ᠴᠤ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠲᠠᠢ ᠭᠦᠨᠵᠡᠭᠡᠶ ᠠᠭᠤᠰᠤᠯᠴᠠᠬᠤ ᠪᠠᠷ ᠳᠠᠮᠵᠢᠨ ᠂ ᠭᠠᠵᠠᠷ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢ ᠤᠯᠠᠮ ᠨᠢᠭᠡ ᠠᠯᠬᠤᠮ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠤᠨ ᠨᠥᠯᠥᠭᠡᠯᠡᠬᠦ ᠬᠦᠴᠦᠨ ᠲᠠᠢ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠪᠣᠯᠤᠨ᠎ᠠ᠃        ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠦᠷᠭᠦᠯᠵᠢᠯᠡᠨ ᠢᠳᠡᠪᠬᠢᠲᠡᠶ ᠠᠬᠢᠭᠤᠯᠵᠤ᠂ ᠦᠢᠯᠡᠳᠪᠦᠷᠢᠯᠡᠵᠦ ᠪᠠᠶᠢᠭ᠎ᠠ᠂ ᠪᠠᠶᠢᠭᠤᠯᠵᠤ ᠪᠠᠶᠢᠭ᠎ᠠ᠂ ᠶᠠᠷᠢᠯᠴᠠᠵᠤ ᠪᠠᠶᠢᠭ᠎ᠠ ᠠᠵᠤ ᠠᠬᠤᠶᠢᠯᠠᠯ ᠳᠤ ᠨᠠᠷᠢᠯᠢᠭ ᠣᠨᠤᠪᠴᠢᠲᠠᠢ  ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠂ ᠪᠣᠳᠠᠲᠤ ᠠᠵᠢᠯᠯᠠᠭ᠎ᠠ ᠪᠠᠷ ᠢᠶᠠᠨ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠵᠦ᠂ ᠵᠠᠬ᠎ᠠ ᠳᠡᠯᠭᠡᠭᠦᠷ ᠢ ᠡᠷᠢᠵᠦ᠂ ᠠᠵᠤ ᠠᠬᠤᠶᠢᠯᠠᠯ ᠳᠤ ᠠᠵᠤ ᠦᠢᠯᠡᠰ ᠤᠨ ᠵᠢᠯᠣᠭᠤᠳᠣᠯᠭ᠎ᠠ ᠬᠢᠵᠦ᠂ ︽ᠤᠷᠢᠳᠠᠪᠠᠷ ᠦᠢᠯᠡᠴᠢᠯᠡᠵᠦ ᠂ ᠰᠠᠨᠠᠭᠠᠴᠢᠯᠠᠭ᠎ᠠ ᠠᠴᠠ ᠪᠠᠨ ᠳᠠᠭᠠᠬᠤ︾ ᠠᠵᠢᠯ ᠤᠨ ᠬᠠᠷᠠᠯᠲᠠ ᠶᠢ ᠲᠣᠭᠲᠠᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠡᠵᠡᠩᠨᠡᠬᠦ ᠳᠤᠮᠳᠠ ᠲᠤᠯᠭᠠᠷᠠᠭᠰᠠᠨ ᠡᠯ᠎ᠡ ᠲᠥᠷᠥᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠲᠠᠯ᠎ᠠ ᠠᠴᠠ ᠡᠭᠦᠰᠴᠦ᠂ ᠨᠠᠩ ᠰᠢᠯᠢᠳᠡᠭ ᠦᠢᠯᠡᠴᠢᠯᠡᠭᠡ ᠪᠠᠷ ᠨᠠᠩ ᠣᠯᠠᠨ ᠴᠢᠨᠠᠷ ᠰᠠᠶᠢᠲᠠᠶ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨᠨᠡᠮᠡᠷᠢᠯᠡᠵᠦ᠂ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号