ᠨᠢᠭᠡ ᠬᠤᠲᠠ ᠬᠥᠬᠡᠮᠳᠦᠭ ᠠᠭᠤᠯᠠ ᠨᠢᠭᠡ ᠬᠤᠲᠠ ᠨᠣᠭᠤᠭᠠᠨ
ᠨᠡᠶᠢᠲᠡᠯᠡᠭᠰᠡᠨ ᠴᠠᠭ᠄
2025/4/16
        ᠰᠢᠭᠤᠶᠢᠲᠤ᠂ ᠨᠢᠭᠡᠨ ᠤᠷᠲᠤ ᠤᠳᠠᠭᠠᠨ ᠲᠡᠦᠬᠡ ᠲᠠᠢ᠂ ᠰᠣᠶᠤᠯ ᠤᠨ ᠣᠯᠠᠨ ᠡᠰᠢᠲᠦ ᠵᠢᠵᠢᠭ ᠬᠤᠲᠠ᠃        ᠤᠷᠲᠤ ᠤᠳᠠᠭᠠᠨ ᠲᠡᠦᠬᠡ ᠶᠢᠨ ᠠᠶᠠᠨ ᠳᠤ ᠂ ᠠᠳᠡ ᠲᠡᠮᠦᠷ ᠬᠦᠯᠦᠭ ᠤᠨ ᠬᠢᠯᠢ ᠶᠢᠨ ᠪᠣᠭᠤᠮᠲᠠ ᠪᠣᠯᠬᠤ ᠪᠥᠭᠡᠳ ᠪᠠᠰᠠ ᠴᠤ ᠦᠨᠳᠦᠰᠦᠲᠡᠨ ᠤ ᠠᠭᠤᠰᠤᠯᠴᠠᠯ ᠤᠨ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠨ᠎ᠠ᠃        ᠬᠤᠪᠢᠰᠬᠠᠯᠲᠤ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠣᠷᠳᠣ ᠴᠠᠭᠠᠨ ᠬᠡᠷᠡᠮ ᠤᠨ ᠰᠣᠶᠣᠯ ᠵᠢᠴᠢ ᠪᠠᠷᠠᠭᠤᠨᠰᠢ ᠨᠡᠭᠦᠳᠡᠯᠯᠡᠬᠦ ᠰᠣᠶᠣᠯ᠂ ᠠᠭᠤᠷᠬᠠᠶ ᠶᠢᠨ ᠰᠣᠶᠣᠯ ᠠᠳᠡ ᠣᠯᠠᠨ ᠡᠰᠢᠲᠦ ᠰᠣᠯᠪᠢᠯᠴᠢᠨ ᠂ ᠠᠭᠤᠰᠤᠯᠴᠠᠨ ᠬᠥᠭᠵᠢᠵᠦ᠂ ᠰᠢᠭᠤᠶᠢᠲᠤ ᠲᠣᠭᠤᠷᠢᠭ ᠤᠨ ᠰᠣᠶᠣᠯ ᠤᠨ ᠣᠨᠴᠠ ᠴᠢᠨᠠᠷ ᠢ ᠪᠣᠶ ᠪᠣᠯᠭᠠᠪᠠ᠃        ᠤᠷᠲᠤ ᠴᠠᠭᠠᠨ ᠬᠡᠷᠡᠮ ᠤᠨ ᠮᠢᠩᠭᠠᠨ ᠵᠢᠯ ᠤᠨ  ᠰᠣᠶᠣᠯ ᠲᠡᠦᠬᠡ
图片1.png
        ︽ᠮᠣᠷᠢ ᠤᠨᠤᠵᠤ ᠬᠣ᠋ ᠬᠤᠪᠴᠠᠰᠤ ᠡᠮᠦᠰᠴᠦ ᠰᠦᠷ ᠵᠢᠪᠬᠤᠯᠠᠩᠲᠤ ᠤᠮᠠᠷᠠᠲᠤ ᠬᠢᠯᠢ ᠶᠢ ᠫᠤᠤᠳᠠᠨ ᠬᠠᠷᠪᠤᠵᠤ᠂ ᠪᠠᠭᠠᠲᠤᠷ ᠡᠤ ᠯᠢᠩ ᠸᠠᠩ ᠁︾᠃ 1961 ᠣᠨ ᠳᠤ ᠠᠯᠳᠠᠷᠲᠤ  ᠲᠡᠦᠬᠡ ᠶᠢᠨ ᠤᠬᠠᠭᠠᠨᠲᠠᠨ ᠵᠢᠶᠠᠨ ᠪᠦᠸᠧ ᠽᠠᠨ ᠤᠯᠠᠭᠠᠨᠬᠦᠦ ᠶᠢᠨ ᠤᠷᠢᠯᠭ᠎ᠠ ᠪᠠᠷ ᠦᠪᠦᠷ ᠮᠣᠩᠭᠤᠯ ᠳᠤ  ᠠᠶᠢᠯᠴᠢᠯᠠᠯᠲᠠ ᠬᠢᠵᠦ ᠪᠣᠭᠤᠲᠤ ᠬᠤᠲᠠ ᠶᠢᠨ ᠵᠣᠣ ᠤᠯᠤᠰ ᠤᠨ ᠤᠷᠲᠤ ᠴᠠᠭᠠᠨ ᠬᠡᠷᠡᠮ ᠤᠨ ᠪᠠᠭᠤᠷᠢ ᠳᠤ  ᠭᠠᠷᠬᠤ ᠳᠤ᠂ ︽ᠳᠠᠯᠠᠨ ᠬᠠᠷ᠎ᠠ ᠠᠭᠤᠯᠠ ᠠᠪᠠᠷᠢᠵᠤ ᠵᠤᠤ ᠤᠯᠤᠰ ᠤᠨ ᠣᠷᠲᠣ ᠴᠠᠭᠠᠨ ᠬᠡᠷᠡᠮ ᠤᠨ  ᠪᠠᠭᠤᠷᠢ ᠶᠢ ᠦᠵᠡᠬᠦ  ︾ ᠭᠡᠬᠦ ᠰᠢᠯᠦᠭ ᠢ ᠪᠢᠴᠢᠵᠡᠢ᠃ ᠡᠨᠡ ᠬᠦ ︽ᠬᠠᠮᠤᠭ ᠤᠨ ᠡᠷᠲᠡᠨ ᠤ ᠤᠷᠲᠤ ᠴᠠᠭᠠᠨ ᠬᠡᠷᠡᠮ︾ ᠭᠡᠵᠦ ᠨᠡᠷᠡᠯᠡᠭᠳᠡᠭᠰᠡᠨ ᠪᠠᠭᠤᠷᠢ ᠨᠢ ᠮᠥᠨ ᠰᠢᠭᠤᠶᠢᠲᠤ ᠲᠣᠭᠤᠷᠢᠭ ᠤᠨ ᠬᠠᠮᠤᠭ ᠤᠨ ᠢᠯᠡ ᠲᠣᠳᠣ ᠰᠣᠶᠣᠯ ᠤᠨ ᠪᠡᠯᠭᠡ ᠲᠡᠮᠳᠡᠭ ᠪᠣᠯᠵᠠᠶ᠃        ᠪᠤᠭᠤᠲᠤ ᠶᠢᠨ ᠣᠷᠣᠨ ᠨᠤᠲᠤᠭ ᠤᠨ ᠲᠡᠦᠬᠡ ᠰᠣᠶᠣᠯ ᠤᠨ ᠡᠷᠳᠡᠮᠲᠡᠨ ᠹᠠᠩ   ᠶᠢᠨ ᠯᠢᠶᠠᠩ ᠤᠨ ᠳᠠᠭᠠᠭᠤᠯᠭ᠎ᠠ ᠳᠣᠣᠷ᠎ᠠ᠂ ᠪᠢᠳᠡ ᠵᠢᠶᠠᠨ ᠪᠦᠸᠧ ᠽᠠᠨ ᠤ ᠪᠢᠷ ᠤᠨ ᠳᠣᠣᠷᠠᠬᠢ ᠡᠨᠡ ᠬᠦ ︽ᠵᠥᠪᠬᠡᠨ ᠬᠠᠮᠬᠤᠤᠯ ᠤᠷᠭᠤᠭᠰᠠᠨ ᠬᠠᠭᠠᠰ ᠬᠡᠷᠡᠮ ︾ ᠤᠨ ᠡᠷᠲᠡᠨ ᠤ ᠤᠷᠲᠤ ᠴᠠᠭᠠᠨ ᠬᠡᠷᠡᠮ — ᠰᠢᠭᠤᠶᠢᠲᠤ ᠶᠢᠨ ᠵᠣᠣ ᠤᠯᠤᠰ ᠤᠨ ᠤᠷᠲᠤ ᠴᠠᠭᠠᠨ ᠬᠡᠷᠡᠮ ᠤᠨ ᠪᠠᠭᠤᠷᠢ ᠶᠢ ᠳᠠᠬᠢᠨ ᠰᠤᠷᠪᠤᠯᠵᠢᠯᠠᠪᠠ᠃ 2300 ᠭᠠᠷᠤᠶ ᠵᠢᠯ ᠤᠨ ᠲᠡᠤᠬᠡ ᠲᠠᠢ ᠡᠨᠡ ᠬᠡᠰᠡᠭ ᠤᠷᠲᠤ ᠴᠠᠭᠠᠨ ᠬᠡᠷᠡᠮ ᠨᠢ ᠪᠠᠶᠢᠯᠳᠤᠭᠠᠨᠲᠤ ᠤᠯᠤᠰ ᠤᠨ ᠦᠶ᠎ᠡ ᠶᠢᠨ ᠵᠣᠣ ᠡᠤ ᠯᠢᠩ ᠸᠠᠩ ᠤᠯᠤᠰ ᠤᠨ ᠤᠮᠠᠷᠠᠲᠤ ᠬᠡᠰᠡᠭ ᠲᠤ ᠪᠠᠶᠢᠭᠤᠯᠤᠭᠰᠠᠨ ᠪᠣᠯᠬᠤᠷ ᠪᠠᠰᠠ ᠵᠣᠣ ᠤᠯᠤᠰ ᠤᠨ ᠤᠮᠠᠷᠠᠲᠤ ᠤᠷᠲᠤ  ᠴᠠᠭᠠᠨ ᠬᠡᠷᠡᠮ ᠭᠡᠵᠦ ᠨᠡᠷᠡᠯᠡᠭᠳᠡᠭᠰᠡᠨ ᠪᠠᠶᠢᠨ᠎ᠠ᠃        ᠬᠡᠷᠡᠮ ᠭᠤᠣᠯ ᠤᠨ ᠳᠣᠲᠤᠷᠠᠬᠢ ᠬᠤ᠋ ᠬᠤᠪᠴᠠᠰᠤ ᠡᠮᠦᠰᠴᠦ ᠬᠠᠷᠪᠤᠬᠤ ᠲᠠᠯᠠᠪᠠᠢ ᠠᠴᠠ ᠂ ᠦᠩᠭᠡᠶᠢᠨ ᠬᠠᠷᠠᠬᠤ ᠳᠤ᠂ ᠬᠡᠰᠡᠭ ᠬᠡᠰᠡᠭ ᠰᠢᠷ᠎ᠠ ᠰᠢᠷᠣᠢ ᠪᠠᠷ ᠬᠠᠩᠳᠠᠨ ᠪᠠᠷᠢᠭᠰᠠᠨ ᠤᠷᠲᠤ ᠴᠠᠭᠠᠨ ᠬᠡᠷᠡᠮ᠂ ᠬᠡᠰᠡᠭ ᠲᠠᠰᠤᠯᠤᠭᠳᠠᠵᠤ ᠬᠡᠰᠡᠭ ᠦᠷᠭᠦᠯᠵᠢᠯᠡᠭᠰᠡᠭᠡᠷ ᠠᠭᠤᠯᠠᠨ ᠳᠤᠮᠳᠠ  ᠵᠠᠪᠰᠠᠷᠯᠠᠭᠳᠠᠵᠤ ᠰᠦᠷᠯᠢᠭ ᠰᠠᠶᠢᠬᠠᠨ᠃ ᠰᠢᠭᠤᠶᠢᠲᠤ ᠬᠢᠵᠠᠭᠠᠷ ᠳᠣᠲᠣᠷᠠᠬᠢ ᠵᠣᠣ ᠤᠯᠤᠰ ᠤᠨ  ᠤᠮᠠᠷᠠᠲᠤ ᠤᠷᠲᠤ ᠴᠠᠭᠠᠨ ᠬᠡᠷᠡᠮ ᠨᠢ ᠮᠤᠨᠢ ᠠᠭᠤᠯᠠ ᠲᠠᠢ ᠬᠦᠷᠰᠢᠯᠡᠵᠦ᠂ ᠮᠣᠭᠠᠢ ᠮᠡᠲᠦ ᠰᠦᠯᠵᠢᠯᠳᠦᠵᠦ ᠂ ᠪᠦᠬᠦ ᠤᠷᠲᠤ ᠨᠢ ᠪᠠᠷᠤᠭ 20 ᠺᠢᠯᠣᠮᠧᠲᠷ ᠪᠠᠶᠢᠵᠤ ᠂ ᠵᠣᠣ ᠤᠯᠤᠰ ᠤᠨ  ᠤᠮᠠᠷᠠᠲᠤ ᠤᠷᠲᠤ ᠴᠠᠭᠠᠨ ᠬᠡᠷᠡᠮ ᠤᠨ ᠪᠤᠭᠤᠲᠤ ᠶᠢᠨ ᠬᠡᠰᠡᠭ ᠤᠨ ᠬᠠᠮᠤᠭ ᠤᠨ ᠰᠣᠳᠣᠨ ᠬᠡᠰᠡᠭ  ᠪᠣᠯᠤᠨ᠎ᠠ ᠭᠡᠵᠦ ᠹᠠᠩ ᠶᠢᠨ ᠯᠢᠶᠠᠩ ᠲᠠᠨᠢᠯᠴᠠᠭᠤᠯᠪᠠ ᠃        ︽ᠰᠤᠳᠤᠷ ᠳᠡᠮᠳᠡᠭᠯᠡᠯ · ᠾᠦᠩᠨᠦ ᠶᠢᠨ ᠨᠠᠮᠲᠠᠷ︾ ᠲᠤ ᠲᠡᠮᠳᠡᠭᠯᠡᠭᠰᠡᠨ ᠢᠶᠠᠷ᠄ ︽ᠵᠤᠤ ᠦ᠋ ᠯᠢᠩ ᠸᠠᠩ ᠪᠠᠰᠠ ᠵᠠᠩᠰᠢᠯ ᠢᠶᠠᠨ ᠪᠤᠯᠢᠵᠦ᠂ ᠨᠠᠮᠨᠠᠵᠦ ᠬᠠᠷᠪᠤᠬᠤ ᠶᠢ ᠰᠤᠷᠴᠤ ᠂ ᠬᠤᠶᠢᠳᠦ ᠲᠠᠯ᠎ᠠ ᠨᠢ ᠯᠢᠨ ᠬᠤ᠋ ᠪᠤᠯᠤᠨ ᠯᠸᠤ ᠹᠠᠨ ᠢ ᠤᠯᠵᠦ᠂ ᠤᠷᠳᠤ ᠴᠠᠭᠠᠨ ᠬᠡᠷᠡᠮ ᠢ ᠪᠠᠷᠢᠵᠦ᠂ ᠦᠶ᠎ᠡ ᠣᠷᠣᠯᠠᠨ ᠮᠤᠨᠢ ᠠᠭᠤᠯᠠᠨ ᠠᠴᠠ ᠪᠠᠭᠤᠵᠦ ᠦᠭᠭᠢᠶᠡᠮᠦᠷᠴᠢ ᠭᠠᠵᠠᠷ ᠪᠤᠯᠭᠠᠵᠠᠢ︾᠃        ᠲᠡᠷᠲᠡᠭᠡ ᠦᠶ᠎ᠡ ᠳᠤ ᠵᠤᠤ ᠡᠤ ᠯᠢᠩ ᠸᠠᠩ ᠪᠤᠭᠤᠳᠤ ᠤᠷᠤᠨ ᠳᠤ ᠤᠷᠳᠤ ᠴᠠᠭᠠᠨ ᠬᠡᠷᠡᠮ ᠪᠠᠷᠢᠵᠤ᠂ ᠬᠤ᠋ ᠬᠤᠪᠴᠠᠰᠤ ᠡᠮᠤᠰᠴᠦ᠂ ᠨᠠᠮᠨᠠᠵᠤ ᠬᠠᠷᠪᠤᠨ ᠂ ᠠᠲᠠᠷ ᠬᠠᠭᠠᠯᠪᠤᠷᠢᠯᠠᠵᠦ  ᠲᠠᠷᠢᠶᠠᠯᠠᠨ ᠂ ᠲᠤᠮᠳᠠᠳᠤ ᠤᠷᠤᠨ ᠤ ᠰᠤᠶᠤᠯ ᠢ ᠡᠨᠡ ᠬᠦ ᠡᠷᠲᠡᠨ ᠤ ᠡᠬᠡ ᠭᠠᠵᠠᠷ ᠲᠤ ᠨᠡᠪᠴᠢᠬᠦᠯᠵᠠᠢ᠃        ︽ ᠬᠤ᠋ ᠬᠤᠪᠴᠠᠰᠤ ᠡᠮᠦᠰᠴᠦ ᠬᠠᠷᠪᠤᠬᠤ ︾ ᠥᠭᠡᠷᠡᠴᠢᠯᠡᠯᠲᠡ ᠨᠢ ᠳᠤᠮᠳᠠᠳᠤ ᠤᠯᠤᠰ ᠤᠨ ᠴᠡᠷᠢᠭ ᠤᠨ ᠶᠠᠪᠤᠳᠠᠯ ᠤᠨ ᠲᠡᠦᠬᠡᠨ ᠳᠤ ᠠᠯᠤᠰ ᠬᠡᠲᠦ ᠶᠢᠨ ᠨᠥᠯᠥᠭᠡ ᠦᠵᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠢᠭᠡ ᠤᠳᠠᠭ᠎ᠠ ᠶᠢᠨ ᠳᠤᠮᠳᠠᠳᠤ ᠤᠷᠤᠨ ᠤ ᠦᠨᠳᠦᠰᠦᠲᠡᠨ ᠪᠠ ᠤᠮᠠᠷᠠᠲᠤ ᠤᠷᠤᠨ ᠤ ᠦᠨᠳᠦᠰᠦᠲᠡᠨ ᠤ ᠬᠤᠭᠤᠷᠤᠨᠳᠤᠬᠢ ᠰᠣᠶᠣᠯ ᠤᠨ ᠠᠭᠤᠰᠤᠯᠴᠠᠯ ᠤᠨ ᠠᠭᠤᠤ ᠶᠡᠭᠡ ᠬᠠᠷᠢᠯᠴᠠᠭ᠎ᠠ ᠪᠤᠯᠬᠤ ᠪᠤᠯᠤᠨ᠎ᠠ᠃ ᠡᠨᠡ ᠬᠦ ᠠᠭᠤᠰᠤᠯᠲᠠ ᠡᠬᠢᠯᠡᠮᠡᠭᠴᠡ ᠲᠡᠦᠬᠡ ᠶᠢᠨ ᠤᠷᠲᠤ  ᠠᠶᠠᠨ ᠳᠤ ᠠᠮᠢᠨ ᠰᠤᠳᠠᠰᠤ ᠦᠯᠡᠳᠡᠭᠡᠬᠦ ᠪᠣᠯᠤᠨ᠎ᠠ ᠃        ᠰᠢᠭᠤᠶᠢᠲᠤ ᠲᠣᠭᠤᠷᠢᠭ ︽ᠲᠠᠯ᠎ᠠ ᠨᠤᠲᠤᠭ ᠤᠨ ᠠᠭᠤᠯᠠᠨ ᠬᠤᠲᠠ︾ ᠬᠡᠮᠡᠭᠳᠡᠵᠦ᠂ ᠮᠤᠨᠢ ᠠᠭᠤᠯᠠ ᠨᠢᠷᠤᠭᠤᠨ ᠤ ᠳᠤᠮᠳᠠ ᠬᠡᠰᠡᠭ᠂ ᠳᠠᠯᠠᠨ ᠬᠠᠷ᠎ᠠ ᠠᠭᠤᠯᠠ ᠶᠢᠨ ᠬᠤᠷᠮᠣᠢ ᠳᠤ ᠪᠠᠢᠷᠢᠯᠠᠵᠤ ᠂ ᠲᠦᠷᠪᠡᠨ ᠲᠠᠯ᠎ᠠ ᠪᠠᠷ ᠨᠢ ᠠᠭᠤᠯᠠ ᠬᠦᠷᠢᠶᠡᠯᠡᠵᠦ᠂ ᠳᠤᠮᠳᠠ ᠬᠡᠰᠡᠭ ᠲᠤ ᠪᠠᠨ ᠭᠤᠣ ᠵᠢᠯᠠᠭ᠎ᠠ ᠵᠠᠯᠭᠠᠯᠳᠤᠭᠰᠠᠨ ᠰᠢᠷ᠎ᠠ ᠬᠥᠷᠥᠰᠥᠲᠦ ᠳᠣᠪᠤᠷᠬᠠᠭ ᠪᠤᠢ ᠃        ᠲᠡᠦᠬᠡᠨ ᠳᠤ᠂ ᠠᠳᠡ ᠪᠠᠶᠢᠭᠠᠯᠢ ᠶᠢᠨ ᠭᠠᠵᠠᠷ ᠵᠦᠢ ᠶᠢᠨ ᠴᠢᠬᠤᠯᠠ ᠵᠠᠭᠠᠭ ᠱᠤᠭᠤᠮ ᠪᠣᠯᠬᠤ ᠪᠠᠷ ᠪᠠᠷᠠᠬᠤ ᠦᠭᠡᠢ᠂ ᠨᠡᠩ ᠴᠤ ᠲᠠᠷᠢᠶᠠᠯᠠᠬᠤ ᠰᠣᠶᠣᠯ ᠪᠣᠯᠤᠨ ᠲᠠᠯ᠎ᠠ ᠨᠤᠲᠤᠭ ᠤᠨ ᠰᠣᠶᠣᠯ ᠤᠨ ᠮᠥᠷᠭᠦᠯᠳᠦᠭᠰᠡᠨ ᠤᠯᠠᠨ ᠡᠰᠢᠲᠦ ᠰᠣᠶᠣᠯ ᠤᠨ ᠠᠭᠤᠰᠤᠯᠴᠠᠯ ᠤᠨ ᠪᠦᠰᠡ ᠪᠣᠯᠤᠨ᠎ᠠ᠃ ᠮᠢᠩ ᠤᠯᠤᠰ ᠠᠴᠠ ᠡᠮᠦᠨ᠎ᠡ ᠰᠢᠭᠤᠶᠢᠳᠤ ᠲᠣᠭᠤᠷᠢᠭ  ᠨᠢ ᠤᠮᠠᠷᠠᠲᠤ ᠶᠢᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠮᠠᠯᠵᠢᠯ ᠤᠨ ᠭᠠᠵᠠᠷ ᠪᠠᠶᠢᠵᠠᠢ᠃ ᠮᠢᠩ ᠤᠯᠤᠰ ᠤᠨ ᠡᠬᠢᠨ ᠤ ᠣᠨ ᠳᠤ ᠮᠢᠩ ᠤᠯᠤᠰ ᠤᠨ ᠲᠠᠶᠢᠽᠦ ᠴᠡᠷᠢᠭ ᠲᠣᠮᠢᠯᠠᠨ ᠤᠮᠠᠷᠠᠰᠢ ᠮᠤᠨᠢ ᠠᠭᠤᠯᠠᠨ ᠠᠴᠠ ᠡᠮᠦᠨᠡᠰᠢᠬᠢ ᠶᠢ ᠳᠠᠶᠢᠯᠠᠵᠤ᠂ ᠰᠢᠭᠤᠶᠢᠲᠤ ᠲᠣᠭᠤᠷᠢᠭ ᠲᠤ ᠬᠢᠲᠠᠳ ᠬᠥᠮᠥᠨ ᠨᠡᠭᠦᠵᠦ ᠢᠷᠡᠵᠦ ᠨᠤᠲᠤᠭᠯᠠᠵᠠᠢ᠃        ᠴᠢᠩ ᠤᠯᠤᠰ ᠤᠨ ᠡᠶᠡᠪᠡᠷ ᠵᠠᠰᠠᠭᠴᠢ ᠶᠢᠨ ᠶᠢᠰᠦᠳᠦᠭᠡᠷ ᠣᠨ ︵1652 ᠣᠨ︶ ᠳᠤ ᠬᠤᠷᠴᠢᠨ ᠤ ᠲᠠᠯ᠎ᠠ ᠨᠤᠲᠤᠭ ᠤᠨ ᠨᠢᠭᠡ ᠪᠦᠯᠦᠭ ᠮᠣᠩᠭᠤᠯ ᠬᠥᠮᠥᠨ ᠤᠳᠠᠨ ᠭᠤᠤ᠂ ᠱᠦᠢ  ᠵᠢᠶᠠᠨ ᠭᠸᠦ ᠂ ᠬᠠᠯᠢᠭᠤ ᠶᠢᠨ ᠭᠤᠤ ᠣᠷᠴᠢᠮ ᠳᠤ ᠨᠡᠭᠦᠪᠡ᠃ ᠡᠩᠬᠡ ᠠᠮᠤᠭᠤᠯᠠᠩ ᠤᠨ ᠦᠶ᠎ᠡ  ᠪᠣᠯᠬᠤ ᠳᠤ ᠰᠢᠭᠤᠶᠢᠲᠤ ᠲᠣᠭᠤᠷᠢᠭ ᠲᠤ ᠮᠣᠩᠭᠤᠯ᠂ ᠬᠢᠲᠠᠳ ᠬᠤᠯᠢᠯᠳᠤᠨ ᠰᠠᠭᠤᠭᠰᠠᠨ ᠲᠣᠰᠬᠤᠨ ᠠᠭᠠᠵᠢᠮ ᠢᠶᠠᠷ ᠪᠤᠢ ᠪᠣᠯᠪᠠ᠃        ᠡᠳᠦᠭᠡ᠂ ᠲᠡᠦᠬᠡ ᠶᠢᠨ ᠳᠣᠬᠢᠶᠠᠨ ᠤ ᠤᠲᠤᠭ᠎ᠠ ᠠᠯᠢ ᠡᠷᠲᠡ ᠪᠤᠲᠠᠷᠠᠵᠤ᠂ ᠪᠢᠳᠡᠨ ᠳᠤ ᠪᠣᠯᠪᠠᠰᠤᠨ ᠠᠭᠤᠰᠤᠯᠴᠠᠭᠰᠠᠨ ᠡᠯᠪᠡᠭ ᠪᠠᠶᠠᠯᠢᠭ ᠦᠷ᠎ᠡ ᠪᠦᠲᠦᠭᠡᠯ ᠦᠯᠡᠳᠡᠭᠡᠵᠡᠢ ᠃  2023 ᠣᠨ ᠳᠤ ᠰᠢᠭᠤᠶᠢᠲᠤ ᠲᠣᠭᠤᠷᠢᠭ ᠤᠨ ᠵᠣᠣ ᠤᠯᠤᠰ ᠤᠨ ᠤᠮᠠᠷᠠᠲᠤ ᠶᠢᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠥᠷᠥᠯ ᠵᠦᠢᠯ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠲᠦᠯᠦᠪᠵᠢᠭᠦᠯᠭᠡ ᠶᠢᠨ ᠬᠤᠭᠤᠴᠠᠭᠠᠨ ᠳᠠᠬᠢ ᠰᠣᠶᠣᠯ ᠢ ᠬᠠᠮᠠᠭᠠᠯᠠᠨ ᠤᠯᠠᠮᠵᠢᠯᠠᠵᠤ ᠠᠰᠢᠭᠯᠠᠬᠤ ᠢᠨᠵᠧᠨᠧᠷᠢᠩ ᠤᠨ ᠲᠥᠷᠥᠯ ᠵᠦᠢᠯ ᠤᠨ ᠬᠥᠮᠥᠷᠭᠡ ᠳᠤ ᠠᠮᠵᠢᠯᠲᠠ ᠲᠠᠢ ᠣᠷᠣᠭᠤᠯᠵᠤ᠂ ᠰᠢᠭᠤᠶᠢᠲᠤ ᠲᠣᠭᠤᠷᠢᠭ ᠴᠢᠨᠠᠭᠰᠢᠯᠠᠪᠠᠯ ᠪᠤᠭᠤᠲᠤ ᠬᠤᠲᠠ ᠶᠢᠨ ᠪᠠᠶᠢᠭᠤᠯᠤᠭᠰᠠᠨ ᠴᠣ ᠰᠢᠨ᠎ᠡ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠪᠣᠯᠪᠠ ᠃        ᠨᠡᠭᠦᠷᠡᠰᠦ ᠪᠠᠷ ᠬᠦᠭᠵᠢᠨ ᠮᠠᠨᠳᠤᠵᠤ   ᠵᠠᠭᠤᠨ ᠵᠢᠯ ᠴᠡᠴᠡᠭᠯᠡᠪᠡ
图片2.png
        ᠤᠤᠯ ᠤᠨ ᠪᠤᠭᠤᠲᠤ ᠶᠢᠨ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯ ᠠᠴᠠ ᠪᠠᠨ ᠠᠮᠠᠷᠠᠭᠰᠠᠨ ᠠᠵᠢᠯᠲᠠᠨ ᠯᠢᠦ ᠬᠤ᠋ ᠸᠧᠢ ᠦᠷᠭᠦᠯᠵᠢ  ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠰᠢᠭᠤᠶᠢᠲᠤ ᠶᠢᠨ ᠬᠠᠭᠤᠴᠢᠨ ᠬᠤᠲᠠ ᠳᠤ ᠬᠦᠷᠴᠦ ᠦᠵᠡᠳᠡᠭ᠃ ᠨᠡᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠨᠢᠭᠡ ᠦᠵᠦᠭᠦᠷ ᠨᠢ᠂ ᠲᠡᠭᠦᠨ ᠤ ᠠᠵᠢᠯᠯᠠᠵᠤ ᠠᠮᠢᠳᠤᠷᠠᠭᠠᠳ ᠬᠠᠭᠠᠰ ᠨᠠᠰᠤ ᠬᠦᠷᠦᠭᠰᠡᠨ ᠰᠢᠭᠤᠶᠢᠲᠤ ᠶᠢᠨ ᠬᠠᠭᠤᠴᠢᠨ ᠲᠣᠭᠤᠷᠢᠭᠪᠣᠯᠤᠨ᠎ᠠ︔ ᠨᠥᠭᠦᠭᠡ ᠦᠵᠦᠭᠦᠷ ᠨᠢ ᠰᠢᠨ᠎ᠡ ᠲᠣᠭᠤᠷᠢᠭ ᠲᠤ ᠨᠡᠭᠦᠭᠰᠡᠨ ᠬᠤᠲᠠ ᠰᠢᠨ᠎ᠡ ᠭᠡᠷ  ᠨᠢ ᠪᠣᠯᠤᠨ᠎ᠠ ᠃ ᠡᠨᠡ ᠨᠢ ᠮᠥᠨ ᠴᠦ ᠰᠢᠭᠤᠶᠢᠲᠤ ᠶᠢᠨ ᠬᠠᠭᠤᠴᠢᠨ ᠲᠣᠭᠤᠷᠢᠭ ᠤᠨ ᠬᠡᠳᠦᠨ ᠲᠦᠮᠡᠨ ᠠᠵᠢᠯᠲᠠᠨ ᠤ ᠬᠥᠮᠦᠨ ᠤ ᠠᠮᠢᠳᠤᠷᠠᠯ ᠤᠨ ᠵᠠᠮ ᠤᠨ ᠬᠤᠷᠢᠶᠠᠩᠭᠤᠢ ᠳᠦᠷᠰᠦ ᠪᠣᠯᠤᠨ᠎ᠠ ᠃        ᠡᠳᠦᠭᠡ᠂ ᠬᠦᠮᠦᠨ ᠨᠢ ᠨᠡᠭᠦᠵᠦ ᠠᠰᠠᠷ  ᠨᠢ ᠬᠤᠭᠤᠰᠤᠷᠠᠭᠰᠠᠨ ᠰᠢᠭᠤᠶᠢᠲᠤ ᠶᠢᠨ ᠬᠠᠭᠤᠴᠢᠨ ᠲᠣᠭᠤᠷᠢᠭ ᠲᠤ ᠂ ᠮᠥᠨ ᠯᠡ ᠥᠩᠭᠡᠷᠡᠭᠰᠡᠨ ᠤ ᠬᠦᠷ ᠬᠥᠭᠵᠢᠶᠡᠨ ᠲᠠᠢ ᠦᠢᠯᠡᠳᠪᠦᠷᠢᠯᠡᠯ ᠤᠨ ᠪᠠᠶᠢᠳᠠᠯ ᠢ ᠡᠷᠭᠢᠴᠡᠭᠦᠯᠵᠦ ᠳᠡᠶᠢᠯᠦᠨ᠎ᠡ — ᠾᠧ ᠲᠠᠨ ᠭᠸᠤ ᠨᠡᠭᠦᠷᠡᠰᠦᠨ ᠠᠭᠤᠷᠬᠠᠢ ᠶᠢᠨ ᠬᠠᠭᠤᠴᠢᠨ ᠪᠠᠭᠤᠷᠢ ᠳᠤ ᠰᠡᠬᠦ᠋ᠢᠨ ᠰᠦᠨᠳᠡᠷᠯᠡᠵᠦ ᠪᠠᠶᠢᠭ᠎ᠠ ᠬᠤᠶᠠᠷ ᠬᠤᠳᠳᠤᠭ ᠤᠨ ᠵᠢᠶᠠᠰᠠ ᠨᠢ ᠮᠥᠨ ᠬᠦ ᠪᠤᠭᠤᠲᠤ ᠶᠢᠨ ᠬᠠᠮᠤᠭ ᠤᠨ ᠥᠨᠳᠥᠷ ᠬᠤᠳᠳᠤᠭ ᠤᠨ ᠵᠢᠶᠠᠰᠠ ᠪᠣᠯᠤᠨ᠎ᠠ ︔ ᠪᠠᠢ ᠬᠤ᠋ ᠭᠧᠦ ᠶᠢᠨ ᠬᠠᠶᠠᠭᠳᠠᠭᠰᠠᠨ ᠨᠠᠩᠭᠢ ᠰᠢᠷᠣᠢ ᠶᠢᠨ ᠠᠭᠤᠷᠬᠠᠢ ᠶᠢᠨ ᠨᠦᠬᠡ ᠪᠣᠯᠤᠨ ᠠᠵᠢᠯᠳᠠᠨ ᠠᠵᠢᠯᠴᠢᠨ ᠤ ᠪᠠᠶᠢᠷᠢ ᠳᠤ ᠥᠩᠭᠡᠷᠡᠭᠰᠡᠨ ᠳᠤ ᠬᠡᠳᠦᠨ ᠮᠢᠩᠭᠠᠨ ᠠᠭᠤᠷᠬᠠᠢ ᠶᠢᠨ ᠠᠵᠢᠯᠴᠢᠨ ᠠᠵᠢᠯᠯᠠᠵᠤ ᠠᠮᠢᠳᠤᠷᠠᠵᠤ ᠪᠠᠶᠢᠵᠠᠢ︔ 1000 ᠮᠧᠲᠷ ᠤᠷᠳᠤ ᠳ᠋ᠠ ᠹᠠ ᠵᠡᠭᠡᠯᠢ ᠭᠤᠳᠤᠮᠵᠢ ᠶᠢᠨ ᠬᠤᠶᠠᠷ ᠬᠠᠵᠠᠭᠤ ᠪᠠᠷ ᠬᠠᠩᠭᠠᠨ ᠪᠣᠷᠣᠯᠠᠭᠤᠯᠬᠤ ᠬᠤᠷᠰᠢᠶ᠎ᠠ᠂ ᠭᠡᠷᠡᠯ ᠵᠢᠷᠤᠭ ᠤᠨ ᠣᠷᠳᠣᠨ ᠪᠣᠯᠤᠨ ᠬᠤᠳᠠᠯᠳᠤᠭᠠᠨ ᠤ ᠫᠦᠰᠡ ᠲᠠᠷᠬᠠᠵᠤ ᠂ ᠥᠩᠭᠡᠷᠡᠭᠡᠭᠰᠡᠨ ᠤ ᠴᠡᠴᠡᠭᠯᠡᠨ ᠬᠥᠭᠵᠢᠭᠰᠡᠨ ᠬᠡᠮᠵᠢᠶ᠎ᠡ ᠨᠢ ᠬᠤᠳᠠ ᠶᠢᠨ ᠲᠣᠭᠤᠷᠢᠭ ᠠᠴᠠ ᠵᠦᠷᠢᠬᠦ ᠦᠭᠡᠢ ᠁ ᠪᠢᠳᠡᠨ ᠢ ᠳᠠᠭᠠᠭᠤᠯᠤᠨ ᠬᠠᠭᠤᠴᠢᠨ ᠭᠠᠵᠠᠷ  ᠢ ᠳᠠᠬᠢᠨ ᠡᠷᠭᠢᠴᠡᠭᠦᠯᠦᠭᠰᠡᠨ ᠯᠢᠦ ᠬᠤ᠋ ᠸᠧᠶ᠄ ᠨᠡᠭᠦᠷᠡᠰᠦᠨ ᠤ ᠠᠵᠤ ᠦᠢᠯᠡᠰ ᠤᠨ ᠬᠥᠭᠵᠢᠯᠲᠡ ᠳᠤᠮᠳᠠ᠂ ᠬᠡᠳᠦᠨ ᠦᠶ᠎ᠡ ᠶᠢᠨ ᠠᠭᠤᠷᠬᠠᠢ ᠶᠢᠨ ᠠᠵᠢᠯᠴᠢᠨ ᠤ ᠪᠠᠷ᠎ᠠ ᠬᠠᠷᠠᠭᠳᠠᠨ᠎ᠠ ᠭᠡᠪᠡ ᠃        ᠰᠢᠭᠤᠶᠢᠲᠤ ᠪᠣᠯ ᠨᠡᠭᠦᠷᠡᠰᠦᠨ ᠤ ᠲᠦᠯᠦᠭᠡ ᠪᠠᠶᠢᠭᠤᠯᠤᠭᠰᠠᠨ ᠂ ᠨᠡᠭᠦᠷᠡᠰᠦ ᠪᠠᠷ ᠬᠥᠭᠵᠢᠭᠰᠡᠨ ᠤᠯᠠᠮᠵᠢᠯᠠᠯᠲᠤ ᠡᠬᠢ ᠪᠠᠶᠠᠯᠢᠭ ᠤᠨ ᠬᠡᠯᠪᠡᠷᠢᠲᠦ ᠭᠠᠵᠠᠷ ᠣᠷᠣᠨ ᠪᠣᠯᠤᠨ᠎ᠠ᠃ ᠲᠡᠭᠦᠨ ᠤ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠢ ᠴᠢᠩ ᠤᠯᠤᠰ ᠤᠨ ᠨᠠᠶᠢᠷᠠᠯᠳᠤ ᠲᠥᠪ ᠤᠨ ᠣᠨ ᠠᠴᠠ ᠪᠣᠳᠤᠵᠤ ᠪᠣᠯᠤᠨ᠎ᠠ᠂ ᠣᠳᠣ ᠪᠣᠯᠲᠠᠯ᠎ᠠ ᠨᠢᠭᠡᠨᠲᠡ 300 ᠭᠠᠷᠤᠢ ᠵᠢᠯ ᠤᠨ ᠲᠡᠦᠬᠡ ᠲᠠᠢ ᠪᠣᠯᠵᠠᠢ᠃ 1913 ᠣᠨ ᠳᠤ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ ᠬᠤᠰᠢᠭᠤᠴᠢ ᠺᠦᠩ ᠭᠧᠩ ᠮᠦᠸᠧ ᠨᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ ᠡᠭᠦᠳᠦᠨ ᠪᠠᠶᠢᠭᠤᠯᠵᠤ᠂ ᠪᠤᠭᠤᠲᠤ ᠶᠢᠨ ᠬᠠᠮᠤᠭ ᠤᠨ ᠡᠷᠲᠡᠨ ᠤ ᠣᠷᠴᠢᠨ ᠦᠶ᠎ᠡ ᠶᠢᠨ ᠦᠨᠳᠦᠰᠦᠲᠡᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠪᠤᠯᠵᠤ᠂ ᠤᠮᠠᠷᠠᠲᠤ ᠬᠢᠯᠢ ᠶᠢᠨ ᠨᠡᠭᠦᠷᠡᠰᠦ ᠶᠢ ᠬᠡᠪᠴᠢᠶᠡᠵᠢᠭᠦᠯᠦᠨ ᠨᠡᠭᠡᠭᠡᠨ ᠮᠠᠯᠲᠠᠬᠤ ᠠᠩᠬᠠᠨ ᠤ ᠵᠠᠮ ᠢ ᠡᠬᠢᠯᠡᠭᠦᠯᠪᠡ᠃        ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠲᠠᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠭᠰᠠᠨ ︽ᠨᠢᠭᠡᠳᠦᠭᠡᠷ ᠲᠠᠪᠤᠨ ᠵᠢᠯ︾ ᠤᠨ ᠲᠥᠯᠥᠪᠯᠡᠭᠡ ᠶᠢᠨ ᠤᠯᠤᠰ ᠤᠨ ᠭᠤᠤᠯᠳᠠᠯᠭ᠎ᠠ ᠪᠣᠯᠬᠤ ᠲᠥᠷᠥᠯ ᠵᠦᠢᠯ ᠪᠣᠯᠤᠭᠰᠠᠨ ᠤ ᠬᠤᠪᠢ ᠳᠤ᠂ ᠳᠠᠯᠠᠨ ᠬᠠᠷ᠎ᠠ ᠠᠭᠤᠯᠠ ᠶᠢᠨ ᠨᠡᠭᠦᠷᠡᠰᠦᠨ ᠤ ᠠᠶ ᠰᠠᠪᠠ ᠶᠢ ᠨᠡᠭᠡᠭᠡᠨ ᠬᠥᠭᠵᠢᠭᠦᠯᠬᠦ ᠨᠢ ᠰᠢᠭᠤᠶᠢᠲᠤ ᠲᠣᠭᠤᠷᠢᠭ ᠢ ᠪᠤᠭᠤᠲᠤ ᠬᠤᠲᠠ ᠶᠢᠨ ᠡᠨᠧᠷᠭᠢ ᠶᠢᠨ ᠰᠠᠭᠤᠷᠢᠨ ᠭᠠᠵᠠᠷ ᠪᠣᠯᠭᠠᠪᠠ᠃ 1958 ᠣᠨ ᠳᠤ ᠪᠣᠭᠤᠲᠣ ᠶᠢᠨ ᠠᠭᠤᠷᠬᠠᠢ ᠶᠢᠨ ᠶᠠᠪᠣᠳᠠᠯ ᠤᠨ ᠲᠣᠪᠴᠢᠶ᠎ᠠ ᠪᠠᠶᠢᠭᠤᠯᠣᠭᠳᠠᠪᠠ᠂ ᠲᠡᠭᠦᠨ ᠤ ᠲᠠᠪᠣᠨ ᠶᠡᠭᠡ ᠭᠤᠣᠯ ᠬᠦᠴᠦᠨ ᠪᠣᠯᠬᠤ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠭᠰᠡᠨ ᠲᠦᠭᠦᠬᠡᠢ ᠨᠡᠭᠦᠷᠡᠰᠦ ᠨᠢ ᠡᠳᠦᠷ ᠰᠦᠨᠢ ᠶᠢᠨ ᠢᠯᠭᠠᠯ ᠦᠭᠡᠢ ᠭᠠᠯᠳᠦ ᠲᠡᠷᠭᠡ ᠪᠠᠷ ᠵᠦᠭᠡᠭᠡᠪᠦᠷᠢᠯᠡᠭᠳᠡᠵᠦ ᠂ ᠦᠢᠯᠡᠳᠪᠦᠷᠢᠯᠡᠯ ᠤᠨ ᠡᠮᠦᠨ᠎ᠡ ᠹᠷᠣᠨᠲ ᠢ ᠲᠡᠮᠵᠢᠵᠦ ᠠᠵᠤ ᠠᠬᠤᠢ ᠶᠢᠨ ᠴᠡᠴᠡᠭᠯᠡᠨ ᠬᠦᠭᠵᠢᠭᠰᠡᠨ ᠪᠠᠶᠢᠳᠠᠯ ᠢᠯᠡᠷᠡᠭᠰᠡᠨ ᠪᠠᠶᠢᠨ᠎ᠠ᠃        ᠪᠦᠷᠢᠣᠠᠭᠡᠯ ᠢ ᠦᠨᠳᠦᠰᠦᠯᠡᠪᠡᠯ ᠂ ᠴᠡᠴᠡᠭᠯᠡᠨ ᠬᠦᠭᠵᠢᠵᠦ ᠪᠠᠶᠢᠭᠰᠠᠨ ᠦᠶ᠎ᠡ ᠳᠤ᠂ 15 ᠲᠡᠭᠰᠢ ᠳᠦᠷᠪᠠᠯᠵᠢᠠ ᠺᠢᠯᠤᠮᠧᠲᠷ ᠤᠨ ᠴᠢᠯᠣᠭᠡᠲᠤ ᠳᠣᠭᠤᠷᠢᠭ ᠤᠨ 100 ᠭᠠᠷᠣᠢ ᠵᠢᠵᠢᠭ ᠨᠠᠭᠦᠷᠠᠰᠣᠠ ᠨᠦᠬᠡ ᠪᠠᠶᠢᠵᠠᠢ︔ 2006 ᠣᠠ ᠪᠤᠯᠲᠠᠯ᠎ᠠ ᠰᠢᠭᠤᠶᠢᠲᠤ ᠳᠣᠭᠤᠷᠢᠭ 50 ᠵᠢᠯ ᠳᠤ ᠨᠠᠶᠢᠲᠠ 2.1 ᠳ᠋ᠦᠩᠰᠢᠭᠤᠷ ᠳᠣᠠ ᠲᠦᠭᠦᠬᠡᠢ ᠨᠡᠭᠦᠷᠡᠰᠦ ᠦᠢᠯᠡᠳᠪᠦᠷᠢᠯᠡᠭᠰᠡᠨ ᠪᠠᠶᠢᠨ᠎ᠠ᠃        ᠰᠢᠭᠤᠶᠢᠲᠤ ᠲᠣᠭᠤᠷᠢᠭ ᠤᠨ ᠨᠡᠭᠦᠷᠡᠰᠦ ᠴᠡᠴᠡᠭᠯᠡᠨ ᠬᠦᠭᠵᠢᠭᠰᠡᠨ ᠤ ᠠᠷᠤ ᠳᠤ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠪᠤᠭᠤᠲᠤ ᠶᠢᠨ ᠪᠣᠯᠣᠳ ᠲᠡᠮᠦᠷ ᠤᠨ ᠪᠦᠲᠦᠭᠡᠨ ᠪᠠᠢᠭᠤᠯᠤᠯᠲᠠ ᠶᠢ ᠳᠡᠮᠵᠢᠭᠰᠡᠨ ᠬᠠᠯᠠᠭᠤᠨ ᠥᠷᠨᠢᠯᠲᠡ ᠪᠠᠶᠢᠵᠤ ᠂ ᠴᠡᠴᠡᠭᠯᠡᠨ ᠬᠦᠭᠵᠢᠵᠦ ᠪᠠᠶᠢᠭᠰᠠᠨ  ᠦᠶ᠎ᠡ ᠳᠤ ᠠᠭᠤᠷᠬᠠᠢ ᠶᠢᠨ ᠠᠵᠢᠯᠴᠢᠨ᠂ ᠭᠡᠷ ᠪᠦᠯᠢ ᠶᠢᠨ ᠬᠢᠨ 6 ᠲᠦᠮᠡ ᠭᠠᠷᠤᠢ ᠬᠥᠮᠦᠨ  ᠪᠠᠶᠢᠪᠠ ᠂ ᠳᠦᠷᠪᠡᠨ ᠵᠦᠭ ᠨᠠᠢᠮᠠᠨ ᠵᠣᠪᠬᠢᠰ ᠠᠴᠠ ᠢᠷᠡᠭᠰᠡᠨ ᠨᠡᠭᠦᠳᠡᠯ ᠠᠷᠠᠳ ᠠᠳᠡ ᠲᠡᠮᠡᠴᠡᠵᠦ᠂ ᠲᠠᠯ᠎ᠠ ᠨᠤᠲᠤᠭ ᠤᠨ ᠪᠣᠯᠣᠳ ᠲᠡᠮᠦᠷ ᠤᠨ ᠬᠤᠲᠠ ᠶᠢᠨ ᠪᠦᠲᠦᠭᠡᠨ ᠪᠠᠢᠭᠤᠯᠤᠯᠲᠠ ᠶᠢᠨ ᠲᠥᠯᠥᠭᠡ ᠬᠦᠴᠦ ᠪᠠᠨ ᠡᠷᠭᠦᠨ᠎ᠡ ᠃        ᠬᠠᠷ᠎ᠠ ᠠᠴᠠ ᠨᠣᠭᠤᠭᠠᠨ ᠪᠣᠯᠤᠭᠰᠠᠨ  ᠬᠠᠭᠤᠴᠢᠨ ᠬᠤᠲᠠ ᠶᠢᠨ ᠰᠢᠨ᠎ᠡ ᠠᠮᠢᠵᠢᠷᠠᠯ
图片3.png
        ᠬᠡᠳᠦᠨ ᠰᠠᠷ᠎ᠠ ᠶᠢᠨ ᠡᠮᠦᠨ᠎ᠡ᠂ ᠰᠢᠭᠤᠶᠢᠲᠤ ᠵᠡᠭᠡᠯᠢ ᠭᠤᠲᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠬᠠᠰ ᠰᠠᠶ᠋ᠢᠬᠠᠨ ᠨᠢᠭᠡ ᠰᠦᠯᠵᠢᠶᠡᠨ ᠵᠦᠴᠦᠭᠡ ᠶᠢᠨ ᠳᠤᠭᠤᠶᠢᠯᠠᠩ ᠢ ᠦᠳᠡᠵᠦ ᠶᠠᠪᠤᠭᠤᠯᠵᠠᠶ᠃ ᠰᠢᠭᠤᠶᠢᠲᠤ ᠵᠡᠭᠡᠯᠢ ᠭᠤᠳᠤᠮᠵᠢ ᠥᠩᠭᠡᠷᠡᠭᠰᠡᠨ ᠳᠤ  ᠰᠢᠭᠤᠶᠢᠲᠤ ᠲᠣᠭᠤᠷᠢᠭ ᠤᠨ ᠵᠠᠰᠠᠭ ᠵᠠᠬᠢᠷᠭᠠᠨ ᠤ ᠲᠥᠪ ᠪᠠᠶᠢᠪᠠ ᠂ ᠣᠳᠣ ᠪᠣᠯ ᠬᠠᠭᠤᠴᠢᠨ  ᠲᠣᠭᠤᠷᠢᠭ ᠤᠨ ᠴᠣᠷ ᠤᠨ ᠭᠠᠭᠴᠠ ᠬᠤᠲᠠ ᠶᠢᠨ ᠵᠡᠭᠡᠯᠢ ᠭᠤᠳᠤᠮᠵᠢ ᠪᠣᠯᠬᠤ ᠪᠥᠭᠡᠳ ᠳᠠᠯᠠᠨ ᠬᠠᠷ᠎ᠠ ᠠᠭᠤᠯᠠ ᠶᠢᠨ ᠺᠢᠨᠣ᠋ ᠲᠧᠯᠸᠢᠰ ᠤᠨ ᠰᠠᠭᠤᠷᠢᠨ ᠭᠠᠵᠠᠷ ᠤᠨ ᠭᠤᠣᠯ ᠦᠵᠡᠮᠵᠢ ᠠᠪᠤᠭᠰᠠᠨ ᠭᠠᠵᠠᠷ ᠪᠣᠯᠤᠨ᠎ᠠ᠃        ᠳᠡᠭᠡᠷ᠎ᠡ ᠵᠠᠭᠤᠨ ᠤ ᠶᠡᠷᠡᠭᠡᠳ ᠣᠨ ᠤ ᠰᠡᠭᠦᠯᠴᠢ ᠶᠢᠨ ᠬᠤᠭᠤᠴᠠᠭᠠᠨ ᠳᠤ᠂ ᠨᠡᠭᠦᠷᠡᠰᠦᠨ ᠤ ᠡᠬᠢ ᠪᠠᠶᠠᠯᠢᠭ ᠰᠢᠪᠬᠠᠷᠬᠤ ᠶᠢ ᠳᠠᠭᠠᠯᠳᠤᠨ᠂ ᠨᠢᠭᠡᠨ ᠦᠶ᠎ᠡ ᠭᠢᠯᠠᠯᠵᠠᠮ᠎ᠠ ᠲᠠᠯ᠎ᠠ ᠨᠤᠲᠤᠭ ᠤᠨ ᠠᠭᠤᠯᠠᠨ ᠬᠤᠲᠠ ᠰᠢᠭᠤᠶᠢᠲᠤ ᠲᠣᠭᠤᠷᠢᠭ ︽ ᠠᠭᠤᠷᠬᠠᠶ ᠨᠢ ᠬᠤᠭᠤᠰᠤᠷᠠᠭᠰᠠᠨ ︾ ᠬᠦᠴᠢᠷᠳᠡᠯ ᠳᠤ ᠲᠤᠯᠭᠠᠷᠠᠪᠠ᠃ 2011 ᠣᠨ ᠳᠤ ᠰᠢᠭᠤᠶᠢᠲᠤ ᠲᠣᠭᠤᠷᠢᠭ ᠤᠯᠤᠰ ᠤᠨ ᠭᠤᠷᠪᠠᠳᠤᠭᠠᠷ ᠪᠦᠯᠦᠭ ᠡᠬᠢ ᠪᠠᠶᠠᠯᠢᠭ ᠰᠢᠪᠬᠠᠷᠤᠭᠰᠠᠨ ᠬᠤᠲᠠ ᠶᠢᠨ ᠨᠡᠷᠡᠰ ᠲᠤ ᠣᠷᠤᠪᠠ ᠃ ᠬᠡᠯᠪᠡᠷᠢ ᠶᠢᠨ ᠬᠤᠪᠢᠷᠠᠭᠤᠯᠤᠯᠲᠠ ᠨᠢᠳᠦᠨ ᠡᠮᠦᠨ᠎ᠡ ᠲᠤᠯᠭᠠᠷᠠᠵᠤ ᠪᠠᠶᠢᠨ᠎ᠠ᠃        2014 ᠣᠨ ᠳᠤ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠨᠢᠭᠡᠴᠢ ᠨᠢ ᠰᠢᠭᠤᠶᠢᠲᠤ ᠶᠢᠨ ᠬᠠᠭᠤᠴᠢᠨ ᠲᠣᠭᠤᠷᠢᠭ ᠠᠴᠠ ᠰᠢᠭᠤᠶᠢᠲᠤ ᠰᠢᠨ᠎ᠡ ᠲᠣᠭᠤᠷᠢᠭ ᠲᠤ ᠨᠡᠭᠦᠨ ᠣᠷᠣᠪᠠ᠃ ᠡᠭᠦᠨ ᠠᠴᠠ ᠡᠮᠦᠨ᠎ᠡ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ᠂ ᠳᠣᠷᠣᠭᠰᠢ ᠰᠠᠭᠤᠭᠰᠠᠨ ᠣᠷᠣᠨ ᠢ ᠵᠠᠰᠠᠬᠤ᠂ ᠬᠠᠭᠤᠴᠢᠨ ᠠᠵᠤ ᠦᠢᠯᠡᠳᠪᠦᠷᠢ ᠶᠢᠨ ᠲᠣᠭᠤᠷᠢᠭ ᠢ ᠶᠡᠷᠦᠩᠬᠡᠶᠢᠯᠡᠨ ᠵᠠᠰᠠᠬᠤ ᠵᠡᠷᠭᠡ ᠪᠠᠲᠤᠯᠠᠭ᠎ᠠ ᠶᠢᠨ ᠣᠷᠣᠨ ᠰᠠᠭᠤᠴᠠ ᠶᠢᠨ ᠢᠨᠵᠧᠨᠧᠷᠢᠩ ᠢᠶᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ 6 ᠲᠦᠮᠡ ᠭᠠᠷᠤᠶ ᠰᠠᠭᠤᠭᠠᠯᠢ ᠠᠷᠠᠳ ᠵᠠᠯᠭᠠᠭ᠎ᠠ ᠪᠠᠷ ᠬᠠᠭᠤᠴᠢᠨ ᠬᠤᠲᠠ ᠶᠢᠨ ᠲᠣᠭᠤᠷᠢᠭ ᠠᠴᠠ ᠨᠡᠭᠦᠵᠦ ᠭᠠᠷᠪᠠ᠃        ᠰᠠᠭᠤᠭᠠᠯᠢ ᠠᠷᠠᠳ ᠵᠠᠯᠭᠠᠯᠳᠤᠭ᠎ᠠ ᠪᠠᠷ ᠨᠡᠭᠦᠬᠦ ᠶᠢ ᠳᠠᠭᠠᠯᠳᠤᠨ᠂ ᠮᠠᠰᠢ ᠣᠯᠠᠨ ᠬᠠᠭᠤᠴᠢᠨ ᠭᠡᠷ ᠰᠤᠯᠠ ᠭᠠᠷᠪᠠ ᠃ ᠤᠴᠢᠷ ᠨᠢ ᠡ᠊ᠨᠳᠡ ᠨᠡᠯᠢᠶᠡᠳ ᠰᠠᠶᠢᠨ ᠨᠡᠭᠦᠷᠡᠰᠦᠨ ᠤ ᠠᠵᠤ ᠦᠢᠯᠡᠳᠪᠦᠷᠢ ᠪᠠ ᠠᠮᠢᠳᠤᠷᠠᠯ ᠤᠨ ᠪᠠᠭᠤᠷᠢ ᠶᠢᠨ ᠦᠯᠡᠳᠡᠭᠳᠡᠯ ᠢ ᠬᠠᠳᠠᠭᠠᠯᠠᠭᠰᠠᠨ ᠠᠴᠠ ᠲᠤᠬᠠᠢ ᠶᠢᠨ ᠭᠠᠵᠠᠷ ᠤᠨ ᠬᠢᠨ ᠳᠠᠯᠠᠨ ᠬᠠᠷ᠎ᠠ ᠠᠭᠤᠯᠠ ᠶᠢᠨ ᠺᠢᠨᠣ᠋ ᠲᠧᠯᠸᠢᠰ ᠤᠨ ᠰᠠᠭᠤᠷᠢᠨ ᠢ ᠪᠡᠯᠡᠳᠬᠡᠨ ᠪᠠᠶᠢᠭᠤᠯᠵᠤ᠂ ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠦᠢᠯᠡᠳᠪᠦᠷᠢ ᠶᠢᠨ ᠲᠣᠭᠤᠷᠢᠭ ᠦᠢᠯᠡᠳᠪᠦᠷᠢ ᠶᠢᠨ ᠭᠡᠷ᠂ ᠮᠠᠰᠢᠨ ᠲᠥᠬᠦᠭᠡᠷᠦᠮᠵᠢ ᠶᠢ ᠬᠠᠳᠠᠭᠠᠯᠠᠵᠤ᠂ ᠰᠢᠭᠤᠶᠢᠲᠤ ᠲᠣᠭᠤᠷᠢᠭ ᠤᠨ ᠲᠡᠦᠬᠡ ᠶᠢᠨ ᠦᠭᠡ ᠬᠡᠯᠡ ᠪᠠ ᠰᠣᠶᠣᠯ ᠤᠨ ᠲᠦᠷᠢ ᠪᠠᠶᠢᠳᠠᠯ ᠪᠣᠯᠭᠠᠭᠰᠠᠨ ᠪᠠᠶᠢᠨ᠎ᠠ᠃        ᠣᠶᠢᠷ᠎ᠠ ᠶᠢᠨ ᠵᠢᠯ ᠳᠤ᠂ ︽ᠮᠣᠷᠢᠲᠤ ᠪᠠᠭᠠᠲᠤᠷ ᠤᠨ ᠢᠷᠠᠭᠤ ᠠᠯᠳᠠᠷ︾᠂ ︽ᠬᠠᠪᠤᠷ ᠤᠨ ᠠᠭᠤᠷ︾᠂ ︽ᠬᠦᠯᠢᠶᠡᠯᠲᠡ︾᠂ ︽ᠲᠩᠷᠢ ᠭᠡᠭᠡᠷᠡᠭᠰᠡᠨ ︾᠂ ︽ᠤᠮᠠᠷᠠᠲᠤ ᠶᠢᠨ ᠡᠬᠡ ᠭᠠᠵᠠᠷ︾᠂ ︽ᠠᠮᠤᠭᠤᠯᠠᠩᠰᠠᠭᠤᠷᠢᠰᠢᠬᠤ ︾᠂ ︽ ᠰᠡᠳᠭᠢᠰᠢ ᠦᠭᠡᠢ ︾ ᠵᠡᠷᠭᠡ ᠺᠢᠨᠤ᠋ ᠲᠧᠯᠸᠢᠰ ᠵᠦᠴᠦᠭᠡ ᠤᠷᠢᠳ ᠬᠤᠵᠢᠳ ᠠᠳᠡ ᠦᠵᠡᠮᠵᠢ ᠠᠪᠴᠤ ᠰᠡᠭᠦᠳᠡᠷᠯᠡᠵᠦ᠂ ᠬᠠᠭᠤᠴᠢᠨ ᠲᠣᠭᠤᠷᠢᠭ  ᠪᠠᠰᠠ ᠴᠤ᠋ ᠰᠢᠨ᠎ᠡ ᠨᠡᠷ᠎ᠡ ᠪᠠᠷ ᠥᠩᠭᠡᠷᠡᠭᠰᠡᠨ ᠤ ᠦᠯᠢᠭᠡᠷ ᠢᠶᠠᠨ ᠶᠠᠷᠢᠨ᠎ᠠ᠃        ᠱᠢ ᠭᠤᠸᠠᠢ ᠨᠢ ᠮᠣᠩᠭᠤᠯ ᠤᠨ ︽ᠰᠢᠭᠤᠶᠢᠲᠤ ︾ ᠭᠡᠳᠡᠭ ᠦᠭᠡ᠂ ︽ᠪᠢᠲᠡᠭᠦᠦ ᠣᠢ ᠲᠠᠢ ᠭᠠᠵᠠᠷ︾ ᠭᠡᠰᠡᠨ ᠤᠳᠬ᠎ᠠ ᠲᠠᠢ ᠃ ᠬᠡᠯᠪᠡᠷᠢ ᠪᠠᠨ ᠬᠤᠪᠢᠷᠠᠭᠤᠯᠬᠤ ᠡᠪᠡᠷᠰᠢᠶᠡᠯ ᠢ ᠳᠠᠮᠵᠢᠭᠠᠳ᠂ ᠵᠠᠭᠤᠨ ᠵᠢᠯ ᠤᠨ ᠨᠡᠭᠦᠷᠡᠰᠦᠨ ᠤ ᠬᠤᠲᠠ ᠶᠢᠨ ᠬᠢᠨ ︽ᠬᠠᠭᠠᠰ ᠬᠤᠲᠠ ᠨᠡᠭᠦᠷᠡᠰᠦᠨ ᠤ ᠦᠨᠡᠰᠦ ᠬᠠᠭᠠᠰ ᠬᠤᠲᠠ ᠶᠢᠨ ᠰᠢᠷᠣᠶ︾ ᠠᠴᠠ ︽ᠨᠢᠭᠡ ᠬᠤᠲᠠ ᠬᠥᠬᠡᠮᠳᠦᠭ ᠠᠭᠤᠯᠠ ᠨᠢᠭᠡ ᠬᠤᠲᠠ ᠨᠣᠭᠤᠭᠠᠨ︾ ᠪᠣᠯᠵᠤ ᠬᠤᠪᠢᠷᠠᠪᠠ᠃        ᠡᠳᠦᠭᠡ᠂ ︽ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠨᠢᠭᠡᠴᠢ ︾᠂ ︽ᠪᠥᠬᠦ ᠤᠯᠤᠰ ᠤᠨ ᠪᠣᠬᠢᠷᠲᠤᠯ ᠥᠬᠡᠶ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ  ᠬᠤᠲᠠ ︾᠂ ︽ᠪᠥᠬᠦ ᠤᠯᠤᠰ ᠤᠨ ᠤᠶᠤᠨᠲᠤ ᠬᠤᠲᠠ ᠶᠢᠨ ᠲᠤᠷᠰᠢᠯᠲᠠ ᠶᠢᠨ ᠴᠡᠭ︾᠂ ︽ᠪᠥᠬᠦ ᠤᠯᠤᠰ ᠤᠨ ᠠᠩᠬᠠᠳᠠᠭᠴᠢ ᠪᠦᠯᠦᠭ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠥᠯᠢᠭᠡᠷ ᠳᠠᠭᠤᠷᠢᠶᠠᠯ ᠤᠨ ᠣᠷᠣᠨ︾᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾᠂ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ︾᠂ ︽ᠥᠪᠡᠷᠲᠡᠭᠡᠨ ᠵᠠᠰᠠᠬᠤ ᠣᠷᠣᠨ ᠤ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠵᠡᠷᠭᠡ ᠨᠢ ᠰᠢᠭᠤᠶᠢᠲᠤ ᠲᠣᠭᠤᠷᠢᠭ ᠤᠨ ᠰᠢᠨ᠎ᠡ ᠲᠡᠮᠳᠡᠭ ᠪᠣᠯᠤᠭᠰᠠᠨ ᠪᠠᠶᠢᠨ᠎ᠠ᠃        ᠰᠢᠭᠤᠶᠢᠲᠤ ᠬᠠᠭᠤᠴᠢᠨ ᠲᠣᠭᠤᠷᠢᠭ ᠠᠴᠠ ᠰᠢᠭᠤᠶᠢᠲᠤ ᠰᠢᠨ᠎ᠡ ᠲᠣᠭᠤᠷᠢᠭ ᠬᠦᠷᠲᠡᠯ᠎ᠡ ᠂ ᠠᠮᠢᠳᠤᠯᠢᠭ ᠬᠦᠴᠦᠨ  ᠲᠠᠢ ᠂ ᠰᠠᠭᠤᠷᠢᠰᠢᠬᠤ ᠳᠤ ᠲᠣᠬᠢᠷᠠᠮᠵᠢᠲᠠᠢ᠂ ᠥᠨᠳᠥᠷ ᠪᠦᠲᠦᠮᠵᠢᠲᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ ᠲᠠᠲᠠᠬᠤ ᠬᠦᠴᠦᠨ ᠲᠠᠢ ᠬᠤᠲᠠ ᠦᠰᠦᠷᠦᠨ ᠭᠠᠷᠴᠤ  ᠢᠷᠡᠪᠡ ᠃ ᠥᠨᠥᠳᠥᠷ ᠤᠨ ᠰᠢᠭᠤᠶᠢᠲᠤ ᠲᠣᠭᠤᠷᠢᠭ ᠨᠢ ᠣᠳᠣ ᠶᠠᠭ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠲᠦ ᠰᠠᠢᠬᠠᠨ ᠦᠵᠡᠮᠵᠢ ᠶᠢᠨ ᠣᠷᠣᠨ ᠳᠤ ᠳᠡᠯᠭᠡᠷᠡᠭᠰᠡᠨ ᠰᠢᠨ᠎ᠡ  ᠣᠳᠣᠨ ᠪᠣᠯᠵᠤ ᠪᠠᠶᠢᠨ᠎ᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号