ᠪᠣᠬᠢᠷᠳᠤᠯ ᠦᠭᠡᠢ ᠭᠡᠷ ᠣᠷᠣᠨ ᠢᠶᠠᠨ ᠰᠠᠬᠢᠨ ᠬᠠᠮᠠᠭᠠᠯᠠᠵᠤ᠂ ᠭᠠᠯ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠶ᠎ᠠ — ᠰᠢᠭᠤᠶᠢᠲᠤ ᠪᠠᠭ᠎ᠠ ᠰᠤᠷᠭᠠᠭᠤᠯᠢ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/16
        ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠠᠭᠰᠢ ᠰᠤᠷᠤᠭᠴᠢᠳ ᠤᠨ ᠭᠠᠯ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠰᠢᠭᠤᠶᠢᠲᠤ ᠪᠠᠭ᠎ᠠ ᠰᠤᠷᠭᠠᠭᠤᠯᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠠᠯᠢ ᠣᠯᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠶᠢᠨ ᠦᠷ᠎ᠡ ᠪᠦᠲᠦᠮᠵᠢ ᠣᠯᠪᠠ᠃
图片1.png
        ᠠᠵᠢᠯᠯᠠᠭ᠎ᠠ ᠶᠢᠨ ᠬᠤᠭᠤᠴᠠᠭᠠᠨ ᠳᠤ᠂ ᠤᠯᠤᠰ ᠤᠨ ᠲᠤᠭ ᠤᠨ ᠳᠤᠤᠷ᠎ᠠ ︽ᠪᠣᠬᠢᠷᠲᠤᠯ ᠥᠬᠡᠶ ᠬᠡᠷ ᠣᠷᠣᠨ ᠢᠶᠠᠨ ᠰᠠᠬᠢᠨ ᠬᠠᠮᠠᠭᠠᠯᠠᠵᠤ᠂ ᠭᠠᠯ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠶ᠎ᠠ  ︾ ᠭᠡᠬᠦ ᠭᠤᠤᠯ ᠰᠡᠳᠦᠪᠲᠦ ᠶᠠᠷᠢᠶ᠎ᠠ ᠢᠯᠡᠳᠬᠡᠯ ᠨᠡᠶᠢᠲᠡᠯᠡᠵᠦ᠂ ᠪᠥᠬᠦ ᠪᠠᠭᠰᠢ ᠰᠤᠷᠤᠭᠴᠢᠳ ᠲᠤ ᠣᠶ ᠰᠢᠭᠤᠶ ᠨᠤᠲᠤᠭ ᠪᠡᠯᠴᠢᠭᠡᠷ ᠠᠴᠠ ᠡᠭᠦᠰᠦᠭᠰᠡᠨ ᠭᠠᠯ ᠤᠨ ᠠᠶᠤᠯ ᠠᠴᠠ ᠪᠣᠯᠤᠭᠰᠠᠨ ᠬᠤᠤᠷ ᠬᠥᠨᠥᠭᠡᠯ ᠵᠢᠴᠢ ᠭᠠᠯ ᠰᠡᠷᠭᠡᠶᠢᠯᠡᠨ ᠤᠨᠲᠠᠷᠠᠭᠠᠬᠤ ᠦᠨᠳᠦᠰᠦᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠢᠶᠠᠷ ᠢᠶᠠᠨ ᠪᠣᠬᠢᠷᠲᠤᠯ ᠥᠬᠡᠶ ᠬᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠬᠤ ᠶᠢ ᠤᠷᠢᠶᠠᠯᠠᠪᠠ᠃        ᠡᠭᠦᠨ ᠤ ᠬᠠᠮᠲᠤ᠂ ᠡᠯ᠎ᠡ ᠠᠩᠭᠢ ᠭᠤᠤᠯ ᠰᠡᠳᠦᠪᠲᠦ ᠠᠩᠭᠢ ᠶᠢᠨ ᠬᠤᠷᠠᠯ᠂ ᠰᠠᠮᠪᠠᠷ᠎ᠠ ᠶᠢᠨ ᠰᠣᠨᠢᠨ᠂ ᠠᠮᠤᠷ ᠲᠦᠪᠰᠢᠨ ᠤ ᠬᠢᠴᠢᠶᠡᠯ ᠤᠨ ᠲᠠᠩᠬᠢᠮ ᠵᠡᠷᠭᠡ ᠣᠯᠠᠨ ᠵᠦᠢᠯ ᠤᠨ ᠬᠡᠯᠪᠡᠷᠢ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠮᠡᠳᠡᠯᠭᠡ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠪᠠ᠃ ᠰᠤᠷᠭᠠᠭᠤᠯᠢ ᠶᠢᠨ ᠬᠦᠷᠢᠶᠡᠨ ᠳᠤ ᠨᠠᠷᠢᠯᠢᠭ ᠰᠠᠶᠢᠬᠠᠨ ᠪᠢᠴᠢᠮᠡᠯ ᠰᠣᠨᠢᠨ ᠴᠤ ᠮᠠᠰᠢ ᠣᠯᠠᠨ ᠬᠠᠮᠲᠤ ᠰᠤᠷᠤᠭᠴᠢᠳ ᠤᠨ ᠠᠩᠬᠠᠷᠤᠯ ᠢ ᠲᠠᠲᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠴᠢᠨᠠᠷ ᠤᠨ ᠲᠤᠬᠠᠶ ᠣᠯᠠᠨ ᠤ ᠲᠠᠨᠢᠯᠲᠠ ᠶᠢ ᠭᠦᠨᠵᠡᠭᠡᠶᠢᠷᠡᠭᠦᠯᠪᠡ᠃
图片2.png
        ᠵᠠᠯᠭᠠᠭᠠᠳ᠂ ᠰᠤᠷᠭᠠᠭᠤᠯᠢ ᠡᠶᠢᠮᠦᠷᠬᠦᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠪᠠᠶᠢᠩᠭᠤᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号