︽ᠵᠥᠪᠬᠡᠨ ᠨᠢᠭᠡ ᠮᠢᠨᠦ᠋ᠲ ᠬᠡᠷᠡᠭᠰᠡᠨ᠎ᠡ᠂ ᠮᠡᠳᠡᠭᠡ ᠵᠠᠩᠭᠢ ᠪᠠᠨ ᠲᠠᠭᠯᠠᠪᠠᠯ ᠪᠣᠯᠴᠢᠬᠠᠨ᠎ᠠ᠂ ᠴᠠᠭᠠᠰᠤᠨ | ᠳᠠᠩᠰᠠ ᠪᠠᠶᠢᠭᠤᠯᠬᠤ ᠴᠢᠬᠤᠯᠠ ᠦᠭᠡᠢ᠂ ᠬᠡᠵᠢᠶ᠎ᠡ ᠬᠠᠮᠢᠭ᠎ᠠ ᠴᠤ ᠭᠡᠰᠡᠨ ᠦᠭᠡᠢ ᠳᠠᠩᠰᠠᠯᠠᠬᠤ ᠶᠢ ᠪᠡᠶᠡᠯᠡᠭᠦᠯᠵᠦ | ᠳᠡᠶᠢᠯᠦᠨ᠎ᠡ︾᠃ | ᠠᠵᠢᠯ ᠡᠷᠢᠬᠦ ᠠᠷᠭ᠎ᠠ ᠵᠠᠮ ᠢ ᠪᠥᠬᠦ ᠲᠠᠯ᠎ᠠ ᠪᠠᠷ ᠥᠷᠭᠡᠳᠬᠡᠵᠦ᠂ ᠬᠥᠮᠦᠨ ᠪᠠ ᠠᠵᠤ ᠠᠬᠤᠶᠢᠯᠠᠯ ᠤᠨ | ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠣᠨᠣᠪᠴᠢᠲᠠᠶ ᠪᠠᠷ ᠵᠣᠯᠭᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠢᠭᠤᠶᠢᠲᠤ ᠲᠣᠭᠤᠷᠢᠭ ᠤᠨ ︽ᠭᠤᠷᠪᠠ ᠠᠴᠠ ᠬᠤᠶᠠᠷ ᠢ | ᠡᠷᠢᠬᠦ︾ ᠠᠵᠢᠯ ᠤᠨ ᠬᠠᠲᠠᠭᠤ ᠪᠣᠳᠠᠲᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ | ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ | ᠣᠯᠭᠤᠯᠲᠠ ᠶᠢᠨ ᠰᠠᠯᠠᠭ᠎ᠠ ᠮᠥᠴᠢᠷ ᠠᠵᠢᠯ ᠣᠯᠭᠤᠬᠤ ᠪᠠ ᠤᠷᠢᠵᠤ ᠡᠯᠰᠡᠬᠦ ᠪᠣᠳᠠᠲᠠᠢ ᠠᠴᠠ ᠡᠭᠦᠰᠴᠦ᠂ ᠠᠵᠢᠯ | ᠡᠷᠢᠭᠰᠡᠳ ᠤᠨ ᠬᠤᠪᠢ ᠶᠢᠨ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠠᠴᠠ ᠪᠣᠳᠣᠯᠬᠢᠯᠠᠵᠤ᠂ ᠰᠦᠯᠵᠢᠶᠡᠨ ᠭᠠᠳᠠᠨ᠎ᠠ | ᠳᠠᠩᠰᠠᠯᠠᠨ ᠤᠷᠢᠵᠤ ᠡᠯᠰᠡᠬᠦ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠺᠣᠳ᠋ ᠰᠢᠷᠪᠢᠵᠦ ᠠᠵᠢᠯ ᠡᠷᠢᠬᠦ︾ | ᠦᠢᠯᠡᠴᠢᠯᠡᠭᠡ ᠶᠢ ᠲᠡᠭᠦᠯᠳᠡᠷᠵᠢᠭᠦᠯᠪᠡ᠃ | ︽ᠺᠣᠳ᠋ ᠰᠢᠷᠪᠢᠵᠦ ᠠᠵᠢᠯ ᠡᠷᠢᠬᠦ︾ ᠺᠣᠳ᠋ ᠨᠢ ᠠᠵᠢᠯ ᠡᠷᠢᠭᠰᠡᠳ ᠤᠨ ᠰᠠᠭᠤᠷᠢ ᠮᠡᠳᠡᠭᠡ ᠵᠠᠩᠭᠢ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠵᠢᠴᠢ ᠠᠵᠢᠯ ᠡᠷᠢᠬᠦ ᠰᠠᠨᠠᠮᠵᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ 10 | ᠲᠠᠯ᠎ᠠ ᠠᠴᠠ ᠡᠭᠦᠰᠴᠦ᠂ ᠠᠵᠢᠯ ᠡᠷᠢᠭᠰᠡᠳ ᠤᠨ ᠣᠨᠴᠠᠯᠢᠭ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ | ᠤᠶᠢᠯᠠᠭᠠᠨ᠂ ᠨᠡᠪᠲᠡᠷᠡᠯᠴᠡᠬᠦ ᠵᠢᠴᠢ ᠨᠠᠷᠢᠯᠢᠭ ᠣᠨᠤᠪᠴᠢᠲᠠᠢ ᠰᠤᠳᠤᠯᠤᠨ ᠮᠠᠭᠠᠳᠯᠠᠬᠤ ᠪᠠᠷ ᠳᠠᠮᠵᠢᠨ ᠂ ᠲᠡᠳᠡᠨ ᠳᠤ | ᠲᠤᠰᠬᠠᠶ ᠮᠡᠷᠭᠡᠵᠢᠯ ᠲᠠᠢ ᠨᠢ ᠵᠣᠬᠢᠴᠠᠬᠤ ᠰᠢᠯᠢᠳᠡᠭ ᠠᠵᠢᠯ ᠤᠨ ᠪᠠᠶᠢᠷᠢ ᠬᠠᠩᠭᠠᠨ᠎ᠠ ᠃ | ᠺᠣᠳ᠋ ᠰᠢᠷᠪᠢᠬᠦ ᠠᠵᠢᠯ ᠡᠷᠢᠬᠦ ᠳᠠᠩᠰᠠᠯᠠᠯᠲᠠ ᠶᠢᠨ ᠠᠷᠭ᠎ᠠ ᠮᠠᠶ᠋ᠢᠭ ᠨᠢ ᠠᠵᠢᠯ ᠡᠷᠢᠬᠦ ᠵᠠᠬ᠎ᠠ ᠳᠡᠯᠭᠡᠭᠦᠷ ᠲᠤ | ᠰᠢᠨ᠎ᠡ ᠰᠣᠷᠭᠤᠭ ᠴᠢᠰᠤ ᠨᠡᠮᠡᠷᠢᠯᠡᠵᠦ᠂ ᠲᠡᠷᠡ ᠨᠢ ᠥᠨᠳᠥᠷ ᠪᠦᠲᠦᠮᠵᠢᠲᠡᠶ᠂ ᠳᠥᠭᠦᠮ ᠳᠥᠲᠡ ᠣᠨᠴᠠᠯᠢᠭ ᠢᠶᠠᠷ | ᠠᠵᠢᠯ ᠡᠷᠢᠭᠰᠡᠳ ᠪᠣᠯᠤᠨ ᠬᠥᠮᠦᠨ ᠬᠡᠷᠡᠭᠯᠡᠬᠦ ᠨᠢᠭᠡᠴᠢ ᠶᠢᠨ ᠬᠤᠭᠤᠷᠣᠨᠳᠣᠬᠢ ᠨᠡᠪᠲᠡᠷᠡᠯᠴᠡᠬᠦ ᠠᠷᠭ᠎ᠠ ᠮᠠᠶ᠋ᠢᠭ ᠢ | ᠬᠤᠪᠢᠷᠠᠭᠤᠯᠵᠤ᠂ ᠠᠵᠢᠯ ᠡᠷᠢᠬᠦ ᠳᠠᠩᠰᠠᠯᠠᠯᠲᠠ ᠶᠢᠨ ᠦᠢᠯᠡᠴᠢᠯᠡᠭᠡᠨ ᠤ ᠢᠯᠡᠴᠢᠯᠡᠬᠦ ᠨᠣᠷᠮ᠎ᠠ ᠪᠠ ᠬᠡᠷᠡᠭᠯᠡᠬᠦ | ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ ᠨᠠᠩ ᠣᠯᠠᠨ ᠠᠵᠢᠯ ᠡᠷᠢᠭᠰᠡᠳ ᠢ ᠣᠷᠣᠯᠴᠠᠭᠤᠯᠵᠤ᠂ ᠠᠵᠤ | ᠠᠬᠤᠶᠢᠯᠠᠯ ᠢ ᠬᠠᠪᠰᠤᠷᠤᠨ ᠥᠨᠳᠥᠷ ᠪᠦᠲᠦᠮᠵᠢᠲᠡᠶ ᠪᠠᠷ ᠴᠢᠳᠠᠪᠤᠷᠢᠲᠠᠨ ᠡᠯᠰᠡᠪᠡ᠃ | ᠬᠤᠷᠤᠭᠤ ᠪᠠᠨ ᠬᠦᠳᠡᠯᠭᠡᠵᠦ᠂ ᠳᠠᠷᠤᠢ ᠲᠦᠷᠭᠡᠨ ᠬᠦᠳᠡᠯᠦᠶᠡ︕ ᠳᠣᠣᠷ᠎ᠠ ᠲᠠᠯ᠎ᠠ ᠶᠢᠨ ᠬᠤᠶᠠᠷ | ᠬᠡᠮᠵᠢᠯᠲᠦ ᠺᠣᠳ᠋ ᠰᠢᠷᠪᠢᠬᠦ ᠪᠤᠶᠤ ᠰᠢᠭᠤᠶᠢᠲᠤ ᠲᠣᠭᠤᠷᠢᠭ ᠤᠨ ᠠᠵᠢᠯ ᠣᠯᠭᠤᠬᠤ ᠲᠥᠪ ᠤᠨ ᠦᠢᠯᠡᠴᠢᠯᠡᠭᠡᠨ ᠤ | ᠴᠣᠩᠬᠤᠪᠴᠢ ᠳᠤ ᠬᠦᠷᠪᠡᠯ᠂ ᠲᠡᠷᠡ ᠳᠠᠷᠤᠢ ᠳᠤᠨᠢ ᠲᠠᠨ ᠤ ᠠᠵᠢᠯ ᠡᠷᠢᠬᠦ ᠳᠡᠩᠰᠡᠯᠡᠯᠲᠡ ᠶᠢᠨ ᠠᠶᠠᠯᠠᠯ ᠢᠶᠠᠨ | ᠡᠬᠢᠯᠡᠭᠦᠯᠵᠦ ᠪᠣᠯᠤᠨ᠎ᠠ᠃ ᠬᠦᠰᠡᠯ ᠵᠡᠭᠦᠳᠦ ᠪᠠᠨ ᠲᠡᠷᠭᠡᠯᠰᠢᠯᠡᠭᠦᠯᠬᠦ ᠳᠤ ᠴᠢ ᠪᠢᠳᠡ ᠬᠠᠮᠲᠤ ᠳᠤ ᠪᠠᠨ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠲᠠᠨ ᠤ ᠠᠵᠢᠯ ᠤᠨ ᠲᠠᠯᠠᠪᠠᠢ ᠶᠢᠨ ᠬᠦᠰᠡᠯ ᠵᠡᠭᠦᠳᠦ ᠪᠠᠨ | ᠲᠡᠷᠭᠡᠯᠰᠢᠯᠡᠭᠦᠯᠬᠦ ᠵᠠᠮ ᠳᠡᠭᠡᠷᠡᠬᠢ ᠬᠠᠮᠤᠭ ᠤᠨ ᠪᠠᠲᠤ ᠪᠠᠬᠢ ᠲᠦᠰᠢᠭ ᠪᠣᠯᠬᠤ ᠶᠢ ᠬᠦᠰᠡᠵᠦ ᠪᠠᠶᠢᠨ᠎ᠠ᠃ | ᠺᠣᠳ᠋ ᠰᠢᠷᠪᠢᠪᠡᠯ ᠳᠠᠷᠤᠢ ᠠᠵᠢᠯ ᠡᠷᠢᠬᠦ ᠳᠠᠩᠰᠠᠯᠠᠯᠲᠠ ᠬᠢᠵᠦ ᠪᠣᠯᠣᠨ᠎ᠠ | | |