ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠣᠷᠣᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃ | ᠰᠢ ᠶᠢᠨ ᠫᠢᠩ᠂ ᠸᠢᠶᠧᠲᠨᠠᠮ ᠤᠨ ᠨᠠᠮ ᠪᠣᠯᠣᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠸᠢᠶᠧᠲᠨᠠᠮ ᠤᠨ | ᠤᠯᠤᠰ ᠲᠦᠷᠦ ᠨᠡᠶᠢᠭᠡᠮ ᠲᠣᠭᠲᠠᠭᠤᠨ ᠪᠠᠶᠢᠵᠤ᠂ ᠰᠢᠨᠡᠴᠢᠯᠡᠯᠲᠡ ᠶᠢᠨ ᠦᠢᠯᠡᠰ ᠪᠠᠶᠠᠷᠯᠠᠭᠤᠰᠢᠲᠠᠢ ᠠᠮᠵᠢᠯᠲᠠ ᠣᠯᠵᠤ᠂ | ᠳᠡᠯᠡᠬᠡᠢ ᠳᠠᠬᠢ ᠪᠠᠶᠢᠷᠢ ᠰᠠᠭᠤᠷᠢ ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠳᠤ ᠳᠤᠮᠳᠠᠳᠤ ᠶᠢᠨ ᠲᠠᠯ᠎ᠠ ᠶᠢᠨ ᠬᠢᠨ ᠪᠠᠶᠠᠷ ᠲᠠᠢ | ᠪᠠᠶᠢᠨ᠎ᠠ᠃ ᠳᠤᠮᠳᠠᠳᠤ ᠸᠢᠶᠧᠲᠨᠠᠮ ᠴᠥᠮ ᠦᠨᠳᠦᠰᠦᠲᠡᠨ ᠤ ᠬᠥᠭᠵᠢᠯ ᠮᠠᠨᠳᠤᠯ ᠢ ᠪᠡᠶᠡᠯᠡᠭᠦᠯᠬᠦ᠂ ᠤᠯᠤᠰ ᠤᠨ | ᠬᠥᠭᠵᠢᠯᠲᠡ ᠪᠠᠨ ᠲᠦᠷᠭᠡᠳᠬᠡᠬᠦ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠳᠤ ᠦᠢᠯᠡᠴᠢᠯᠡᠵᠦ᠂ ᠳᠤᠮᠳᠠᠳᠤ | ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠬᠦᠷᠲᠡᠭᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠤᠯᠤᠰ ᠲᠦᠷᠦ ᠶᠢᠨ | ᠦᠨᠳᠦᠰᠦ ᠰᠠᠭᠤᠷᠢ ᠶᠢ ᠪᠠᠬᠢᠵᠢᠭᠦᠯᠦᠶ᠎ᠡ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠡᠵᠡᠷᠬᠡᠬᠦ ᠦᠵᠡᠯ᠂ ᠭᠠᠭᠴᠠ ᠲᠠᠯᠠᠲᠤ ᠦᠵᠡᠯ᠂ ᠬᠠᠮᠠᠭᠠᠯᠠᠬᠤ | ᠦᠵᠡᠯ ᠢ ᠬᠠᠮᠲᠤ ᠪᠠᠷ ᠡᠰᠡᠷᠭᠦᠴᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠠᠽᠢᠶ᠎ᠠ ᠲᠢᠪ | ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠬᠠᠮᠠᠭᠠᠯᠠᠶ᠎ᠠ᠃ | ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠭᠠᠷ ᠬᠤᠯᠪᠣᠨ | ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠶ᠎ᠠ᠃ | ᠳᠤᠮᠳᠠᠳᠤ ᠸᠢᠶᠧᠲᠨᠠᠮ ᠤᠨ ᠡᠬᠡ ᠬᠠᠭᠤᠷᠠᠢ ᠳᠠᠯᠠᠢ ᠲᠠᠩᠭᠢᠰ ᠵᠠᠯᠭᠠᠯᠳᠤᠭᠰᠠᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ | ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠤᠶ᠎ᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ | ᠳᠡᠭᠡᠭᠰᠢᠯᠡᠭᠦᠯᠵᠦ᠂ ᠠᠷᠠᠯᠵᠢᠶᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ᠃ ᠠᠷᠠᠯᠵᠢᠶ᠎ᠠ᠂ ᠪᠡᠯᠡ ᠣᠷᠣᠭᠤᠯᠤᠯᠲᠠ ᠵᠡᠷᠭᠡ | ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 5G᠂ ᠵᠣᠬᠢᠶᠠᠮᠠᠯ ᠤᠶᠤᠨ | ᠴᠢᠳᠠᠪᠤᠷᠢ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠠᠮᠲᠤᠷᠠᠯᠴᠠᠭ᠎ᠠ ᠪᠠᠨ ᠥᠷᠭᠡᠳᠬᠡᠶ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠠᠵᠤ | ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠬᠠᠷᠠᠭᠠᠯᠵᠠᠯᠲᠤ᠂ ᠲᠡᠩᠴᠡᠭᠦᠷᠢᠲᠡᠢ | ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠠᠬᠢᠭᠤᠯᠤᠶ᠎ᠠ᠃ | ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ | ᠸᠢᠶᠧᠲᠨᠠᠮ ᠤᠨ ᠨᠥᠬᠦᠷᠯᠡᠯ ᠤᠨ ᠭᠤᠣᠯ ᠭᠦᠭ ᠠᠶᠠᠰ ᠢ ᠴᠢᠪᠬᠠᠳᠠᠶ᠎ᠠ᠃ ᠳᠤᠮᠳᠠᠳᠤ ᠸᠢᠶᠧᠲᠨᠠᠮ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠵᠢᠴᠢ ︽ᠳᠤᠮᠳᠠᠳᠤ ᠸᠢᠶᠧᠲᠨᠠᠮ ᠤᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠣᠨ︾ ᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠳᠤᠮᠳᠠᠳᠤ ᠸᠢᠶᠧᠲᠨᠠᠮ ᠤᠨ | ᠨᠥᠬᠦᠷᠯᠡᠯ ᠤᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠪᠠᠷ ᠪᠠᠷᠠᠬᠤ ᠦᠭᠡᠢ ᠬᠤᠶᠠᠷ ᠤᠯᠤᠰ ᠤᠨ ᠬᠠᠷᠢᠯᠴᠠᠨ | ᠠᠰᠢᠭᠲᠠᠢ ᠬᠠᠮᠲᠤᠷᠠᠯᠴᠠᠭ᠎ᠠ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠴᠦ ᠰᠠᠶᠢᠲᠤᠷ | ᠶᠠᠷᠢᠶ᠎ᠠ᠃ ᠠᠷᠠᠳ ᠤᠨ ᠰᠡᠳᠬᠢᠯ ᠢ ᠣᠯᠬᠤ᠂ ᠠᠷᠠᠳ ᠤᠨ ᠰᠠᠨᠠᠭ᠎ᠠ ᠶᠢ ᠳᠠᠭᠠᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠨᠠᠩ ᠣᠯᠠᠨ ᠲᠥᠷᠥᠯ ᠵᠦᠢᠯ ᠢ ᠬᠡᠷᠡᠭᠵᠢᠭᠦᠯᠦᠶ᠎ᠡ ᠭᠡᠵᠦ ᠴᠢᠬᠤᠯᠠᠴᠢᠯᠠᠪᠠ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ ᠤᠨ ᠸᠢᠶᠧᠲᠨᠠᠮ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠪᠣᠯ ᠬᠤᠶᠠᠷ ᠤᠯᠤᠰ ᠤᠨ ᠡᠨᠡ ᠵᠢᠯ ᠤᠨ ᠬᠠᠮᠤᠭ ᠤᠨ ᠴᠢᠬᠤᠯᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠮᠥᠨ᠂ ᠸᠢᠶᠧᠲᠨᠠᠮ | ᠳᠤᠮᠳᠠᠳᠤ ᠶᠢᠨ ᠬᠠᠷᠢᠯᠴᠠᠭ᠎ᠠ ᠳᠠᠬᠢ ᠶᠡᠭᠡ ᠶᠠᠪᠤᠳᠠᠯ ᠪᠠᠶᠠᠷᠲᠤ ᠶᠠᠪᠤᠳᠠᠯ ᠪᠠᠶᠢᠵᠤ᠂ ᠲᠡᠦᠬᠡᠲᠦ ᠴᠢᠨᠠᠷᠲᠠᠢ ᠠᠴᠢ | ᠬᠤᠯᠪᠣᠭᠳᠠᠯ ᠲᠠᠢ ᠶᠤᠮ᠃ ᠸᠢᠶᠧᠲᠨᠠᠮ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ | ᠬᠥᠲᠥᠯᠥᠨ ᠳᠠᠭᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ | ᠨᠢ ᠯᠠᠪᠲᠠᠢ ᠶᠤᠮ ᠭᠡᠵᠦ ᠢᠯᠡᠳᠬᠡᠪᠡ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ 2023 ᠣᠨ ᠳᠤ ᠸᠢᠶᠧᠲᠨᠠᠮ ᠳᠤ ᠠᠶᠢᠯᠴᠢᠯᠠᠯᠲᠠ ᠬᠢᠭᠰᠡᠨ ᠠᠴᠠ | ᠨᠠᠭᠠᠰᠢ ᠬᠤᠶᠠᠷ ᠤᠯᠤᠰ ᠤᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠤᠯᠠᠮ ᠨᠢᠭᠡ ᠠᠯᠬᠤᠮ | ᠴᠢᠩᠭᠠᠷᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠴᠢᠬᠤᠯᠠ ᠶᠡᠭᠡ ᠠᠬᠢᠴᠠ ᠲᠠᠢ ᠪᠣᠯᠵᠤ᠂ ᠠᠷᠠᠳ ᠲᠦᠮᠡᠨ ᠤ | ᠨᠥᠭᠦᠷᠰᠡᠭ ᠬᠠᠶᠢᠷ᠎ᠠ ᠰᠡᠳᠬᠢᠯᠭᠡ ᠡᠳᠦᠷ ᠢᠷᠡᠬᠦᠶ᠎ᠡ ᠭᠦᠨᠵᠡᠭᠡᠶᠢᠷᠡᠪᠡ᠃ ᠸᠢᠶᠧᠲᠨᠠᠮ ᠤᠨ ᠬᠢᠨ ᠳᠤᠮᠳᠠᠳᠤ ᠤᠯᠤᠰ | ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ | ᠪᠦᠬᠦᠢ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ | ᠠᠬᠢᠭᠤᠯᠬᠤ ᠪᠠᠷ ᠵᠣᠷᠢᠭ ᠰᠢᠭᠤᠳᠴᠤ ᠪᠠᠶᠢᠨ᠎ᠠ᠃ ᠸᠢᠶᠧᠲᠨᠠᠮ ᠤᠨ ᠬᠢᠨ ᠳᠤᠮᠳᠠᠳᠤ ᠤᠯᠤᠰ ᠤᠨ ᠣᠯᠣᠭᠰᠠᠨ ᠯᠤᠲᠤ ᠶᠡᠭᠡ | ᠬᠥᠭᠵᠢᠯᠲᠡ ᠶᠢᠨ ᠠᠮᠵᠢᠯᠲᠠ ᠪᠦᠲᠦᠮᠵᠢ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ | ᠦᠷᠭᠦᠯᠵᠢᠯᠡᠨ ᠬᠥᠭᠵᠢᠨ ᠪᠤᠵᠠᠭᠠᠶᠢᠷᠠᠬᠤ ᠶᠢ ᠳᠡᠮᠵᠢᠵᠦ ᠪᠠᠶᠢᠨ᠎ᠠ᠃ ᠳᠤᠮᠳᠠᠳᠤ ᠤᠯᠤᠰ ᠤᠨ ᠨᠠᠮ ᠢ ᠵᠠᠰᠠᠬᠤ ᠲᠦᠷᠦ ᠶᠢ | ᠵᠠᠰᠠᠬᠤ ᠲᠤᠷᠰᠢᠯᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ | ᠵᠣᠷᠢᠭ ᠰᠠᠨᠠᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠣᠶᠢᠯᠠᠭᠠᠭᠳᠠᠬᠤᠨ ᠤ ᠵᠠᠭᠪᠤᠷ ᠢ | ᠰᠤᠷᠤᠯᠴᠠᠬᠤ ᠶᠢ ᠬᠦᠰᠡᠵᠦ ᠪᠠᠶᠢᠨ᠎ᠠ᠃ ᠸᠢᠶᠧᠲᠨᠠᠮ ᠤᠨ ᠬᠢᠨ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ | ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠮᠥᠩᠭᠦᠨ ᠭᠦᠢᠯᠭᠡᠭᠡᠨ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠪᠣᠯᠣᠨ | ᠨᠡᠮᠡᠭᠳᠡᠯ ᠤᠨ ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠬᠠᠮᠲᠤ ᠪᠠᠷ | ᠠᠷᠭᠠᠴᠠᠭᠠᠬᠤ ᠶᠢ ᠬᠦᠰᠡᠵᠦ ᠪᠠᠶᠢᠨ᠎ᠠ᠃ ︽ᠸᠢᠶᠧᠲᠨᠠᠮ ᠳᠤᠮᠳᠠᠳᠤ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ | ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠥᠮᠥᠰ ᠤᠨ ᠶᠠᠪᠤᠯᠴᠠᠭ᠎ᠠ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ | ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ ᠶᠢᠨ ᠴᠠᠭ ᠤᠨ ᠪᠠᠶᠢᠳᠠᠯ ᠳᠣᠣᠷ᠎ᠠ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠤᠯᠠᠨ ᠲᠠᠯᠠᠲᠤ ᠦᠵᠡᠯ ᠪᠣᠯᠣᠨ ᠳᠡᠯᠡᠬᠡᠢ ᠶᠢᠨ ᠡᠮᠬᠢ ᠳᠢᠭᠯᠢᠮ ᠢ ᠬᠠᠮᠲᠤ ᠪᠠᠷ | ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | | |