﹇ᠰᠤᠳᠤᠯᠤᠨ ᠶᠠᠷᠢᠯᠴᠠᠬᠤ ᠬᠤᠷᠠᠯ﹈ ᠲᠣᠭᠤᠷᠢᠨ ᠰᠣᠨᠣᠰᠴᠤ ᠦᠷ᠎ᠡ ᠪᠦᠲᠦᠮᠵᠢ ᠶᠢ ᠠᠰᠠᠭᠤᠵᠤ᠂  ᠰᠤᠯᠠ ᠰᠣᠨᠤᠰᠴᠤ ᠦᠨᠡᠨ ᠪᠣᠳᠠᠲᠠᠢ ᠶᠢ ᠡᠷᠬᠢᠮᠯᠡᠬᠦ — ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/17
        2025 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 4 ᠳ᠋ᠤᠭᠡᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢᠨ ᠲᠣᠭᠤᠷᠢᠨ ᠳᠤ ᠰᠤᠷᠤᠯᠴᠠᠵᠤ ᠰᠤᠳᠤᠯᠤᠨ ᠶᠠᠷᠢᠯᠴᠠᠪᠠ᠃ ᠬᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠬᠠᠰ ᠡᠷᠬᠢᠯᠡᠵᠦ ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠣᠷᠣᠯᠴᠠᠭᠰᠠᠨ ᠪᠥᠭᠡᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠲᠣᠭᠤᠷᠢᠨ ᠰᠣᠨᠤᠰᠴᠤ ᠰᠤᠯᠠ ᠰᠣᠨᠣᠰᠬᠤ ᠠᠵᠢᠯ ᠤᠨ ᠳᠤᠭᠤᠶᠢᠯᠠᠩ ᠤᠨ ᠸᠧᠨ ᠵᠢᠶᠧ᠂ ᠳ᠋ᠢᠩ ᠰᠢᠤᠸᠠᠢ ᠹᠠᠩ ᠨᠥᠬᠦᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
图片1.png
        ᠬᠤᠷᠠᠯ ᠳᠡᠭᠡᠷ᠎ᠡ᠂ ᠨᠠᠮ ᠤᠨ ᠠᠵᠢᠯᠯᠠᠬᠤ ᠬᠤᠷᠢᠶᠠᠨ ᠤ ᠱᠦᠵᠢ ᠬᠠᠰ ᠨᠦᠬᠦᠷ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠳᠠᠷᠠᠭ᠎ᠠ ᠨᠢ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃        ᠰᠤᠷᠤᠯᠴᠠᠵᠤ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠲᠣᠭᠤᠷᠢᠨ ᠰᠣᠨᠤᠰᠴᠤ ᠰᠤᠯᠠ ᠰᠣᠨᠣᠰᠬᠤ ᠳᠤᠭᠤᠶᠢᠯᠠᠩ ᠤᠨ ᠳᠠᠷᠤᠭ᠎ᠠ ᠸᠧᠨ ᠵᠢᠶᠧ ᠨᠥᠬᠦᠷ ᠲᠣᠰ ᠤᠳᠠᠭᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠦᠨᠡᠯᠡᠵᠦ᠂ ᠨᠠᠮ ᠤᠨ ᠠᠵᠢᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠤᠯᠴᠠᠯᠭ᠎ᠠ ᠶᠢᠨ ᠪᠡᠯᠡᠳᠬᠡᠯ ᠭᠦᠢᠴᠡᠳ᠂ ᠭᠤᠤᠯ ᠰᠡᠳᠦᠪ ᠢᠯᠡ ᠲᠣᠳᠣ᠂ ᠪᠣᠳᠠᠲᠠᠶ ᠲᠠᠢ ᠪᠠᠨ ᠤᠶᠠᠯᠳᠤᠭᠤᠯᠤᠨ᠂ ᠦᠵᠡᠯ ᠰᠠᠨᠠᠭ᠎ᠠ ᠶᠢ ᠨᠢᠭᠲᠠᠷᠠᠭᠤᠯᠬᠤ᠂ ᠲᠠᠨᠢᠯᠲᠠ ᠪᠠᠨ ᠭᠦᠨᠵᠡᠭᠡᠶᠢᠷᠡᠭᠦᠯᠬᠦ ᠵᠢᠱᠢᠭᠰᠡᠨ ᠦᠷ᠎ᠡ ᠪᠦᠲᠦᠮᠵᠢ ᠳᠤ ᠬᠦᠷᠪᠡ ᠭᠡᠵᠦ ᠦᠵᠡᠬᠦ ᠶᠢᠨ ᠬᠠᠮᠲᠤ ᠨᠠᠮ ᠤᠨ ᠠᠵᠢᠯ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢ ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠠᠨᠠᠭᠤᠯᠭ᠎ᠠ ᠰᠠᠨᠠᠯ ᠳᠤᠷᠠᠳᠪᠠ᠃        ᠬᠠᠰ ᠳ᠋ᠦᠩᠨᠡᠯᠲᠡ ᠶᠢᠨ ᠶᠠᠷᠢᠶᠠᠨ ᠳᠠᠭᠠᠨ᠂ ᠨᠢᠭᠡ ᠳᠤ᠂ ᠤᠨᠤᠯ ᠢᠶᠠᠷ ᠮᠡᠳᠡᠯᠭᠡ ᠪᠠᠨ ᠵᠡᠪᠰᠡᠭᠯᠡᠵᠦ᠂ ᠦᠵᠡᠯ ᠰᠠᠨᠠᠭᠠᠨ ᠤ ᠵᠠᠯᠠᠭᠤᠷ ᠢᠶᠠᠨ ᠯᠠᠪᠳᠠᠭᠤᠨ ᠡᠵᠡᠮᠳᠡᠬᠦ ᠬᠡᠷᠡᠭᠲᠡᠢ ᠃ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠴᠢᠬᠤᠯᠠ ᠵᠢᠷᠤᠮᠯᠠᠯ ᠮᠥᠨ᠂ ᠭᠦᠨ ᠭᠦᠨᠵᠡᠭᠡᠶ ᠠᠭᠤᠯᠤᠭᠳᠠᠬᠤᠨ ᠪᠠ ᠠᠯᠤᠰ ᠬᠡᠲᠦ ᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠲᠠᠰᠤᠷᠠᠯᠲᠠ ᠥᠬᠡᠶ ᠰᠤᠷᠤᠯᠴᠠᠬᠤ ᠪᠠᠷ ᠳᠠᠮᠵᠢᠭᠤᠯᠤᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠠᠮᠠᠨ ᠳᠡᠭᠡᠷ᠎ᠡ ᠪᠠᠨ ᠵᠣᠭᠰᠣᠭᠠᠵᠤ ᠪᠣᠯᠬᠤ ᠥᠬᠡᠶ᠂ ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠤᠳᠠᠭ᠎ᠠ ᠪᠦᠷᠢ ᠶᠢᠨ ᠠᠵᠢᠯᠯᠠᠭ᠎ᠠ ᠳᠤᠮᠳᠠ ᠦᠨᠡᠨ ᠬᠦ ᠢᠯᠡᠷᠡᠭᠦᠯᠬᠦ ᠬᠡᠷᠡᠭᠲᠡᠶ᠃ ᠬᠤᠶᠠᠷ ᠲᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠭᠡᠰᠢᠭᠦᠨ  ᠺᠠᠳ᠋ᠷᠴᠤᠳ ᠨᠡᠶᠢᠭᠡᠮ ᠲᠣᠭᠤᠷᠢᠭ᠂ ᠬᠠᠷᠢᠶ᠎ᠠ ᠲᠣᠭᠤᠷᠢᠭ ᠤᠨ ᠠᠵᠤ ᠠᠬᠤᠶᠢᠯᠠᠯ ᠳᠤ ᠭᠦᠨᠵᠡᠭᠡᠶᠢᠷᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠣᠯᠤᠨ ᠬᠦᠴᠢᠷᠳᠡᠯ ᠢ ᠣᠶᠢᠯᠠᠭᠠᠵᠤ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠨᠡᠶᠢᠭᠡᠮ ᠲᠣᠭᠤᠷᠢᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠰᠠᠭᠤᠭᠠᠯᠢ ᠠᠷᠠᠳ ᠤᠨ ᠬᠡᠷᠡᠭᠴᠡᠭᠡ ᠶᠢ ᠢᠳᠡᠪᠬᠢᠲᠡᠢ ᠪᠠᠶᠢᠴᠠᠭᠠᠨ ᠰᠤᠳᠤᠯᠵᠤ᠂ ᠤᠨᠴᠠᠯᠢᠬᠳᠤ ᠲᠦᠷᠦᠯ ᠵᠦᠢᠯ ᠢ ᠴᠣᠭᠴᠠᠯᠠᠬᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠤ ᠦᠢᠯᠡᠰ ᠢ ᠥᠷᠭᠡᠳᠬᠡᠬᠦ ᠵᠡᠷᠭᠡ ᠶᠢ ᠣᠨᠤᠪᠴᠢᠲᠠᠢ ᠲᠥᠯᠥᠪᠵᠢᠭᠦᠯᠵᠦ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ ᠨᠠᠮ ᠤᠨ ᠪᠣᠳᠠᠲᠠᠢ ᠶᠢ ᠡᠷᠬᠢᠮᠯᠡᠬᠦ ᠰᠤᠷᠲᠠᠯ ᠢ ᠲᠠᠶᠢᠯᠪᠤᠷᠢᠯᠠᠵᠤ᠂ ᠰᠠᠭᠤᠭᠠᠯᠢ ᠠᠷᠠᠳ ᠲᠤ ᠨᠠᠮ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ ᠡᠷᠡᠰ ᠵᠣᠷᠢᠭ ᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号