ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠣᠷᠳᠣ | ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 9 ᠤ ᠡᠳᠦᠷ ᠠᠴᠠ 10 ᠤ | ᠡᠳᠦᠷ ᠪᠣᠯᠲᠠᠯ᠎ᠠ᠂ ᠰᠢᠭᠤᠶᠢᠲᠦ ᠵᠡᠭᠡᠯᠢ ᠭᠤᠳᠤᠮᠵᠢ ᠶᠢᠨ ᠬᠢᠨ ᠬᠤᠶᠠᠷ ᠡᠳᠦᠷ ᠤᠨ ᠬᠤᠭᠤᠴᠠᠭ᠎ᠠ ᠲᠠᠢ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠯᠭ᠎ᠠ ᠶᠢᠨ ᠠᠩᠭᠢ ᠡᠷᠭᠢᠯᠡᠪᠡ᠃ ᠨᠠᠮ ᠤᠨ ᠠᠵᠢᠯ ᠤᠨ ᠬᠤᠷᠢᠶᠠᠨ ᠤ ᠱᠦᠵᠢ ᠬᠠᠰ | ᠡᠷᠬᠢᠯᠡᠨ ᠶᠠᠷᠢᠶ᠎ᠠ ᠲᠠᠯᠪᠢᠵᠤ᠂ ᠨᠠᠮ ᠤᠨ ᠠᠵᠢᠯ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠨ ᠂ ᠡᠯ᠎ᠡ | ᠨᠠᠮ ᠤᠨ ᠡᠭᠦᠷ ᠤᠨ ᠨᠠᠮ ᠤᠨ ᠭᠡᠰᠢᠭᠦᠨ᠂ ᠵᠠᠯᠠᠭᠤ ᠺᠠᠳ᠋ᠷ ᠵᠡᠷᠭᠡ ᠬᠥᠮᠦᠰ ᠣᠷᠣᠯᠴᠠᠪᠠ᠃ | | ᠲᠣᠰ ᠤᠳᠠᠭᠠᠨ ᠤ ᠤᠩᠰᠢᠯᠭ᠎ᠠ ᠶᠢᠨ ᠠᠩᠭᠢ ᠨᠢ ᠲᠥᠪᠯᠡᠷᠡᠭᠦᠯᠦᠨ ᠰᠤᠷᠤᠯᠴᠠᠬᠤ᠂ ᠲᠤᠰᠬᠠᠶ ᠰᠡᠳᠦᠪ ᠢᠶᠠᠷ | ᠬᠠᠪᠰᠤᠷᠤᠨ ᠵᠢᠯᠣᠭᠤᠳᠬᠤ ᠪᠠ ᠲᠥᠪᠯᠡᠷᠡᠭᠦᠯᠦᠨ ᠰᠤᠳᠤᠯᠤᠨ ᠶᠠᠷᠢᠯᠴᠠᠬᠤ ᠬᠡᠯᠪᠡᠷᠢ ᠪᠠᠷ ᠶᠠᠪᠤᠭᠳᠠᠪᠠ᠃ ᠪᠦᠬᠦ | ᠨᠠᠮ ᠤᠨ ᠭᠡᠰᠢᠭᠦᠨ ᠺᠠᠳ᠋ᠷᠴᠤᠳ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ | ᠫᠢᠩ ᠤᠨ ᠥᠭᠦᠯᠡᠯᠲᠡ ᠶᠢᠨ ᠲᠡᠭᠦᠪᠦᠷᠢ︾ ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠲᠤᠬᠠᠢ ᠲᠥᠪᠯᠡᠷᠡᠭᠦᠯᠦᠨ ᠰᠤᠷᠤᠯᠴᠠᠪᠠ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠯᠧᠺᠲ᠋ᠣᠷ ᠵᠠᠩ | ᠱᠦ ᠵᠢᠶᠦ᠋ᠨ ︽ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ — ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ︾ ᠲᠤᠬᠠᠢ ᠲᠤᠰᠬᠠᠢ ᠰᠡᠳᠦᠪᠲᠦ ᠬᠠᠪᠰᠤᠷᠤᠨ | ᠵᠢᠯᠤᠭᠤᠳᠤᠯᠭ᠎ᠠ ᠬᠢᠵᠡᠢ᠃ ᠨᠠᠮ ᠤᠨ ᠭᠡᠰᠢᠭᠦᠨ ᠺᠠᠳ᠋ᠷᠴᠤᠳ ᠥᠪᠡᠷ ᠤᠨ ᠦᠵᠡᠯ ᠰᠠᠨᠠᠭ᠎ᠠ ᠪᠠ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠲᠣᠰ ᠤᠳᠠᠭᠠᠨ ᠤ ᠰᠤᠷᠤᠯᠴᠠᠬᠤ | ᠠᠭᠤᠯᠭ᠎ᠠ ᠶᠢ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠠᠰ ᠴᠢᠬᠤᠯᠠᠴᠢᠯᠠᠬᠤ ᠳᠠᠭᠠᠨ ᠂ ᠨᠢᠭᠡ ᠳᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠤᠯᠤᠰ ᠲᠦᠷᠦ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ | ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ | ᠪᠠᠶᠢᠭᠤᠯᠤᠯᠲᠠ ᠶᠢᠨ ︽ᠠᠯᠲᠠᠨ ᠨᠡᠷ᠎ᠡ ᠶᠢᠨ ᠬᠠᠭᠤᠳᠠᠰᠤ︾ ᠮᠥᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ | ᠴᠢᠬᠤᠯᠠ ᠰᠢᠪᠲᠤᠯᠤᠯᠲᠠ ᠶᠢᠨ ᠴᠡᠭ ᠮᠥᠨ᠃ ᠤᠳᠤᠷᠢᠳᠬᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭᠠᠨ ᠤ ᠤᠬᠠᠮᠰᠠᠷ ᠪᠣᠯᠭᠠᠨ | ᠬᠤᠪᠢᠷᠠᠭᠤᠯᠬᠤ ᠬᠡᠷᠡᠭᠲᠡᠢ᠃ ᠬᠤᠶᠠᠷ ᠲᠤ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ ᠶᠢ ᠨᠢᠭᠡ | ᠴᠤᠭᠴᠠᠵᠢᠭᠤᠯᠤᠨ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠳᠤ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠳᠤᠪᠤᠶᠢᠯᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠢ ᠪᠠᠶᠢᠴᠠᠭᠠᠵᠤ ᠨᠠᠷᠢᠨ | ᠬᠠᠷᠭᠤᠭᠤᠯᠵᠤ᠂ ᠦᠨᠡᠨ ᠬᠦ ᠰᠠᠶᠢᠵᠢᠷᠠᠭᠤᠯᠵᠤ ᠪᠣᠳᠠᠲᠠᠢ ᠥᠭᠡᠷᠡᠴᠢᠯᠡᠬᠦ ᠶᠢ ᠪᠠᠷᠢᠮᠲᠠᠯᠠᠬᠤ ᠬᠡᠷᠡᠭᠲᠡᠢ᠃ ᠤᠳᠤᠷᠢᠳᠬᠤ | ᠺᠠᠳ᠋ᠷᠴᠤᠳ ᠤᠭ ᠵᠣᠬᠢᠶᠠᠯ ᠢ ᠤᠩᠰᠢᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠲᠠᠷᠢᠬᠢ | ᠲᠣᠯᠣᠭᠠᠢ ᠳᠠᠭᠠᠨ ᠬᠠᠳᠠᠩᠰᠢᠭᠤᠯᠵᠤ᠂ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠬᠤ ᠬᠡᠷᠡᠭᠲᠡᠢ︔ ᠬᠡᠯᠪᠡᠷᠢᠴᠢ | ᠦᠵᠡᠯ᠂ ᠨᠣᠶᠠᠨᠴᠢ ᠰᠤᠷᠲᠠᠯ ᠤᠨ ᠰᠢᠨ᠎ᠡ ᠢᠯᠡᠷᠡᠯ ᠪᠣᠯᠤᠨ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ | ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠦᠷᠢᠶ᠎ᠡ ᠪᠠᠨ ᠪᠦᠬᠦ | ᠲᠠᠯ᠎ᠠ ᠪᠠᠷ ᠡᠷᠢᠬᠦ ᠬᠡᠷᠡᠭᠲᠡᠢ︔ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠲᠦᠷᠢᠮ | ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠢ᠃ | ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ | ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠤ ᠦᠢᠯᠡᠳᠦᠯ ᠢᠶᠠᠨ ᠪᠠᠳᠠᠷᠠᠭᠤᠯᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ᠂ | ᠲᠦᠷᠦᠭᠦᠯᠡᠨ ᠨᠠᠶᠢᠳᠠᠪᠤᠷᠢᠵᠢᠭᠤᠯᠬᠤ ᠬᠡᠷᠡᠭᠲᠡᠶ︔ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ | ᠴᠢᠩᠭ᠎ᠠ ᠭᠦᠢᠴᠡᠳᠬᠡᠵᠦ᠂ ᠠᠵᠢᠯ ᠢᠶᠠᠨ ᠰᠠᠶᠢᠲᠤᠷ ᠬᠢᠬᠦ ᠮᠥᠷᠲᠡᠭᠡᠨ ᠪᠠᠰᠠ ᠡᠩᠨᠡᠭᠡ ᠪᠠᠨ ᠰᠠᠶᠢᠲᠤᠷ ᠳᠠᠭᠠᠭᠤᠯᠬᠤ | ᠬᠡᠷᠡᠭᠲᠡᠢ︔ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠬᠢᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠪᠣᠳᠠᠲᠠᠢ | ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠳᠤ ᠰᠤᠷᠲᠠᠯ ᠤᠨ ᠬᠤᠪᠢᠷᠠᠭᠤᠯᠤᠯᠲᠠ ᠶᠢᠨ ᠪᠣᠳᠠᠲᠤ ᠦᠷ᠎ᠡ | ᠪᠦᠲᠦᠮᠵᠢ ᠶᠢ ᠮᠡᠳᠡᠷᠡᠭᠦᠯᠬᠦ ᠬᠡᠷᠡᠭᠲᠡᠢ︔ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ | ᠭᠤᠣᠯᠳᠠᠯᠭ᠎ᠠ ᠪᠣᠯᠬᠤ ᠡᠭᠦᠷᠭᠡ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠷ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ ᠭᠡᠪᠡ᠃ | |