ᠠᠷᠠᠳ ᠤᠨ ᠪᠠᠶᠢᠳᠠᠯ ᠢ ᠣᠶᠢᠯᠠᠭᠠᠵᠤ᠂ ᠵᠡᠭᠡᠯᠢ ᠭᠤᠳᠤᠮᠵᠢ ᠪᠠᠷ ᠶᠠᠪᠤᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/2
        ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠵᠢᠳᠬᠦᠨ᠎ᠠ︾᠂ ᠡᠭᠡᠯ ᠪᠣᠷᠣᠭᠵᠢᠭᠤᠨ ᠦᠭᠡ ᠶᠠᠷᠢᠶ᠎ᠠ ᠂ ᠠᠷᠠᠳ ᠤᠨ ᠪᠠᠶᠢᠳᠠᠯ ᠢ ᠴᠤᠭᠯᠠᠭᠤᠯᠬᠤ᠂ ︽ᠠᠯᠳᠠᠨ ᠬᠠᠭᠤᠳᠠᠰᠤ︾ ᠶᠢ ᠴᠤᠭᠯᠠᠭᠤᠯᠬᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ︽ᠭᠤᠷᠪᠠ ᠶᠢ ᠵᠡᠷᠭᠡᠪᠡᠷ ᠬᠠᠮᠢᠶᠠᠷᠬᠤ︾ ᠶᠢ  ᠠᠬᠢᠭᠤᠯᠬᠤ ᠭᠦᠨᠵᠡᠭᠡᠢ ᠪᠠᠶᠢᠴᠠᠭᠠᠨ ᠰᠤᠳᠤᠯᠤᠯᠲᠠ ᠶᠠᠭ ᠬᠦᠷ ᠬᠥᠭᠵᠢᠶᠡᠨ ᠲᠠᠢ ᠦᠷᠨᠢᠨ᠎ᠡ ᠃ ᠣᠶᠢᠷ᠎ᠠ ᠳᠤ ᠂ ᠰᠢᠭᠤᠶᠢᠲᠤ  ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠂ ︽ᠵᠣᠭᠤᠭ ᠳᠡᠯᠭᠡᠬᠦ ︾ ᠬᠡᠪ ᠴᠢᠨᠠᠷ ᠢᠶᠠᠷ ᠠᠷᠠᠳ ᠤᠨ ᠠᠮᠢᠳᠤᠷᠠᠯ ᠢ ᠰᠣᠨᠣᠰᠴᠤ᠂ ︽ᠠᠷᠠᠳ ᠤᠨ ᠪᠠᠶᠢᠳᠠᠯ ᠢ ᠶᠠᠷᠢᠬᠤ ︾ ᠴᠢᠩ ᠦᠨᠡᠨᠴᠢ ᠣᠪᠣᠷ ᠢᠶᠠᠷ ᠭᠤᠮᠣᠳᠠᠯ ᠱᠠᠭᠠᠷᠳᠠᠯᠭ᠎ᠠ ᠶᠢ ᠡᠮᠬᠢᠯᠡᠵᠦ᠂ ︽ᠵᠡᠭᠡᠯᠢ ᠭᠤᠳᠤᠮᠵᠢ ᠪᠠᠷ ᠶᠠᠪᠤᠬᠤ︾ ᠦᠢᠯᠡᠳᠦᠯᠭᠡ ᠳᠤ ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ ᠶᠢ ᠲᠣᠳᠣᠷᠬᠠᠢ ᠣᠶᠢᠯᠠᠭᠠᠪᠠ ᠃ 
        ᠲᠥᠯᠥᠭᠡᠯᠡᠭᠴᠢᠳ ᠠᠶᠢᠯ ᠡᠷᠦᠬᠡ ᠪᠠᠷ ᠶᠠᠪᠤᠵᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠰᠡᠳᠬᠢᠯ ᠨᠢᠭᠡᠳᠦᠨ ᠰᠠᠨᠠᠯ ᠢᠶᠠᠨ ᠰᠣᠯᠢᠯᠴᠠᠵᠤ᠂ ᠠᠷᠠᠳ ᠤᠨ ᠰᠠᠨᠠᠭ᠎ᠠ ᠶᠢ ᠬᠦᠯᠢᠴᠡᠩᠭᠦᠶ ᠪᠠᠷ ᠰᠣᠨᠣᠰᠴᠤ᠂ ᠣᠯᠠᠨ ᠲᠦᠮᠡᠨ ᠤ ᠬᠠᠮᠤᠭ ᠠᠴᠠ ᠬᠠᠯᠠᠮᠵᠢᠯᠠᠵᠤ ᠪᠠᠶᠢᠭ᠎ᠠ᠂ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠣᠶᠢᠯᠠᠭᠠᠪᠠ᠃ ᠬᠡᠰᠡᠭ ᠠᠷᠠᠳ ᠠᠨ ᠵᠢᠤᠢ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠬᠡᠷᠡᠮ ᠤᠨ ᠬᠠᠯᠢᠰᠤ ᠨᠢ ᠤᠨᠠᠭᠰᠠᠨ᠂ ᠬᠠᠷᠢᠶᠠᠨ ᠤ ᠳᠣᠲᠣᠷᠠᠬᠢ ᠭᠠᠵᠠᠷ ᠴᠥᠮᠥᠷᠡᠭᠰᠡᠨ ᠵᠡᠷᠭᠡ ᠪᠠᠶᠢᠳᠠᠯ ᠢ ᠲᠤᠰᠬᠠᠪᠠ᠃ ᠣᠯᠠᠨ ᠲᠦᠮᠡᠨ ᠤ ᠳᠤᠷᠠᠳᠤᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠤᠭ ᠤᠨ ᠴᠢᠩᠭ᠎ᠠ ᠲᠤᠰᠬᠠᠯ ᠲᠠᠢ ᠠᠰᠠᠭᠤᠳᠠᠯ ᠤᠨ ᠲᠤᠬᠠᠶ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ ᠨᠢᠭᠡᠳ ᠨᠢᠭᠡ ᠪᠠᠷ ᠡᠮᠬᠢᠯᠡᠨ ᠬᠤᠷᠢᠶᠠᠩᠭᠤᠶᠢᠯᠠᠭᠰᠠᠨ ᠤ ᠳᠠᠷᠠᠭ᠎ᠠ ᠲᠥᠷᠥᠯ ᠬᠤᠪᠢᠶᠠᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠰᠢᠶᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠷᠢᠯᠴᠠᠨ ᠵᠣᠬᠢᠴᠠᠭᠤᠯᠵᠤ ᠪᠠᠶᠢᠭᠠᠳ ᠰᠢᠢᠳᠪᠦᠷᠢᠯᠡᠵᠦ᠂ ᠮᠥᠷᠳᠡᠨ ᠬᠢᠨᠠᠯᠲᠠ ᠲᠠᠯᠪᠢᠵᠤ᠂ ᠠᠰᠠᠭᠤᠳᠠᠯ ᠢ ᠡᠷᠲᠡᠬᠡᠨ ᠰᠢᠢᠳᠪᠦᠷᠢᠯᠡᠬᠦ ᠶᠢ ᠠᠬᠢᠭᠤᠯᠪᠠ᠃        ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠥᠯ ᠢᠶᠠᠷ ᠢᠶᠠᠨ ︽ᠠᠷᠠᠳ ᠤᠨ ᠪᠠᠶᠢᠳᠠᠯ ᠤᠨ ᠭᠠᠵᠠᠷ ᠤᠨ ᠵᠢᠷᠤᠭ︾ ᠢ ᠵᠢᠷᠣᠭᠯᠠᠭᠰᠠᠨ ᠨᠢ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠪᠢᠴᠢᠯ ᠬᠤᠷᠢᠶᠠᠩᠭᠤᠢ ᠳᠦᠷᠰᠦ ᠪᠣᠯᠬᠤ ᠪᠠᠷ ᠪᠠᠷᠠᠬᠤ ᠦᠭᠡᠢ᠂ ᠨᠡᠩ ᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠠᠨ ᠲᠦᠮᠡᠨ ᠤ ᠰᠠᠶᠢᠨ ᠰᠠᠶᠢᠬᠠᠨ ᠤᠯᠤᠯᠴᠠᠭ᠎ᠠ ᠰᠣᠯᠢᠯᠴᠠᠭ᠎ᠠ ᠶᠢᠨ ᠬᠥᠭᠦᠷᠭᠡ ᠶᠢ ᠪᠤᠰᠬᠠᠭᠰᠠᠨ ᠶᠠᠪᠤᠳᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠨᠢ ︽ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ᠂ ᠨᠢᠭᠡᠳᠦᠭᠡᠷ ᠹᠷᠣᠨᠲ ᠲᠤ ᠰᠢᠢᠳᠪᠦᠷᠢᠯᠡᠬᠦ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠠᠨᠳᠠᠯᠢ ᠲᠠᠯᠪᠢᠵᠤ ᠤᠴᠢᠷ ᠶᠠᠪᠤᠳᠠᠯ ᠢ ᠶᠠᠷᠢᠯᠴᠠᠬᠤ︾᠂ ᠵᠡᠭᠡᠯᠢ ᠭᠤᠳᠤᠮᠵᠢ ᠪᠠᠷ ᠶᠠᠪᠤᠬᠤ ᠵᠡᠷᠭᠡ ᠬᠡᠯᠪᠡᠷᠢ ᠪᠠᠷ ᠤᠯᠠᠨ ᠲᠦᠮᠡᠨ ᠤ ︽ᠵᠣᠯ ᠵᠢᠷᠭᠠᠯ ᠤᠨ ᠤᠤᠷ ᠥᠩᠭᠡ︾ ᠶᠢ ᠭᠡᠷᠡᠯᠳᠦᠬᠦᠯᠵᠦ᠂ ᠬᠠᠯᠠᠭᠤᠨ ᠳᠤᠯᠠᠭᠠᠨ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠵᠦ᠂ ︽ᠵᠣᠭᠤᠭ ᠳᠡᠯᠭᠡᠵᠦ︾ ᠢᠲᠡᠭᠡᠯ ᠢ ᠪᠤᠢ  ᠪᠣᠯᠭᠠᠵᠤ ᠂ ︽ᠠᠷᠠᠳ ᠤᠨ ᠪᠠᠶᠢᠳᠠᠯ ᠢ ᠶᠠᠷᠢᠵᠤ︾ ᠰᠠᠶᠢᠨ ᠠᠷᠭ᠎ᠠ ᠪᠤᠳᠤᠯᠭ᠎ᠠ ᠭᠠᠷᠭᠠᠵᠤ᠂ ︽ᠪᠠᠶᠢᠴᠠᠭᠠᠨ ᠰᠤᠳᠤᠯᠤᠯᠲᠠ ᠬᠢᠵᠦ ᠶᠠᠭᠠᠷᠠᠵᠤ ︾ ᠪᠣᠳᠠᠲᠤ ᠦᠷ᠎ᠡ ᠪᠦᠲᠦᠮᠵᠢ ᠭᠠᠷᠭᠠᠬᠤ ᠪᠣᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号