3 ᠳ᠋ᠤᠭᠠᠷ ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ | ᠢᠦᠢ ᠪᠦᠯᠬᠦᠮ ᠳᠠᠭᠠᠭᠤᠯᠤᠨ ᠮᠧᠩ ᠭᠤᠸᠠᠨ ᠴᠠᠭᠠᠨ ᠢᠳᠡᠭᠡ ᠪᠠ ᠬᠠᠭᠰᠠᠭᠠᠬᠤ ᠲᠦᠷᠦᠯ ᠤᠨ ᠪᠣᠭᠤᠷᠰᠤᠭ | ᠦᠢᠯᠡᠳᠪᠦᠷᠢᠯᠡᠬᠦ ᠲᠦᠷᠦᠯ ᠵᠦᠢᠯ᠂ ᠶᠢᠩ ᠺᠧ ᠷᠦᠢ ᠶᠦᠩ ᠰᠣᠷᠢᠨᠵᠢᠨ ᠮᠠᠲ᠋ᠧᠷᠢᠶᠠᠯ ᠤᠨ ᠰᠠᠭᠤᠷᠢ ᠮᠠᠲ᠋ᠧᠷᠢᠶᠠᠯ ᠤᠨ | ᠲᠦᠷᠦᠯ ᠵᠦᠢᠯ᠂ ᠲᠦᠸᠧ ᠬᠤᠩ ᠥᠨᠳᠥᠷ ᠴᠠᠬᠢᠭᠤᠷ ᠲᠡᠮᠦᠷ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ | ᠵᠦᠢᠯ ᠵᠡᠷᠭᠡ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠠᠶᠤᠯ ᠦᠭᠡᠢ | ᠦᠢᠯᠡᠳᠪᠦᠷᠢᠯᠡᠯ ᠵᠢᠴᠢ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠭᠠᠢ ᠯᠢᠶᠠᠨ ᠢᠦᠢ᠂ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠠᠶᠤᠯ ᠲᠦᠭᠰᠢᠭᠦᠷᠢ ᠶᠢᠨ | ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ | ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠨᠳᠥᠷ ᠣᠭᠲᠠᠷᠭᠤᠢ ᠠᠴᠠ ᠤᠨᠠᠬᠤ᠂ ᠪᠣᠳᠠᠰ ᠲᠤ ᠴᠣᠬᠢᠯᠲᠠ | ᠥᠭᠬᠦ ᠵᠡᠷᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠦᠬᠦ | ᠬᠦᠴᠦᠨ ᠢᠶᠠᠷ ᠢᠶᠠᠨ ᠨᠠᠷᠢᠯᠢᠭ ᠠᠳᠬᠤᠵᠤ᠂ ᠪᠣᠳᠠᠲᠠᠢ ᠠᠳᠬᠤᠵᠤ᠂ ᠰᠠᠶᠢᠲᠤᠷ ᠠᠳᠬᠤᠵᠤ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠠᠵᠢᠯᠯᠠᠬᠤ ᠭᠤᠭᠴᠤᠭ᠎ᠠ ᠨᠢᠭᠡᠪᠦᠷᠢ ᠳᠤ | ᠲᠤᠭᠤᠰᠢᠯᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠢᠬᠤᠯᠠ ᠶᠡᠭᠡ | ᠲᠥᠷᠥᠯ ᠵᠦᠢᠯ ᠤᠨ ᠦᠢᠯᠡᠴᠢᠯᠡᠭᠡᠨ ᠤ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠦᠴᠦᠨ ᠵᠦᠢᠯ ᠤᠨ ᠪᠠᠲᠤᠯᠠᠭ᠎ᠠ᠂ ᠭᠠᠷᠳᠠᠮ ᠭᠦᠢᠴᠡᠳᠬᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ | ᠲᠣᠭᠤᠷᠢᠨ ᠳᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠲᠣᠭᠲᠠᠯᠴᠠᠭ᠎ᠠ ᠶᠢ | ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠬᠡᠷᠡᠭᠴᠡᠭᠡ ᠱᠠᠭᠠᠷᠳᠠᠯᠭ᠎ᠠ ᠪᠠ | ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ | ᠦᠢᠯᠡᠴᠢᠯᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ ᠃ | ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠴᠧᠨ ᠵᠢᠶᠠ ᠵᠢᠶᠦ᠋ᠨ᠂ ᠮᠠ ᠪᠢᠨ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |