︽ᠬᠠᠮᠲᠤ ᠰᠤᠷᠤᠯᠴᠠᠬᠤ ᠴᠠᠭ ᠮᠦᠴᠡ︾ ᠬᠢᠴᠢᠶᠡᠯ ᠡᠬᠢᠯᠡᠯ᠎ᠡ  ᠱᠦᠵᠢ ᠶᠢᠨ ᠴᠣᠷ ᠤᠨ ᠭᠠᠭᠴᠠ ᠬᠤᠪᠢᠶᠠᠯᠴᠠᠯ  ᠪᠦᠷ ᠬᠡᠷᠡᠭᠲᠡᠢ ᠵᠦᠢᠯᠡᠰ
ᠨᠡᠶᠢᠲᠡᠯᠡᠭᠰᠡᠨ ᠴᠠᠭ᠄
2025/4/2
        3 ᠳ᠋ᠤᠭᠠᠷ ᠰᠠᠷ᠎ᠠ ᠶᠢᠨ 30 ᠤ ᠡᠳᠦᠷ᠂ ᠰᠢᠭᠤᠶᠢᠲᠤ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠣᠯᠤᠨ ᠵᠠᠯᠠᠭᠤ ᠺᠠᠳ᠋ᠷᠴᠤᠳ ᠤᠨ ︽ᠬᠠᠮᠲᠤ ᠰᠤᠷᠤᠯᠴᠠᠬᠤ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ 200 ᠭᠠᠷᠤᠢ ᠵᠠᠯᠠᠭᠤ ᠺᠠᠳ᠋ᠷ ᠲᠠᠢ ︽ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠲᠠᠨᠢᠯᠲᠠ ᠪᠠᠨ ᠶᠠᠷᠢᠵᠤ᠂ ᠣᠶᠢᠯᠠᠭᠠᠯᠲᠠ ᠪᠠᠨ ᠶᠠᠷᠢᠵᠤ᠂ ᠠᠷᠭ᠎ᠠ ᠬᠢᠳᠡᠯ ᠢᠶᠠᠨ ᠶᠠᠷᠢᠵᠤ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠦᠲᠦᠯᠦᠨ  ᠵᠢᠯᠤᠭᠤᠳᠪᠠ ᠃        ᠬᠤᠷᠠᠯ ᠳᠡᠭᠡᠷ᠎ᠡ᠂ 6 ᠵᠠᠯᠠᠭᠤ ᠺᠠᠳ᠋ᠷ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠥᠪᠡᠷ ᠤᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠭᠰᠠᠨ ᠪᠤᠰᠤᠳ ᠵᠠᠯᠠᠭᠤ ᠺᠠᠳ᠋ᠷᠴᠤᠳ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃        ᠤᠯᠠᠨ ᠤ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠭᠠᠢ ᠯᠢᠶᠠᠨ ᠢᠦᠢ ᠵᠠᠯᠠᠭᠤ ᠺᠠᠳ᠋ᠷᠴᠤᠳ ᠤᠨ ᠢᠯᠡᠷᠡᠭᠦᠯᠦᠭᠰᠡᠨ ᠬᠠᠷᠢᠭᠤᠴᠠᠯᠭ᠎ᠠ ᠡᠭᠦᠷᠭᠡᠯᠡᠯ ᠪᠣᠯᠤᠨ ᠲᠡᠮᠡᠴᠡᠯ ᠤᠨ ᠣᠷᠭᠢᠯᠤᠮ᠎ᠠ ᠰᠡᠳᠬᠢᠯᠭᠡ ᠶᠢ ᠭᠦᠢᠴᠡᠳ ᠨᠤᠲᠠᠯᠠᠭᠰᠠᠨ ᠪᠥᠭᠡᠳ ᠲᠤᠰ ᠪᠡᠶ᠎ᠡ ᠶᠢᠨ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ ᠵᠠᠯᠠᠭᠤ ᠺᠠᠳ᠋ᠷᠴᠤᠳ ᠲᠤ ᠲᠤᠷᠰᠢᠯᠭ᠎ᠠ ᠬᠢᠳᠡᠯ ᠢᠶᠠᠨ  ᠤᠯᠠᠮᠵᠢᠯᠠᠪᠠ ᠃ ᠭᠠᠢ ᠯᠢᠶᠠᠨ ᠢᠦᠢ᠂ ᠵᠠᠯᠠᠭᠤ ᠺᠠᠳ᠋ᠷᠴᠤᠳ ᠲᠥᠪ ᠬᠤᠷᠢᠶᠠᠨ ᠤ ᠤᠳᠠᠭ᠎ᠠ ᠪᠦᠷᠢ ᠶᠢᠨ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠢ ᠥᠷᠨᠢᠭᠦᠯᠬᠦ ᠶᠢᠨ ᠵᠣᠷᠢᠯᠭ᠎ᠠ ᠪᠣᠯᠤᠨ ᠠᠴᠢ ᠬᠤᠯᠪᠣᠭᠳᠠᠯ ᠢ ᠣᠨᠣᠪᠴᠢᠲᠠᠢ ᠣᠶᠢᠯᠠᠭᠠᠵᠤ᠂ ᠨᠠᠮ ᠤᠨ ᠠᠳᠠᠯᠢ ᠪᠤᠰᠤ ᠲᠡᠦᠬᠡᠨ ᠱᠠᠲᠤᠨ ᠳᠠᠬᠢ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ ᠤᠯᠤᠰ ᠲᠦᠷᠦ ᠶᠢᠨ ᠤᠶᠤᠨ ᠤᠬᠠᠭᠠᠨ ᠢ ᠭᠦᠨᠵᠡᠭᠡᠢ ᠡᠵᠡᠮᠳᠡᠵᠦ᠂ ᠲᠤᠰ ᠪᠡᠶ᠎ᠡ ᠶᠢᠨ ᠤᠨᠤᠯ ᠤᠨ ᠲᠦᠪᠰᠢᠨ ᠪᠣᠯᠤᠨ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠪᠠᠷᠢᠮᠵᠢᠶ᠎ᠠ ᠪᠣᠯᠭᠠᠵᠤ᠂ ᠰᠠᠬᠢᠯᠭ᠎ᠠ ᠪᠠᠲᠤ ᠶᠢᠨ ᠬᠥᠪᠴᠢ ᠪᠠᠨ ᠴᠢᠩᠭᠠᠯᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ︽ᠡᠭᠦᠷᠢᠳᠡ ᠵᠤᠬᠰᠤᠰᠢ ᠦᠭᠡᠢ ᠪᠠᠶᠢᠬᠤ︾ ᠤᠯᠤᠰ ᠲᠦᠷᠦ ᠶᠢᠨ ᠤᠬᠠᠮᠰᠠᠷ ᠢᠶᠠᠷ ︽ᠪᠠᠭ᠎ᠠ ᠶᠠᠪᠤᠳᠠᠯ ᠵᠢᠵᠢᠭ ᠶᠠᠪᠤᠳᠠᠯ︾ ᠠᠴᠠ ᠪᠠᠭ᠎ᠠ ᠳᠡᠭᠡᠷ᠎ᠡ ᠨᠢ ᠰᠡᠷᠭᠡᠶᠢᠯᠡᠵᠦ᠂ ︽ᠲᠦᠷᠪᠡᠨ ᠰᠤᠷᠲᠠᠯ︾ ᠤᠨ ᠲᠠᠯᠳᠠ ᠬᠤᠪᠢᠰᠤᠯᠲᠠ ᠶᠢ ᠡᠷᠡᠰ ᠬᠤᠷᠢᠭᠯᠠᠵᠤ᠂ ᠰᠤᠷᠤᠯᠴᠠᠯᠭ᠎ᠠ ᠬᠥᠮᠦᠵᠢᠯ ᠤᠨ ᠲᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ︽ᠲᠡᠮᠦᠷ ᠳᠠᠪᠳᠠᠬᠤ ᠳᠤ ᠡᠷᠬᠡᠪᠰᠢ ᠥᠪᠡᠷ ᠢᠶᠠᠨ ᠬᠠᠲᠠᠭᠤ︾ ᠪᠠᠶᠢᠬᠤ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠪᠣᠯᠪᠠᠰᠤᠷᠠᠯ᠂ ᠣᠶᠢᠯᠠᠭᠠᠬᠤ ᠴᠢᠳᠠᠪᠤᠷᠢ᠂ ᠶᠣᠰᠣ ᠰᠤᠷᠲᠠᠬᠤᠨ ᠤ ᠪᠣᠯᠪᠠᠰᠤᠷᠠᠯ᠂ ᠪᠣᠳᠠᠲᠠᠢ ᠶᠢ ᠡᠷᠬᠢᠮᠯᠡᠬᠦ ᠰᠤᠷᠲᠠᠯ᠂ ᠬᠠᠲᠠᠭᠤ ᠴᠢᠩᠭ᠎ᠠ ᠵᠠᠩ ᠰᠤᠷᠲᠠᠯ᠂ ᠬᠡᠬᠦᠳᠡᠭ ᠴᠡᠭᠡᠵᠢ ᠠᠭᠤᠳᠠᠮ  ᠪᠠᠭᠲᠠᠭᠠᠮᠵᠢ᠂ ᠴᠡᠭᠡᠵᠢᠨ ᠤ ︽ᠲᠤᠯᠤᠭᠠᠨ ᠲᠠᠯ᠎ᠠ ᠪᠠᠷ ᠴᠠᠭᠠᠷᠠᠬᠤ︾ ᠶᠢ ᠴᠢᠷᠮᠠᠶᠢᠨ ᠪᠡᠶᠡᠯᠡᠭᠦᠯᠵᠦ᠂ ︽ᠠᠷᠪᠠᠨ ᠵᠦᠢᠯ ᠤᠨ ᠠᠵᠢᠯ ᠤᠨ ᠪᠦᠯᠦᠭ︾ ᠢ ᠡᠷᠡᠰ ᠬᠤᠷᠢᠭᠯᠠᠵᠤ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠬᠠᠲᠠᠭᠤ ᠲᠤᠯᠭᠠᠭᠤᠷᠢ᠂ ᠲᠡᠮᠦᠷ ᠮᠥᠷᠥ ᠪᠠᠨ ᠪᠦᠬᠦ ᠲᠠᠯ᠎ᠠ ᠪᠠᠷ ᠳᠠᠪᠲᠠᠨ ᠪᠣᠯᠪᠠᠰᠤᠷᠠᠭᠤᠯᠵᠤ᠂ ᠰᠢᠭᠤᠶᠢᠲᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠵᠠᠯᠠᠭᠤᠴᠤᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ ᠃        ᠲᠣᠭᠤᠷᠢᠭ ᠤᠨ ᠤᠳᠤᠷᠢᠳᠤᠯᠭ᠎ᠠ ᠵᠠᠩ ᠰᠢᠶᠦ᠋ᠩ᠂ ᠱᠠᠩ ᠶᠦᠩ ᠵᠧᠨ᠂ ᠰᠦᠩ ᠵᠤᠤ ᠬᠤᠸᠠ ᠣᠷᠣᠯᠴᠠᠭᠰᠠᠨ ᠪᠥᠭᠡᠳ ᠲᠤᠷᠰᠢᠯᠭ᠎ᠠ ᠪᠠᠨ ᠬᠤᠪᠢᠶᠠᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号