3 ᠳ᠋ᠤᠭᠠᠷ ᠰᠠᠷ᠎ᠠ ᠶᠢᠨ 17 ᠤ ᠡᠳᠦᠷ︕ ︽ᠰᠢᠭᠤᠶᠢᠲᠤ ᠶᠢᠨ ᠵᠠᠯᠠᠭᠤ︾ ᠰᠢᠤᠢ ᠰᠢᠶᠠᠩ ᠥᠪᠥᠷ ᠮᠣᠩᠭᠤᠯ ᠢ ᠲᠥᠯᠥᠭᠡᠯᠡᠨ ᠳᠠᠬᠢᠨᠲᠠ ᠳᠠᠶᠢᠨ ᠳᠤ ᠮᠣᠷᠳᠠᠬᠤ ᠪᠣᠯᠤᠨ᠎ᠠ
ᠨᠡᠶᠢᠲᠡᠯᠡᠭᠰᠡᠨ ᠴᠠᠭ᠄
2025/4/2
        @ ᠰᠢᠭᠤᠶᠢᠲᠤ ᠶᠢᠨ ᠬᠦᠮᠦᠰ    ᠪᠦᠭᠦᠳᠡᠭᠡᠷ ᠠᠩᠬᠠᠷᠤᠭᠠᠷᠠᠢ        ᠪᠦᠬᠦ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠣᠨᠴᠣᠭᠤᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ        ︽ᠰᠢᠭᠤᠶᠢᠲᠤ ᠶᠢᠨ ᠵᠠᠯᠠᠭᠤ︾ ᠰᠢᠤᠢ ᠰᠢᠶᠠᠩ ᠥᠪᠥᠷ ᠮᠣᠩᠭᠤᠯ ᠢ ᠲᠥᠯᠥᠭᠡᠯᠡᠨ ᠭᠠᠭᠴᠠ ᠬᠠᠪᠲᠠᠰᠤᠨ ᠴᠠᠨᠠᠯᠠᠬᠤ ᠤᠷᠤᠯᠳᠤᠭᠠᠨ ᠳᠤ ᠣᠷᠣᠯᠴᠠᠨ᠎ᠠ        ᠡᠷᠡᠭᠲᠡᠶ ᠶᠢᠨ LL2 ᠳᠡᠰ ᠤᠨ ᠨᠠᠯᠠᠤ ᠭᠠᠳᠠᠷᠭᠤ ᠡᠷᠭᠢᠯᠳᠦᠬᠦ᠂ ᠬᠠᠷᠰᠢ ᠰᠠᠭᠠᠳ ᠢ ᠨᠡᠬᠡᠮᠵᠢᠯᠡᠬᠦ ᠲᠥᠷᠥᠯ ᠵᠦᠢᠯ        1989 ᠣᠨ ᠳᠤ ᠲᠥᠷᠥᠭᠰᠡᠨ ᠰᠢᠤᠢ ᠰᠢᠶᠠᠩ ᠪᠣᠯ ᠮᠠᠨ ᠤ ︽ᠰᠢᠭᠤᠶᠢᠲᠤ ᠶᠢᠨ ᠵᠠᠯᠠᠭᠤ︾ ᠪᠣᠯᠤᠨ᠎ᠠ ᠂ ᠬᠠᠷᠠᠬᠠᠨ ᠪᠠᠭ᠎ᠠ ᠠᠴᠠ ᠪᠠᠨ ᠲᠥᠷᠥᠯᠬᠢ ᠴᠢᠨᠠᠷᠲᠠᠶ ᠬᠥᠯ ᠨᠢ ᠵᠡᠮᠳᠡᠭ ᠪᠣᠯᠤᠭᠰᠠᠨ ᠲᠡᠷᠡ 2009 ᠣᠨ ᠳᠤ ᠰᠢᠭᠤᠶᠢᠲᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠲᠠᠨᠢᠯᠴᠠᠭᠤᠯᠭ᠎ᠠ ᠳᠣᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠦᠨᠳᠦ ᠶᠢ ᠡᠷᠭᠦᠬᠦ ᠠᠩᠭᠢ ᠳᠤ ᠰᠣᠩᠭᠤᠭᠳᠠᠪᠠ᠃ ᠭᠡᠪᠡᠴᠦ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠨᠳᠦ ᠶᠢ ᠡᠷᠭᠦᠬᠦ ᠲᠥᠷᠥᠯ ᠵᠦᠢᠯ ᠤᠨ ᠠᠯᠲᠠᠨ ᠮᠧᠳᠠᠯ᠂ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠦᠨᠳᠦ ᠶᠢ ᠡᠷᠭᠦᠬᠦ ᠲᠥᠷᠥᠯ ᠵᠦᠢᠯ ᠤᠨ ᠮᠥᠩᠭᠦᠨ ᠮᠧᠳᠠᠯ ᠵᠡᠷᠭᠡ ᠢᠷᠠᠭᠤ ᠠᠯᠳᠠᠷ ᠢ ᠣᠯᠤᠭᠰᠠᠨ ᠲᠡᠷᠡ ᠂ 2015 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠭᠤᠶᠤᠴᠢᠯᠠᠬᠤ ᠦᠶ᠎ᠡ ᠳᠤ᠂ ᠪᠡᠶ᠎ᠡ ᠶᠢᠨ ᠲᠠᠮᠢᠷ ᠤᠨ ᠦᠢᠯᠡᠰ ᠤᠨ ᠡᠷᠭᠢᠯᠲᠡ ᠶᠢᠨ ᠴᠢᠭ ᠢ ᠤᠭᠲᠤᠨ ᠠᠪᠴᠢᠷᠠᠵᠠᠢ᠃ ᠨᠠᠰᠤ ᠵᠢᠯ ᠤᠨ ᠨᠡᠮᠡᠭᠳᠡᠯ ᠵᠢᠴᠢ ᠠᠯᠲᠠ ᠶᠢᠨ ᠬᠡᠮᠵᠢᠶᠡᠨ ᠤ ᠨᠠᠵᠠᠭᠠᠢ ᠲᠠᠯ᠎ᠠ ᠶᠢᠨ ︽ᠪᠣᠭᠤᠮᠢ︾ ᠶᠢᠨ ᠳᠣᠣᠷ᠎ᠠ᠂ 6 ᠵᠢᠯ  ᠪᠠᠷᠢᠮᠲᠠᠯᠠᠭᠰᠠᠨ ᠬᠦᠨᠳᠦ ᠶᠢ ᠡᠷᠭᠦᠬᠦ ᠪᠠᠨ ᠪᠣᠯᠢᠬᠤ ᠦᠭᠡᠢ ᠪᠠᠶᠢᠬᠤ ᠶᠢᠨ ᠠᠷᠭ᠎ᠠ ᠦᠭᠡᠢ ᠪᠣᠯᠵᠠᠢ᠃
图片3.png
        ᠭᠡᠪᠡᠴᠦ ᠡᠨᠡ ᠨᠢ ᠰᠢᠤᠢ ᠰᠢᠶᠠᠩ ᠤᠨ ᠲᠠᠮᠢᠷ ᠤᠨ ᠬᠥᠳᠡᠯᠭᠡᠭᠡᠨ ᠳᠤ ᠬᠠᠶᠢᠷᠠᠲᠠᠶ ᠲᠡᠷᠡ ᠬᠦ ᠣᠷᠭᠢᠯᠤᠮ᠎ᠠ ᠰᠡᠳᠬᠢᠯᠭᠡ ᠶᠢ ᠰᠤᠯᠠᠷᠠᠭᠤᠯᠤᠭᠰᠠᠨ ᠥᠬᠡᠶ᠂ 2017 ᠣᠨ ᠳᠤ᠂ ᠲᠡᠷᠡ ᠳᠠᠰᠬᠠᠯᠵᠢᠭᠤᠯᠤᠭᠴᠢ ᠶᠢᠨ ᠵᠢᠯᠣᠭᠤᠳᠣᠯᠭ᠎ᠠ ᠳᠣᠤᠷ᠎ᠠ᠂ ᠡᠷᠡᠰ ᠰᠢᠭᠤᠷᠬᠠᠶ ᠪᠠᠷ ᠭᠠᠭᠴᠠ ᠬᠠᠪᠲᠠᠰᠤᠨ ᠤ ᠴᠠᠨᠠᠯᠠᠬᠤ ᠬᠦᠷᠢᠶ᠎ᠡ ᠴᠠᠷ᠎ᠠ ᠳᠤ ᠤᠷᠤᠭᠰᠠᠨ ᠪᠥᠭᠡᠳ ᠳᠤᠮᠳᠠᠳᠤ ᠤᠯᠤᠰ ᠤᠨ ᠵᠡᠮᠳᠡᠭᠴᠦᠳ ᠤᠨ ᠭᠠᠭᠴᠠ ᠬᠠᠪᠲᠠᠰᠤᠨ ᠤ ᠴᠠᠨᠠᠯᠠᠬᠤ ᠠᠩᠭᠢ ᠶᠢᠨ ᠨᠢᠭᠡ ᠭᠡᠰᠢᠭᠦᠨ ᠢᠶᠠᠷ ᠠᠮᠵᠢᠯᠲᠠ ᠲᠠᠢ ᠰᠣᠩᠭᠤᠭᠳᠠᠪᠠ᠂ ᠮᠦᠨ ᠴᠤ 2022 ᠣᠨ ᠤ ᠪᠡᠭᠡᠵᠢᠩ ᠤᠨ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠲᠠᠮᠢᠷᠴᠢᠨ ᠪᠣᠯᠬᠤ ᠪᠥᠭᠡᠳ  ᠣᠷᠤᠯᠴᠠᠭᠰᠠᠨ ᠭᠠᠭᠴᠠ ᠬᠠᠪᠲᠠᠰᠤᠨ ᠤ ᠴᠠᠨᠠᠯᠠᠬᠤ ᠨᠠᠯᠠᠤ ᠭᠠᠳᠠᠷᠭᠤ ᠶᠢᠨ ᠡᠷᠭᠢᠯᠲᠡ᠂ ᠬᠠᠷᠰᠢ  ᠰᠠᠭᠠᠳ ᠢ ᠨᠡᠬᠡᠮᠵᠢᠯᠡᠬᠦ ᠲᠦᠷᠦᠯ ᠵᠦᠢᠯ ᠨᠢ ᠲᠤᠰ ᠲᠤᠰ ᠠᠷᠪᠠᠳᠤᠭᠠᠷ ᠨᠡᠷᠡᠰ᠂ ᠠᠷᠪᠠᠨ ᠨᠠᠢᠮᠠᠳᠤᠭᠠᠷ  ᠨᠡᠷᠡᠰ ᠤᠨ ᠬᠢᠷᠢ ᠪᠦᠲᠦᠮᠵᠢ ᠣᠯᠪᠠ᠃ ᠭᠡᠷ ᠳᠣᠲᠣᠷᠠᠬᠢ ᠳᠠᠪᠬᠤᠷᠳᠠᠭᠰᠠᠨ ᠬᠥᠳᠡᠯᠭᠡᠭᠡᠨ ᠤ ᠪᠣᠯᠪᠠᠰᠤᠷᠠᠯ ᠠᠴᠠ ᠨᠡᠩ ᠪᠤᠳᠤᠯᠢᠶᠠᠨᠲᠠᠢ᠂ ᠬᠤᠪᠢᠷᠠᠯᠲᠠ ᠶᠡᠬᠡᠲᠡᠢ ᠭᠡᠷ ᠤᠨ ᠭᠠᠳᠠᠨᠠᠬᠢ ᠤᠷᠤᠯᠳᠤᠭᠠᠨ ᠤ ᠡᠨᠡ ᠠᠯᠬᠤᠮ ᠳᠤ ᠰᠢᠯᠵᠢᠬᠦ ᠳᠤ ᠂ ᠰᠢᠦᠢ ᠰᠢᠶᠠᠩ ᠤᠨ ᠲᠦᠢᠯ ᠤᠨ ᠶᠡᠭᠡ ᠰᠥᠰᠥ ᠵᠣᠷᠢᠭ ᠴᠢᠬᠤᠯᠠ ᠲᠠᠢ ᠪᠠᠷᠠᠬᠤ ᠦᠭᠡᠢ ᠂ ᠨᠡᠩ ᠴᠤ ᠲᠡᠭᠦᠨ ᠤ ᠲᠠᠬᠢᠨ ᠨᠢᠭᠡᠨ  ᠤᠳᠠᠭᠠᠨ ᠤ ᠬᠦᠴᠢᠲᠡᠢ ᠴᠢᠷᠮᠠᠶᠢᠯᠭ᠎ᠠ ᠭᠠᠷᠭᠠᠬᠤ ᠶᠢ ᠬᠠᠷᠠᠭᠤᠯᠤᠨ᠎ᠠ ᠃
图片4.png
        ᠪᠠᠶᠠᠷᠯᠠᠭᠤᠰᠢᠲᠠᠢ ᠵᠦᠢᠯ ᠭᠡᠪᠡᠯ᠂ ᠭᠠᠭᠴᠠ ᠬᠠᠪᠲᠠᠰᠤᠨ ᠤ ᠴᠠᠨᠠᠯᠠᠬᠤ ᠳᠤ ᠰᠢᠯᠵᠢᠭᠰᠡᠨ ᠰᠢᠦᠢ ᠰᠢᠶᠠᠩ ᠴᠤ ᠮᠠᠰᠢ ᠲᠦᠷᠭᠡᠨ ᠣᠯᠠᠨ ᠤ ᠳᠤᠮᠲᠠ ᠣᠷᠤᠶᠢᠯᠠᠪᠠ ᠃ ᠤᠷᠢᠳ ᠬᠤᠵᠢᠳ 2018 ᠤᠨ ᠤ 11 ᠳ᠋ᠦ᠋ᠭᠡᠷ ᠰᠠᠷ᠎ᠠ ᠳᠤ᠂ ᠭᠠᠭᠴᠠ ᠬᠠᠪᠲᠠᠰᠤᠨ ᠤ ᠴᠠᠨᠠᠯᠠᠬᠤ ᠳᠡᠯᠡᠬᠡᠶ ᠶᠢᠨ ᠬᠤᠨᠳᠠᠭᠠᠲᠤ ᠨᠠᠯᠠᠤ ᠭᠠᠳᠠᠷᠭᠤ ᠶᠢᠨ ᠪᠤᠴᠠᠯᠳᠠ ᠶᠢᠨ ᠤᠷᠤᠯᠳᠤᠭᠠᠨ ᠤ ᠳ᠋ᠢ ᠪᠠᠶ ᠥᠷᠲᠡᠭᠡ ᠶᠢᠨ ᠲᠠᠪᠤᠳᠤᠭᠠᠷ᠂ ᠬᠤᠯᠠᠨᠳ᠋ ᠥᠷᠲᠡᠭᠡ ᠶᠢᠨ ᠵᠢᠷᠭᠤᠳᠤᠭᠠᠷ ᠲᠤ ᠤᠷᠤᠪᠠ︔ 2019 ᠤᠨ ᠤ 2  ᠳ᠋ᠤᠭᠠᠷ ᠰᠠᠷ᠎ᠠ ᠳᠤ᠂ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠭᠴᠠ ᠬᠠᠪᠲᠠᠰᠤᠨ ᠨᠠᠯᠠᠤ ᠭᠠᠳᠠᠷᠭᠤ ᠶᠢᠨ ᠪᠤᠴᠠᠯᠳᠠ ᠶᠢᠨ ᠬᠤᠶᠠᠳᠤᠭᠠᠷ᠂ ᠬᠠᠷᠰᠢ ᠰᠠᠭᠠᠳ ᠢ  ᠨᠡᠬᠡᠮᠵᠢᠯᠡᠬᠦ ᠤᠷᠤᠯᠳᠤᠭᠠᠨ ᠤ ᠬᠤᠶᠠᠳᠤᠭᠠᠷ ᠲᠤ ᠣᠷᠣᠪᠠ ᠃ ᠨᠢᠭᠡ ᠵᠢᠯ ᠤᠨ ᠳᠠᠷᠠᠭ᠎ᠠ᠂ ᠭᠠᠭᠴᠠ ᠬᠠᠪᠲᠠᠰᠤᠨ ᠤ ᠴᠠᠨᠠᠯᠠᠬᠤ ᠳᠡᠯᠡᠬᠡᠢ ᠶᠢᠨ ᠬᠤᠨᠳᠠᠭᠠᠲᠤ ᠨᠠᠯᠠᠤ ᠭᠠᠳᠠᠷᠭᠤ ᠶᠢᠨ ᠪᠤᠴᠠᠯᠳᠠ ᠶᠢᠨ ᠤᠷᠤᠯᠳᠤᠭᠠᠨ ᠤ ᠬᠤᠯᠠᠨᠳ᠋ ᠥᠷᠲᠡᠭᠡ ᠳᠤ ᠭᠤᠷᠪᠠᠳᠤᠭᠠᠷ ᠲᠤ ᠣᠷᠣᠵᠠᠢ᠃ ᠪᠦᠭᠦ ᠤᠯᠤᠰ ᠤᠨ ᠠᠷᠪᠠᠲᠤᠭᠠᠷ ᠬᠤᠭᠤᠴᠠᠭᠠᠨ ᠤ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠲᠤᠯᠤᠲᠤᠭᠠᠷ ᠬᠤᠭᠤᠴᠠᠭᠠᠨ ᠤ ᠤᠨᠴᠠᠭᠠᠢ ᠤᠯᠢᠮᠫᠢᠺ ᠤᠨ ᠴᠤᠭᠯᠠᠭᠠᠨ ᠲᠡᠬᠡᠷ᠎ᠡ᠂ ᠭᠠᠭᠴᠠ ᠬᠠᠪᠲᠠᠰᠤᠨ ᠤ ᠴᠠᠨᠠᠯᠠᠬᠤ ᠲᠦᠷᠦᠯ ᠵᠦᠢᠯ ᠤᠨ ᠨᠠᠯᠠᠤ ᠭᠠᠳᠠᠷᠭᠤ ᠶᠢᠨ ᠪᠤᠴᠠᠯᠳᠠ ᠶᠢᠨ ᠤᠷᠤᠯᠳᠤᠭᠠᠨ᠂ ᠰᠠᠭᠠᠳ ᠬᠠᠷᠰᠢ ᠨᠡᠬᠡᠮᠵᠢᠯᠡᠬᠦ ᠤᠷᠤᠯᠲᠤᠭᠠᠨ ᠤ ᠮᠦᠩᠭᠦᠨ ᠮᠧᠲ᠋ᠠᠯ ᠤᠯᠵᠤ᠂ ᠠᠷᠪᠠᠨ ᠨᠢᠬᠡᠲᠦᠬᠡᠷ ᠬᠤᠭᠤᠴᠠᠭᠠᠨ ᠤ ᠪᠦᠭᠦ ᠤᠯᠤᠰ ᠤᠨ ᠵᠡᠮᠳᠡᠭᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠨᠠᠢᠮᠠᠲᠤᠭᠠᠷ ᠬᠤᠭᠤᠴᠠᠭᠠᠨ ᠤ ᠤᠨᠴᠠᠭᠠᠢ ᠤᠯᠢᠮᠫᠢᠺ ᠤᠨ ᠴᠤᠭᠯᠠᠭᠠᠨ ᠤ ᠤᠷᠢᠳᠴᠢᠯᠠᠨ ᠤᠷᠤᠯᠲᠤᠬᠤ ᠲᠦᠷᠦᠯ ᠵᠦᠢᠯ ᠳᠤ ᠨᠢᠬᠡ ᠮᠦᠩᠭᠦ‍ ᠨᠢᠭᠡ ᠬᠦᠷᠡᠯ ᠬᠤᠶᠠᠷ ᠱᠠᠩᠨᠠᠯ ᠤᠯᠵᠠᠢ᠃        ᠰᠢᠭᠤᠶᠢᠲᠤ ᠲᠣᠭᠤᠷᠢᠭ ᠠᠴᠠ ᠭᠠᠷᠤᠭᠰᠠᠨ ᠰᠢᠦᠢ ᠰᠢᠶᠠᠩ᠂ ᠬᠦᠨᠳᠦ ᠶᠢ ᠡᠷᠭᠦᠬᠦ ᠲᠠᠯᠠᠪᠤᠷ ᠳᠡᠭᠡᠷ᠎ᠡ᠂ ᠮᠥᠰᠥ ᠴᠠᠰᠤᠨ ᠤ ᠤᠷᠤᠯᠳᠤᠭᠠᠨ ᠤ ᠲᠠᠯᠠᠪᠤᠷ ᠲᠤ᠂ ᠣᠷᠭᠢᠯᠤᠮ᠎ᠠ ᠬᠠᠯᠠᠭᠤᠨ ᠰᠡᠳᠭᠢᠯ ᠢᠶᠠᠷ ︽ᠬᠥᠮᠦᠨ ᠤ ᠠᠮᠢᠳᠤᠷᠠᠯ ᠤᠨ ᠴᠡᠴᠡᠭ ᠤᠨ ᠵᠠᠮ︾ ᠢ ᠲᠠᠰᠤᠷᠠᠯᠲᠠ ᠦᠭᠡᠢ ᠨᠡᠭᠡᠭᠡᠵᠦ᠂ ᠥᠪᠡᠷ ᠤᠨ ᠪᠡᠶ᠎ᠡ ᠪᠠᠨ ᠬᠦᠯᠢᠶᠡᠰᠦᠯᠡᠬᠦ ᠦᠭᠡᠢ᠂ ᠭᠡᠳᠡᠷᠭᠦ ᠪᠠᠨ ᠭᠦᠢᠴᠡᠳ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ ︕ ᠢᠷᠡᠭᠡᠳᠦᠢ ᠳᠤ ᠪᠠᠰᠠ ᠦᠷᠭᠦᠯᠵᠢᠯᠡᠨ ᠥᠪᠡᠷ ᠢ ᠪᠠᠨ ᠳᠠᠪᠠᠵᠤ᠂ ᠳᠡᠯᠡᠬᠡᠢ ᠶᠢᠨ ᠳᠡᠰ ᠤᠨ ᠲᠠᠮᠢᠷ ᠤᠨ ᠤᠷᠤᠯᠳᠤᠭᠠᠨ ᠤ ᠲᠠᠯᠠᠪᠠᠢ ᠳᠤ ᠥᠪᠡᠷ ᠢ ᠪᠠᠨ ᠰᠢᠪᠲᠤᠯᠵᠤ ᠳᠡᠶᠢᠯᠬᠦ  ᠨᠢ ᠯᠠᠪᠲᠠᠢ᠃        ᠣᠶᠢᠯᠠᠭᠠᠭᠰᠠᠨ ᠢᠶᠠᠷ᠂ ᠪᠥᠬᠦ ᠤᠯᠤᠰ ᠤᠨ ᠠᠷᠪᠠᠨ ᠬᠤᠶᠠᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠤᠯ ᠤᠷᠤᠯᠳᠤᠭᠠᠨ 2025 ᠣᠨ ᠤ 12 ᠳ᠋ᠤᠭᠠᠷ ᠰᠠᠷ᠎ᠠ ᠶᠢᠨ 8 ᠤ ᠡᠳᠦᠷ ᠠᠴᠠ 15 ᠤ ᠡᠳᠦᠷ ᠪᠣᠯᠲᠠᠯ᠎ᠠ ᠭᠤᠸᠠᠩᠳᠦ᠋ᠩ᠂ ᠰᠢᠶᠠᠩᠭᠠᠩ᠂ ᠣᠣᠮᠧᠨ ᠭᠤᠷᠪᠠᠨ ᠭᠠᠵᠠᠷ ᠲᠤ ᠶᠠᠪᠤᠭᠳᠠᠬᠤ ᠪᠣᠯᠤᠨ᠎ᠠ᠃ ᠤᠷᠤᠯᠳᠤᠭᠠᠨ ᠳᠤ ᠨᠡᠶᠢᠲᠡ 46 ᠶᠡᠭᠡ ᠲᠥᠷᠥᠯ ᠵᠦᠢᠯ ᠲᠣᠬᠢᠷᠠᠭᠤᠯᠪᠠ᠂ ᠡᠭᠦᠨ ᠳᠤ ᠵᠣᠨ ᠤ ᠤᠯᠠᠷᠢᠯ ᠤᠨ ᠵᠡᠮᠳᠡᠭᠴᠦᠳ ᠤᠨ ᠣᠯᠢᠮᠫᠢᠺ᠂ ᠳᠦᠯᠡᠶ ᠣᠯᠢᠮᠫᠢᠺ ᠤᠨ ᠴᠤᠭᠯᠠᠭᠠᠨ ᠤ 20 ᠲᠥᠷᠥᠯ ᠵᠦᠢᠯ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ᠂ ᠳᠦᠯᠡᠶ ᠣᠯᠢᠮᠫᠢᠺ ᠤᠨ ᠴᠤᠭᠯᠠᠭᠠᠨ ᠤ 6 ᠲᠥᠷᠥᠯ ᠵᠦᠢᠯ᠂ ᠣᠯᠠᠨ ᠨᠡᠶᠢᠲᠡ ᠶᠢᠨ 11 ᠲᠥᠷᠥᠯ ᠵᠦᠢᠯ 11 ᠪᠤᠢ︔ ᠣᠨᠴᠠᠭᠠᠶ ᠣᠯᠢᠮᠫᠢᠺ ᠤᠨ ᠴᠤᠭᠯᠠᠭᠠᠨ ᠤ ᠲᠥᠷᠥᠯ ᠵᠦᠢᠯ 9 ᠪᠣᠶ᠃ ᠡᠪᠦᠯ ᠤᠨ ᠤᠯᠠᠷᠢᠯ ᠤᠨ ᠲᠥᠷᠥᠯ ᠵᠦᠢᠯ ᠤᠨ ᠥᠨᠳᠥᠷ ᠠᠭᠤᠯᠠ ᠶᠢᠨ ᠴᠡᠨᠡᠯᠡᠯᠳᠡ᠂  ᠭᠠᠭᠴᠠ  ᠬᠠᠪᠲᠠᠰᠤᠨ ᠴᠠᠨᠠᠯᠠᠯᠲᠠ ᠵᠡᠷᠭᠡ  ᠨᠢ ᠤᠷᠢᠳᠠᠪᠡᠷ ᠣᠷᠣᠯᠳᠤᠬᠤ ᠲᠥᠷᠥᠯ ᠵᠦᠢᠯ ᠪᠣᠯᠤᠨ᠎ᠠ᠃ ᠰᠢᠤᠢ ᠰᠢᠶᠠᠩ ᠤᠨ ᠣᠷᠣᠯᠴᠠᠭᠰᠠᠨ ᠭᠠᠭᠴᠠ ᠬᠠᠪᠲᠠᠰᠤᠨ ᠴᠠᠨᠠᠯᠠᠯᠲᠠ ᠶᠢᠨ ᠤᠷᠤᠯᠳᠤᠭᠠᠨ 2025 ᠣᠨ ᠤ 3 ᠳ᠋ᠤᠭᠠᠷ ᠰᠠᠷ᠎ᠠ ᠶᠢᠨ 17 ᠤ ᠡᠳᠦᠷ ᠠᠴᠠ 26 ᠤ ᠡᠳᠦᠷ ᠪᠣᠯᠲᠠᠯ᠎ᠠ ᠴᠢᠭᠤᠯᠤᠯᠲᠤ ᠬᠠᠭᠠᠯᠭ᠎ᠠ ᠬᠤᠲᠠ ᠶᠢᠨ ᠳ᠋ᠦᠸᠧ ᠯᠧ ᠭᠠᠵᠠᠷ ᠤᠨ ᠴᠠᠨᠠᠯᠠᠬᠤ ᠲᠠᠯᠠᠪᠠᠶ ᠳᠤ ᠶᠠᠪᠤᠭᠳᠠᠬᠤ ᠪᠣᠯᠤᠨ᠎ᠠ᠃         ᠳᠠᠶᠠᠭᠠᠷ ᠢᠶᠠᠨ ᠨᠠᠶᠢᠷᠠᠭᠤᠯᠤᠭᠴᠢ ᠲᠠᠢ ᠬᠠᠮᠲᠤ ᠰᠢᠤᠢ ᠰᠢᠶᠠᠩ ᠤᠨ ᠭᠤᠶᠢᠲᠠ ᠰᠠᠶᠢᠬᠠᠨ ᠢᠯᠡᠷᠡᠯ ᠢ ᠬᠦᠰᠡᠶ᠎ᠡ︕        ᠰᠠᠢᠨ ᠬᠢᠷᠢ ᠪᠦᠲᠦᠮᠵᠢ ᠣᠯᠬᠤ ᠶᠢ ᠤᠷᠢᠳᠴᠢᠯᠠᠨ ᠪᠡᠯᠭᠡᠯᠡᠶ᠎ᠡ︕        ᠨᠤᠲᠤᠭ ᠴᠢᠨᠢ ᠴᠢᠨᠦ ᠲᠥᠯᠥᠭᠡ ᠣᠮᠤᠷᠬᠠᠭᠯᠠᠨ᠎ᠠ ︕        ᠨᠤᠲᠤᠭ ᠴᠢᠨᠢ ᠴᠢᠨᠦ ᠲᠥᠯᠥᠭᠡ ᠴᠢᠷᠮᠠᠶᠢᠨ᠎ᠠ ︕ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号