ᠬᠢᠯᠢ ᠬᠢᠵᠠᠭᠠᠷ ᠢᠶᠠᠨ ᠬᠠᠮᠲᠤ ᠪᠠᠷ ᠬᠠᠮᠠᠭᠠᠯᠠᠶ᠎ᠠ — ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/4/2
        ᠬᠢᠯᠢ ᠬᠢᠵᠠᠭᠠᠷ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠢᠯᠢ ᠬᠢᠵᠠᠭᠠᠷ ᠤᠨ ᠵᠠᠰᠠᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠭᠦᠨᠵᠡᠭᠡᠢ ᠰᠠᠶᠢᠲᠤᠷ ᠬᠢᠵᠦ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃        — 2024 ᠣᠨ ᠤ 12 ᠳ᠋ᠤᠭᠠᠷ ᠰᠠᠷ᠎ᠠ ᠶᠢᠨ 9 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠤ  ᠴᠢᠬᠤᠯᠠᠴᠢᠯᠠᠪᠠ
图片5.png
        ᠰᠢᠨᠵᠢᠶᠠᠩ ᠤᠨ ᠲᠠᠱᠺᠣᠷᠭᠠᠨ ᠤ ᠲᠠᠵᠢᠺ ᠥᠪᠡᠷᠲᠡᠭᠡᠨ ᠵᠠᠰᠠᠬᠤ ᠰᠢᠶᠠᠨ ᠤ ᠬᠢᠯᠢ ᠶᠢᠨ ᠬᠠᠮᠠᠭᠠᠯᠠᠭᠴᠢ ᠬᠢᠯᠢ ᠶᠢ ᠴᠠᠭᠳᠠᠨ᠎ᠠ ᠃ ᠬᠤ᠋ ᠬᠤ᠋ ᠬᠤ᠋  ᠰᠡᠭᠦᠳᠡᠷᠯᠡᠪᠡ        ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠵᠦᠪᠯᠡᠯ ‍ᠤᠨ‌‍ᠶᠦ᠋ᠨᠨᠠᠨ ᠮᠤᠵᠢ ᠶᠢᠨ ᠫᠦ᠋ ᠡᠯ ᠬᠤᠲᠠ ᠶᠢᠨ ᠲᠤᠰᠬᠠᠢ ᠲᠤᠰᠢᠶᠠᠯᠲᠤ ᠳᠡᠳ᠋ ᠡᠷᠬᠢᠯᠡᠭᠴᠢ ᠬᠤᠸᠠᠩ ᠸᠧᠶ ᠭᠡᠰᠢᠭᠦᠨ᠄        ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ ᠤᠨ ᠬᠦᠰᠢᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠤᠶ᠎ᠠ        2024 ᠣᠨ ᠤ 9 ᠳ᠋ᠦ᠋ᠭᠡᠷ ᠰᠠᠷ᠎ᠠ ᠶᠢᠨ 24 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠶᠦᠨᠨᠠᠨ ᠤ ᠫᠦ᠋ ᠡᠯ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠬᠦᠰᠢᠶ᠎ᠡ ᠶᠢᠨ ᠡᠮᠦᠨ᠎ᠡ ᠠᠨᠳᠠᠭᠠᠶᠢᠯᠠᠭᠰᠠᠳ ᠤᠨ ᠬᠤᠶᠢᠴᠢ ᠦᠶ᠎ᠡ ᠳᠤ ᠬᠠᠷᠢᠭᠤ ᠵᠠᠬᠢᠳᠠᠯ ᠢᠯᠡᠭᠡᠵᠦ᠂ ᠪᠢᠳᠡᠨ ᠢ ︽ᠠᠬᠠᠮᠠᠳ ᠨᠢᠭᠡ ᠦᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠲᠠᠩᠭᠠᠷᠢᠭ ᠤᠨ ᠦᠭᠡᠰ ᠤᠨ ᠬᠦᠰᠢᠶ᠎ᠡ ᠶᠢᠨ ᠦᠯᠢᠭᠡᠷ ᠢ ᠨᠡᠩ ᠰᠠᠶᠢᠲᠤᠷ ᠦᠷᠭᠦᠯᠵᠢᠯᠡᠨ ᠪᠢᠴᠢᠭᠯᠡᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠬᠠᠨ ᠦᠯᠢᠭᠡᠷ ᠢ ᠦᠶ᠎ᠡ ᠶᠢᠨ ᠦᠶ᠎ᠡ ᠳᠤ ᠤᠯᠠᠮᠵᠢᠯᠠᠭᠠᠷᠠᠢ᠃ ᠦᠨᠳᠦᠰᠦᠲᠡᠨ ᠨᠦᠭᠦᠳ ᠤᠨ ᠠᠷᠠᠳ ᠲᠦᠮᠡᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠳᠡᠭᠡᠨ ᠪᠠᠲᠤ ᠴᠡᠭᠡᠵᠢᠯᠡᠵᠦ᠂ ᠴᠢᠰᠤᠨ ᠳᠤ ᠠᠭᠤᠰᠤᠯᠴᠠᠭᠤᠯᠤᠨ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠡᠴᠡᠭ ᠢ ᠤᠯᠠᠮ ᠠᠴᠠ ᠤᠯᠠᠮ ᠲᠠᠩᠰᠤᠭ ᠰᠠᠶᠢᠬᠠᠨ ᠪᠣᠯᠭᠠᠬᠤ ᠬᠡᠷᠡᠭᠲᠡᠢ︾ ᠭᠡᠵᠦ ᠵᠣᠷᠢᠭᠵᠢᠭᠤᠯᠪᠠ᠃ ᠡᠨᠡ ᠬᠦ ᠬᠠᠷᠢᠭᠤ ᠵᠠᠭᠢᠲᠠᠯ ᠨᠢ ᠫᠦ᠋ ᠡᠯ ᠤᠨ ᠡᠯ᠎ᠡ ᠣᠢᠠᠲᠣᠰᠣᠲᠠᠨ ᠤ ᠠᠷᠠᠣᠠ ᠳᠦᠮᠠᠨ ᠳᠠᠬᠢ ᠨᠠᠢᠲᠠᠯᠭ᠎ᠠ ᠪᠤᠯᠬᠤ ᠪᠦᠭᠡᠳ ᠨᠠᠩ ᠴᠤ ᠣᠢᠠᠲᠣᠰᠣᠲᠠᠨ ᠤ ᠪᠦᠯᠭᠦᠮᠲᠠᠯ ᠲᠠᠪᠰᠢᠯᠲᠠ ᠶᠢᠨ ᠣᠢᠢᠯᠠᠰ ᠤᠨ ᠬᠦᠭᠵᠢᠯᠲᠡ ᠶᠢᠨ ᠴᠢᠭᠯᠡᠯ ᠢ ᠳᠣᠲᠣᠷᠬᠠᠢ ᠵᠢᠭᠠᠬᠰᠠᠨ ᠪᠠᠶᠢᠨ᠎ᠠ᠃        ᠫᠦ᠋ ᠡᠯ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ ᠤᠨ ᠬᠦᠰᠢᠶ᠎ᠡ ᠨᠢ ︽ᠰᠢᠨ᠎ᠡ ᠳᠤᠮᠳᠠᠳᠤ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠨᠢᠭᠡᠳᠦᠭᠡᠷ ᠬᠦᠰᠢᠶ᠎ᠠ︾ ᠪᠠ ︽ᠰᠢᠨ᠎ᠡ ᠳᠤᠮᠳᠠᠳᠤ ᠤᠯᠤᠰ ᠤᠨ ᠦᠨᠳᠦᠰᠦᠲᠡᠨ ᠤ ᠠᠵᠢᠯ ᠤᠨ ᠠᠩᠬᠠᠨ ᠤ ᠬᠦᠰᠢᠶ᠎ᠠ︾ ᠬᠡᠮᠡᠭᠳᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠢᠭᠡ ᠰᠡᠳᠬᠢᠯ ᠢᠶᠠᠷ ᠨᠠᠮ ᠳᠤ ᠪᠠᠨ ᠬᠠᠨᠳᠤᠭᠰᠠᠨ ᠪᠠ ᠪᠦᠯᠬᠦᠮᠳᠡᠨ ᠲᠡᠮᠡᠴᠡᠭᠰᠡᠨ ᠲᠡᠦᠬᠡ ᠶᠢ ᠭᠡᠷᠡᠴᠢᠯᠡᠪᠡ᠃ ᠰᠢᠨ᠎ᠡ ᠠᠶᠠᠨ ᠵᠠᠮ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠠᠩᠭᠠᠷᠢᠭ ᠤᠨ ᠦᠭᠡᠰ ᠤᠨ ᠭᠥᠰᠢᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠳᠠᠲᠠᠢ ᠪᠥᠭᠡᠳ ᠲᠦᠷᠦᠭᠳᠡᠯ ᠲᠠᠢ ᠪᠦᠲᠦᠮᠵᠢᠲᠡᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃
图片6.png
        2024 ᠣᠨ ᠤ 9 ᠳ᠋ᠦ᠋ᠭᠡᠷ ᠰᠠᠷ᠎ᠠ ᠶᠢᠨ 25 ᠤ ᠡᠳᠦᠷ᠂ ᠶᠦᠨᠨᠠᠨ ᠮᠤᠵᠢ ᠶᠢᠨ ᠫᠦ᠋ ᠡᠯ ᠬᠤᠳᠠ ᠶᠢᠨ ᠨᠢᠩ ᠡᠯ ᠬᠠᠨᠢ ᠦᠨᠳᠦᠰᠦᠲᠡᠨ ᠢ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠳᠤ ᠪᠠᠶᠢᠷᠢᠯᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠤᠨ ᠬᠦᠷᠢᠶᠡᠯᠡᠩ ᠳᠤ᠂ ᠲᠤᠬᠠᠢ ᠶᠢᠨ ᠭᠠᠵᠠᠷ ᠤᠨ ᠤᠯᠠᠨ ᠲᠦᠮᠡᠨ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ  ᠤᠨ  ᠦᠭᠡᠰ ᠤᠨ ᠭᠥᠰᠢᠶ᠎ᠡ ᠶᠢ ᠲᠣᠭᠤᠷᠢᠨ ᠦᠵᠡᠵᠦ ᠪᠠᠶᠢᠭ᠎ᠠ ᠃ ᠰᠢᠠᠬᠤᠧᠠ ᠬᠤᠷᠢᠶᠠᠨ ᠤ ᠰᠣᠷᠪᠤᠯᠵᠢᠯᠠᠬᠴᠢ  ᠸᠠᠩ ᠵᠢᠩ ᠢ ᠰᠠᠭᠦᠲᠠᠷᠯᠠᠪᠠ        ᠫᠦ᠋ ᠡᠯ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ ᠤᠨ  ᠬᠦᠰᠢᠶ᠎ᠡ ᠶᠢ  ᠬᠠᠮᠠᠭᠠᠯᠠᠵᠤ ᠠᠰᠢᠭᠯᠠᠬᠤ ᠶᠢ ᠴᠢᠬᠤᠯᠠᠴᠢᠯᠠᠨ᠎ᠠ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠩᠭᠠᠷᠢᠭ ᠤᠨ ᠦᠭᠡᠰ ᠤᠨ ᠬᠦᠰᠢᠶ᠎ᠡ ᠶᠢ ᠬᠠᠮᠠᠭᠠᠯᠠᠨ ᠠᠰᠢᠭᠯᠠᠬᠤ ᠠᠵᠢᠯ ᠢ ᠬᠠᠮᠢᠶ᠎ᠠ ᠪᠦᠬᠦᠢ ᠲᠥᠯᠥᠪᠵᠢᠭᠦᠯᠭᠡ ᠳᠤ ᠣᠷᠣᠭᠤᠯᠵᠤ᠂ ᠫᠦ᠋ ᠡᠯ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡ ᠶᠢᠨ ᠬᠦᠷᠢᠶᠡᠯᠡᠩ ᠢ ᠰᠠᠶᠢᠲᠤᠷ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠦᠨ᠎ᠡ ᠃ ᠵᠢᠱᠢᠮᠡᠭ ᠠᠬᠤᠢ ︵VR︶ ᠂ ᠠᠬᠤᠢ ᠪᠠᠶᠢᠳᠠᠯ ︵AR︶ ᠵᠡᠷᠭᠡ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ 1951 ᠣᠨ ᠤ ᠲᠠᠩᠭᠠᠷᠢᠭᠯᠠᠭᠰᠠᠨ ᠪᠠᠶᠢᠳᠠᠯ ᠢ ᠲᠠᠬᠢᠨ ᠢᠯᠡᠷᠡᠭᠦᠯᠵᠦ᠂ ᠲᠣᠭᠤᠷᠢᠨ ᠦᠵᠡᠭᠴᠢᠳ ᠲᠤ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ  ᠤᠨ ᠬᠥᠰᠢᠶ᠎ᠡ ᠶᠢᠨ ᠲᠡᠦᠬᠡᠲᠦ ᠠᠴᠢ ᠬᠤᠯᠪᠣᠭᠳᠠᠯ ᠪᠠ ᠤᠶᠤᠨ ᠰᠠᠨᠠᠭᠠᠨ ᠤ ᠠᠭᠤᠯᠤᠭᠳᠠᠬᠤᠨ ᠢ ᠨᠡᠩ ᠰᠢᠭᠤᠳ  ᠮᠡᠳᠡᠷᠡᠭᠦᠯᠬᠦ ᠶᠢ  ᠰᠠᠨᠠᠭᠠᠴᠢᠯᠠᠵᠤ ᠪᠠᠶᠢᠨ᠎ᠠ ᠃        ᠣᠨᠣᠯ ᠤᠨ ᠰᠤᠳᠤᠯᠭᠠᠨ ᠢ ᠭᠦᠨᠵᠡᠭᠡᠶᠢᠷᠡᠭᠦᠯᠦᠨ᠎ᠡ ᠃ ᠲᠤᠰᠬᠠᠶ ᠮᠡᠷᠭᠡᠵᠢᠯᠲᠡᠨ ᠡᠷᠳᠡᠮᠲᠡᠨ ᠢ ᠵᠣᠬᠢᠶᠠᠨ ᠪᠠᠶᠢᠭᠤᠯᠵᠤ᠂ ᠲᠤᠰᠬᠠᠶ ᠰᠤᠳᠤᠯᠭᠠᠨ ᠤ ᠪᠦᠯᠬᠦᠮ ᠪᠠᠶᠢᠭᠤᠯᠵᠤ᠂ ᠫᠦ᠋ ᠡᠯ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ ᠤᠨ ᠬᠥᠰᠢᠶ᠎ᠡ ᠶᠢᠨ ᠢᠷᠠᠭᠤ ᠠᠯᠳᠠᠷᠲᠤ ᠤᠯᠠᠮᠵᠢᠯᠠᠯ ᠢ ᠰᠢᠰᠲ᠋ᠧᠮ ᠲᠠᠢ ᠰᠤᠳᠤᠯᠵᠤ᠂ ᠨᠢᠭᠡ ᠪᠦᠯᠦᠭ ᠴᠢᠨᠠᠷ ᠰᠠᠶᠢᠲᠠᠶ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠪᠦᠷᠢᠯᠳᠦᠭᠦᠯᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠣᠶᠤᠨ ᠤ ᠳᠡᠮᠵᠢᠯᠭᠡ ᠬᠠᠩᠭᠠᠵᠤ᠂ ᠡᠯ᠎ᠡ ᠭᠠᠵᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠨᠢᠭᠦᠯᠬᠦ ᠳᠤ ᠠᠮᠢᠳᠤᠯᠢᠭ ᠵᠢᠭᠠᠬᠤ ᠮᠠᠲ᠋ᠧᠷᠢᠶᠠᠯ ᠬᠠᠩᠭᠠᠨ᠎ᠠ ᠃        ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠰᠠᠭᠤᠷᠢᠨ ᠭᠠᠵᠠᠷ  ᠡᠭᠦᠳᠦᠨ ᠪᠠᠶᠢᠭᠤᠯᠤᠨ᠎ᠠ᠃ ᠫᠦ᠋ ᠡᠯ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ ᠤᠨ ᠬᠦᠷᠢᠶᠡᠯᠡᠩ ᠤᠨ ᠲᠠᠶᠢᠯᠤᠮᠵᠢ ᠶᠢᠨ ᠦᠭᠡᠰ ᠢ ᠵᠢᠷᠤᠮᠵᠢᠭᠤᠯᠵᠤ᠂ ᠲᠠᠶᠢᠯᠪᠤᠷᠢᠯᠠᠬᠤ ᠪᠠᠷᠢᠮᠵᠢᠶ᠎ᠠ ᠶᠢ ᠲᠣᠭᠲᠠᠭᠠᠨ᠂ ᠲᠤᠰᠬᠠᠢ ᠮᠡᠷᠭᠡᠵᠢᠯ ᠤᠨ ᠲᠠᠶᠢᠯᠪᠤᠷᠢᠯᠠᠭᠴᠢ ᠶᠢ ᠪᠣᠯᠪᠠᠰᠤᠷᠠᠭᠤᠯᠵᠤ᠂ ᠪᠠᠷᠢᠮᠵᠢᠶᠠᠵᠢᠭᠤᠯᠤᠭᠰᠠᠨ᠂ ᠰᠢᠰᠲ᠋ᠧᠮᠵᠢᠭᠦᠯᠦᠭᠰᠡᠨ ᠵᠢᠭᠠᠨ ᠰᠤᠷᠭᠠᠯᠲᠠ ᠶᠢᠨ ᠦᠢᠯᠡᠴᠢᠯᠡᠭᠡ ᠶᠢ ᠬᠠᠩᠭᠠᠨ᠎ᠠ᠃        ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠤᠷᠠᠯᠢᠭᠴᠢᠳ ᠢ ᠵᠤᠬᠢᠶᠠᠨ ᠪᠠᠶᠢᠭᠤᠯᠤᠨ ᠫᠦ᠋ ᠡᠯ ᠳᠤ ᠬᠦᠷᠴᠦ ᠬᠦᠳᠡᠯᠬᠡᠬᠡᠨ ᠳᠤ ᠤᠷᠤᠯᠴᠠᠭᠤᠯᠵᠤ᠂ ᠤᠳᠬ᠎ᠠ ᠤᠷᠠᠯᠢᠭ ᠤᠨ ᠠᠵᠢᠯᠳᠠᠳ ᠤᠨ ᠫᠦ᠋ ᠡᠯ ᠦᠨᠳᠦᠰᠦᠳᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ ᠤᠨ ᠬᠥᠰᠢᠶ᠎ᠡ ᠪᠠᠷ ᠭᠤᠤᠯ ᠰᠡᠳᠦᠪ ᠪᠤᠯᠭᠠᠵᠤ᠂ ᠦᠭᠦᠯᠡᠯᠭᠡ᠂ ᠺᠢᠨᠤ᠋ ᠲᠧᠯᠸᠢᠰ ᠵᠦᠴᠦᠭᠡ ᠵᠡᠷᠭᠡ ᠤᠳᠬ᠎ᠠ ᠤᠷᠠᠯᠢᠭ ᠤᠨ ᠪᠦᠳᠦᠭᠡᠯ ᠢ ᠵᠤᠬᠢᠶᠠᠨ ᠪᠦᠲᠦᠭᠡᠬᠦ ᠶᠢ ᠳᠡᠮᠵᠢᠵᠦ ᠂ ᠤᠯᠠᠨ ᠵᠦᠢᠯ ᠤᠨ ᠵᠠᠭᠤᠴᠢᠯᠠᠭᠤᠷ ᠤᠨ ᠲᠠᠪᠴᠠᠩ ᠢᠶᠠᠷ ᠲᠠᠮᠵᠢᠨ ᠦᠷᠭᠡᠨ ᠲᠡᠯᠭᠡᠷ ᠢᠶᠠᠷ ᠤᠯᠠᠮᠵᠢᠯᠠᠨ᠎ᠠ ᠃         ᠱᠠᠨᠳᠦ᠋ᠩ ᠤᠨ ᠦ᠋ ᠵᠧᠩ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠸᠧᠶ ᠳ᠋ᠦᠩ ᠲᠥᠯᠥᠭᠡᠯᠡᠭᠴᠢ᠄        ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠶᠡᠭᠡ ᠡᠷᠡᠮᠡᠯᠵᠡᠯ ᠲᠠᠢ ᠂ ᠭᠦᠢᠴᠡᠳ ᠦᠢᠯᠡᠳᠦᠯ ᠢᠶᠠᠨ ᠪᠠᠳᠠᠷᠠᠭᠤᠯᠵᠤ ᠴᠢᠳᠠᠨ᠎ᠠ        ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠲᠤᠯᠠ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠬᠠᠷᠢᠭᠤᠴᠠᠯᠭ᠎ᠠ ᠪᠠ ᠡᠭᠦᠷᠭᠡ ᠲᠠᠢ ᠶᠤᠮ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ᠂ ᠦᠨᠳᠦᠰᠦᠲᠡᠨ ᠨᠦᠭᠦᠳ ᠤᠨ ᠬᠠᠮᠲᠤᠪᠠᠷ ᠪᠠᠶᠠᠵᠢᠬᠤ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠤᠯᠠᠨ ᠵᠢᠯ ᠤᠨ ᠳᠤᠷᠰᠢ᠂ ᠪᠢᠳᠡ ᠨᠠᠮ ᠤᠨ ᠳᠦᠪ ᠬᠤᠷᠢᠶᠠᠨ ᠤ ︽ᠬᠢᠯᠢ ᠬᠢᠵᠠᠭᠠᠷ ᠤᠷᠤᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠢᠯᠢ ᠬᠢᠵᠠᠭᠠᠷ ᠤᠷᠤᠨ ᠢ ᠮᠠᠨᠳᠤᠭᠤᠯᠵᠤ ᠠᠷᠠᠳ ᠢ ᠪᠠᠶᠠᠵᠢᠭᠤᠯᠬᠤ ᠶᠢ ᠠᠬᠢᠭᠤᠯᠤᠨ᠂ ᠬᠢᠯᠢ ᠬᠢᠵᠠᠭᠠᠷ ᠢ ᠳᠤᠭᠳᠠᠪᠤᠷᠢᠵᠢᠭᠤᠯᠤᠨ ᠬᠢᠯᠢ ᠬᠢᠵᠠᠭᠠᠷ ᠢ ᠪᠠᠳᠤᠳᠬᠠᠬᠤ︾ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠡᠨᠡ ᠬᠦ ᠭᠤᠤᠯ ᠰᠢᠵᠢᠮ ᠳᠤ ᠠᠩᠬᠠᠷᠤᠯ ᠢᠶᠠᠨ ᠳᠠᠯᠪᠢᠨ᠂ ᠠᠵᠤ ᠦᠢᠯᠡᠰ᠂ ᠮᠡᠷᠭᠡᠵᠢᠯ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ ᠬᠢᠯᠢ ᠬᠢᠵᠠᠭᠠᠷ ᠤᠷᠤᠨ ᠤ ᠠᠵᠤ ᠠᠬᠤᠢ ᠨᠡᠶᠢᠭᠡᠮ ᠤᠨ ᠪᠦᠳᠦᠭᠡᠨ ᠪᠠᠶᠢᠭᠤᠯᠤᠯᠳᠠ ᠳᠤ ᠢᠳᠡᠪᠬᠢᠲᠠᠢ ᠤᠷᠤᠯᠴᠠᠪᠠ  ᠃        ᠣᠶᠤᠨᠴᠢ ᠲᠠᠷᠢᠶᠠᠯᠠᠩ ᠢᠶᠠᠷ ᠬᠢᠯᠢ ᠬᠢᠵᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ ᠃ 2011 ᠣᠨ ᠠᠴᠠ ᠡᠬᠢᠯᠡᠵᠦ ᠪᠢᠳᠡ ᠰᠢᠨᠵᠢᠶᠠᠩ ᠤᠨ ᠺᠠᠱᠭᠠᠷ ᠣᠷᠣᠨ ᠤ ᠮᠠᠶ ᠭᠠᠶ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠶ ᠣᠷᠣᠯᠴᠠᠵᠤ᠂ 4 ᠲᠦᠮᠡᠨ ᠮᠥ ᠲᠦᠪᠯᠡᠷᠡᠭᠦᠯᠦᠨ ᠲᠠᠷᠢᠬᠤ ᠦᠢᠯᠡᠳᠪᠦᠷᠢᠯᠡᠯ ᠂ ᠲᠦᠭᠦᠷᠵᠢᠭᠰᠡᠨ  ᠮᠠᠰᠢᠨ ᠮᠧᠬᠠᠨᠢᠭ ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ᠂ ᠵᠤᠭᠠᠴᠠᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠣᠶ ᠪᠣᠯᠭᠠᠵᠤ᠂ ᠣᠶᠤᠨᠴᠢ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠤᠬᠠᠶ ᠶᠢᠨ ᠭᠠᠵᠠᠷ ᠤᠨ ᠪᠣᠭᠤᠳᠠᠶ ᠶᠢᠨ ᠮᠥ ᠪᠦᠷᠢ ᠶᠢᠨ ᠤᠨᠠᠯᠲᠠ 629 ᠺᠢᠯᠣᠭ᠍ᠷᠠᠮ᠂ ᠡᠷᠳᠡᠨᠢ ᠰᠢᠰᠢ ᠶᠢᠨ ᠮᠥ ᠪᠦᠷᠢ ᠶᠢᠨ ᠤᠨᠠᠯᠲᠠ 700 ᠺᠢᠯᠣᠭ᠍ᠷᠠᠮ ᠤᠨ ᠰᠢᠨ᠎ᠡ ᠲᠡᠮᠳᠡᠭᠯᠡᠯ ᠢ ᠡᠭᠦᠳᠪᠡ᠃ ᠤᠯᠤᠰ ᠤᠨ ᠳᠣᠲᠣᠭᠠᠳᠤ ᠶᠢᠨ ᠠᠩᠬᠠᠳᠠᠭᠴᠢ ᠬᠥᠬᠡ ᠳᠠᠷᠤᠰᠢ ᠶᠢᠨ ᠬᠠᠳᠤᠵᠤ ᠬᠤᠷᠢᠶᠠᠬᠤ ᠮᠠᠰᠢᠨ᠂ ᠪᠣᠭᠤᠵᠢᠯᠠᠬᠤ ᠮᠠᠰᠢᠨ᠂ ᠪᠣᠭᠤᠳᠠᠯᠯᠠᠬᠤ ᠮᠠᠰᠢᠨ ᠵᠡᠷᠭᠡ ᠬᠥᠬᠡ ᠳᠠᠷᠤᠰᠢ ᠳᠠᠷᠤᠰᠢᠭᠤᠯᠬᠤ ᠲᠥᠬᠦᠭᠡᠷᠦᠮᠵᠢ ᠶᠢ ᠡᠭᠦᠳᠴᠦ ᠂ ᠬᠡᠷᠴᠢᠬᠦ᠂ ᠪᠣᠭᠤᠵᠢᠯᠠᠬᠤ᠂ ᠪᠢᠳᠡᠬᠦᠮᠵᠢᠯᠡᠬᠦ ᠨᠢᠭᠡ ᠯᠠ ᠦᠷᠲᠡᠭᠡ ᠶᠢ ᠪᠡᠶᠡᠯᠡᠭᠦᠯᠵᠦ᠂ ᠲᠥᠷᠥᠯ ᠵᠦᠢᠯ ᠢ ᠭᠠᠨᠰᠦ᠂ ᠬᠥᠬᠡᠨᠠᠭᠤᠷ᠂ ᠰᠢᠨᠵᠢᠶᠠᠩ᠂ ᠥᠪᠥᠷ ᠮᠣᠩᠭᠤᠯ ᠵᠡᠷᠭᠡ ᠭᠠᠵᠠᠷ ᠲᠤ ᠠᠪᠴᠢᠷᠠᠵᠤ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠤᠭᠰᠠᠨ ᠪᠠᠶᠢᠨ᠎ᠠ᠃
图片7.png
        ᠲᠠᠷᠢᠶᠠᠯᠠᠩ ᠤᠨ ᠮᠠᠰᠢᠨ ᠤ ᠵᠢᠯᠤᠭᠤᠴᠢ ᠬᠠᠷᠭᠠᠨ᠎ᠠ ᠶᠢᠨ ᠭᠤᠣᠷᠰᠤ ᠶᠢ ᠲᠡᠭᠰᠢᠯᠡᠵᠦ ᠰᠢᠷᠬᠡᠭ  ᠨᠤᠬᠤᠬᠤ ᠨᠢᠭᠡ ᠴᠣᠭᠴᠠ ᠮᠠᠰᠢᠨ ᠵᠢᠯᠣᠭᠤᠳᠤᠨ ᠬᠠᠷᠭᠠᠨ᠎ᠠ ᠶᠢᠨ ᠭᠤᠤᠷᠰᠤ ᠶᠢ ᠳᠡᠭᠡᠭᠰᠢᠯᠡᠨ ᠬᠤᠷᠢᠶᠠᠵᠤ ᠪᠠᠶᠢᠭ᠎ᠠ ᠃ ᠢᠷᠡᠯᠲᠡ ᠄ ᠦ᠋ ᠵᠧᠩ ᠪᠦᠯᠦᠭᠯᠡᠯ        ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠬᠥᠭᠵᠢᠯᠲᠡ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠪᠠ᠃ ᠣᠶᠢᠷ᠎ᠠ ᠶᠢᠨ ᠵᠢᠯ ᠤᠳ ᠲᠤ᠂ ᠬᠢᠯᠢ ᠬᠢᠵᠠᠭᠠᠷ ᠣᠷᠣᠨ ᠭᠠᠵᠠᠷ ᠰᠢᠷᠣᠶ ᠶᠢᠨ ᠴᠦᠯᠡᠷᠬᠡᠭᠵᠢᠯ ᠢ ᠵᠠᠰᠠᠬᠤ ᠠᠵᠢᠯ ᠢ ᠢᠳᠡᠪᠬᠢᠲᠡᠶ ᠠᠬᠢᠭᠤᠯᠵᠤ᠂ ᠬᠠᠷᠭᠠᠨ᠎ᠠ ᠲᠠᠷᠢᠬᠤ ᠶᠢ ᠶᠡᠭᠡ ᠪᠠᠷ ᠬᠥᠭᠵᠢᠭᠦᠯᠪᠡ᠃ ᠬᠠᠷᠭᠠᠨ᠎ᠠ ᠭᠤᠤᠷᠰᠤ ᠶᠢ ᠲᠡᠭᠰᠢᠯᠡᠨ  ᠣᠷᠭᠤᠬᠤ ᠣᠨᠴᠠᠯᠢᠭ ᠲᠠᠢ ᠪᠠᠶᠢᠳᠠᠭ᠂ ᠬᠡᠷᠪᠡ 3 ᠠᠴᠠ 5 ᠵᠢᠯ ᠳᠤ ᠲᠡᠭᠰᠢᠯᠡᠬᠦ  ᠦᠭᠡᠢ ᠪᠣᠯ ᠤᠷᠭᠤᠮᠠᠯ ᠬᠥᠭᠰᠢᠷᠡᠬᠦ᠂ ᠴᠢᠨᠠᠭᠰᠢᠯᠠᠪᠠᠯ ᠬᠠᠲᠠᠩᠭᠢᠷᠠᠨ ᠦᠬᠦᠰᠢᠷᠡᠨ᠎ᠡ ᠂ ᠴᠠᠭ ᠲᠤᠬᠠᠶ ᠳᠤᠨᠢ ᠭᠤᠤᠷᠰᠤ ᠳᠡᠭᠰᠢᠯᠡᠪᠡᠯ ᠰᠠᠶ᠋ᠢ ᠬᠠᠷᠭᠠᠨ᠎ᠠ ᠶᠢᠨ ᠠᠮᠢᠵᠢᠷᠠᠯ ᠤᠨ ᠬᠦᠴᠦᠨ ᠢ ᠪᠠᠲᠤᠯᠠᠵᠤ ᠴᠢᠳᠠᠨ᠎ᠠ᠃ ᠬᠠᠷᠭᠠᠨ᠎ᠠ ᠳᠤ ᠤᠭᠤᠷᠠᠭ ᠡᠯᠪᠡᠭ᠂ ᠰᠢᠪᠲᠦᠷᠲᠦ ᠬᠦᠴᠢᠯ ᠤᠨ ᠲᠥᠷᠥᠯ ᠵᠦᠢᠯ ᠪᠦᠷᠢᠨ᠂ ᠮᠠᠰᠢ ᠰᠠᠶᠢᠨ ᠦᠬᠡᠷ ᠬᠤᠨᠢᠨ ᠤ ᠲᠡᠵᠢᠭᠡᠯ ᠪᠣᠷᠳᠤᠭ᠎ᠠ ᠶᠤᠮ ᠂ ᠰᠢᠨᠵᠢᠯᠡᠬᠦ ᠤᠬᠠᠭᠠᠨᠴᠢ ᠪᠠᠷ ᠬᠤᠷᠢᠶᠠᠬᠤ ᠤᠷ᠎ᠠ ᠮᠡᠷᠭᠡᠵᠢᠯ ᠢᠶᠠᠷ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠬᠠᠷᠭᠠᠨ᠎ᠠ ᠶᠢᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠪᠦᠲᠦᠮᠵᠢᠲᠡᠶ ᠪᠠᠷ ᠳᠡᠭᠡᠭᠰᠢᠯᠡᠭᠦᠯᠵᠦ ᠪᠣᠯᠤᠨ᠎ᠠ᠃ ᠪᠢᠳᠡ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠪᠠ ᠬᠠᠷᠭᠠᠨ᠎ᠠ ᠶᠢᠨ ᠭᠤᠤᠷᠰᠦ ᠶᠢ ᠳᠡᠭᠰᠢᠯᠡᠬᠦ ᠬᠡᠷᠡᠭᠴᠡᠭᠡ ᠳᠤ ᠰᠠᠭᠤᠷᠢᠯᠠᠵᠤ᠂ ᠬᠠᠷᠭᠠᠨ᠎ᠠ ᠶᠢᠨ ᠭᠤᠤᠷᠰᠦ ᠶᠢ ᠳᠡᠭᠰᠢᠯᠡᠵᠦ ᠰᠢᠷᠬᠡᠭ ᠢᠶᠠᠷ ᠪᠣᠭᠤᠵᠢᠯᠠᠬᠤ ᠨᠢᠭᠡ ᠴᠣᠭᠴᠠ ᠮᠠᠰᠢᠨ ᠢ ᠠᠩᠬ᠎ᠠ ᠡᠭᠦᠳᠴᠦ᠂ ᠬᠠᠷᠭᠠᠨ᠎ᠠ ᠶᠢ ᠪᠣᠷᠳᠤᠭᠠᠵᠢᠭᠤᠯᠬᠤ ᠶᠠᠪᠤᠴᠠ ᠶᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠬᠠᠷᠭᠠᠨ᠎ᠠ ᠶᠢᠨ ᠭᠤᠤᠷᠰᠦ ᠶᠢ ᠲᠡᠭᠰᠢᠯᠡᠬᠦ ᠪᠠ ᠲᠡᠵᠢᠭᠡᠯ ᠪᠣᠷᠳᠤᠭ᠎ᠠ ᠪᠣᠯᠭᠠᠨ ᠠᠰᠢᠭᠯᠠᠬᠤ ᠠᠵᠢᠯ ᠲᠦᠷᠦᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃        ᠪᠣᠯᠪᠠᠰᠤᠷᠠᠯ ᠢᠶᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠶᠢ ᠳᠠᠶᠢᠴᠢᠯᠠᠪᠠ ᠃ ᠲᠠᠷᠢᠶᠠᠯᠠᠩ ᠤᠨ ᠮᠠᠰᠢᠨ ᠤ ᠠᠵᠢᠯᠯᠠᠭ᠎ᠠ᠂ ᠬᠤᠸᠠᠷ ᠴᠡᠴᠡᠭ ᠢᠳᠡᠰᠢᠨ ᠨᠣᠭᠤᠭ᠎ᠠ ᠶᠢᠨ ᠬᠠᠮᠢᠶᠠᠷᠤᠯᠲᠠ᠂ ᠮᠠᠰᠢᠨ ᠮᠧᠬᠠᠨᠢᠭ ᠢ ᠤᠭᠰᠠᠷᠠᠬᠤ ᠵᠡᠷᠭᠡ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠰᠢᠨᠵᠢᠶᠠᠩ᠂ ᠨᠢᠩᠰᠢᠶᠠ᠂ ᠥᠪᠥᠷ ᠮᠣᠩᠭᠤᠯ ᠵᠡᠷᠭᠡ ᠭᠠᠵᠠᠷ ᠲᠤ ᠤᠯᠠᠨ ᠵᠢᠯ ᠳᠠᠷᠠᠭᠠᠯᠠᠨ ︽ᠲᠠᠪᠤᠨ ᠠᠶᠠᠨ ᠬᠤᠨᠳᠠᠭᠠᠲᠤ︾ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨᠴᠢᠨ ᠤ ᠤᠷᠤᠯᠳᠤᠭᠠᠨ ᠤ ᠮᠤᠵᠢ ᠶᠢᠨ ᠬᠤᠭᠤᠷᠣᠨᠳᠣᠬᠢ ᠤᠷᠤᠯᠳᠤᠭᠠᠨ ᠢ ᠡᠷᠬᠢᠯᠡᠵᠦ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠬᠡᠳᠦᠨ ᠮᠢᠩᠭᠠᠨ ᠲᠠᠷᠢᠶᠠᠯᠠᠩ ᠤᠨ ᠮᠠᠰᠢᠨᠴᠢᠨ ᠤᠷᠤᠯᠳᠤᠭᠠᠨ ᠳᠤ ᠣᠷᠣᠯᠴᠠᠵᠤ᠂ ᠲᠠᠷᠢᠶᠠᠯᠠᠩ ᠤᠨ ᠮᠠᠰᠢᠨᠴᠢᠨ ᠤ ᠠᠵᠢᠯᠯᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠪᠡ᠃        ᠲᠣᠰᠬᠤᠨ ᠤ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠶᠢᠴᠢᠯᠠᠨ ᠬᠠᠮᠲᠤ ᠪᠠᠷ ᠴᠢᠨᠡᠭᠡᠯᠢᠭᠵᠢᠬᠦ ᠲᠡᠶᠢᠰᠢ  ᠤᠷᠤᠭᠰᠢᠯᠠᠭᠤᠯᠪᠠ ᠃ ᠮᠠᠶᠢᠭᠠᠶᠢᠲᠢ ᠰᠢᠶᠠᠨ ᠤ ᠺᠠᠺᠱᠠᠯ ᠭᠠᠴᠠᠭ᠎ᠠ ᠨᠢ ᠲᠠᠺᠡᠯᠠᠮᠠ ᠴᠦᠯ ᠤᠨ ᠦᠷᠦᠴᠡᠨ ᠳᠤ ᠣᠷᠣᠰᠢᠵᠤ ᠂  ᠪᠠᠶᠢᠭᠠᠯᠢ ᠶᠢᠨ ᠨᠥᠬᠦᠴᠡᠯ ᠲᠣᠩ ᠮᠠᠭᠤ᠃ ᠦ᠋ ᠵᠧᠩ ᠪᠦᠯᠦᠭᠯᠡᠯ 1500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠤᠰ ᠲᠣᠰᠬᠤᠨ ᠢ ᠪᠦᠬᠦᠯᠢ ᠴᠣᠭᠴᠠ ᠪᠠᠷ ᠰᠢᠨ᠎ᠡ ᠪᠠᠷ ᠪᠠᠶᠢᠭᠤᠯᠤᠨ ᠨᠡᠭᠦᠯᠭᠡᠭᠰᠡᠨ ᠪᠥᠭᠡᠳ 2000 ᠲᠦᠮᠡᠨ ᠲᠥᠭᠦᠷᠢᠭ ᠤᠨ ᠪᠡᠯᠡ ᠣᠷᠣᠭᠤᠯᠵᠤ ᠲᠤᠰ ᠲᠣᠰᠬᠤᠨ ᠲᠠᠢ ᠬᠠᠮᠲᠤ ᠪᠠᠷ ᠲᠤᠰᠬᠠᠢ ᠬᠤᠷᠰᠢᠶ᠎ᠠ ᠪᠠᠶᠢᠭᠤᠯᠵᠤ᠂  600 ᠭᠠᠷᠤᠢ ᠲᠠᠷᠢᠶᠠᠴᠢᠨ ᠡᠷᠦᠬᠡ ᠶᠢ ᠲᠠᠶᠢᠴᠢᠯᠠᠨ ᠮᠠᠯ ᠠᠵᠤ ᠠᠬᠤᠢ ᠲᠡᠵᠢᠭᠡᠨ ᠦᠷᠡᠵᠢᠭᠦᠯᠬᠦ ᠪᠠ ᠲᠡᠵᠢᠭᠡᠯ ᠡᠪᠡᠰᠦ ᠲᠠᠷᠢᠬᠤ ᠶᠢ ᠬᠥᠭᠵᠢᠭᠦᠯᠵᠦ᠂ ᠲᠣᠰᠬᠤᠨ ᠤ ᠠᠷᠠᠳ ᠤᠨ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ 2010 ᠣᠨ ᠳᠤ 0.5 ᠲᠦᠮᠡᠨ ᠲᠥᠭᠦᠷᠢᠭ ᠠᠴᠠ ᠪᠠᠨ ᠳᠡᠭᠡᠭᠰᠢᠯᠡᠵᠦ 2.5 ᠲᠦᠮᠡᠨ ᠲᠥᠭᠦᠷᠢᠭ ᠠᠴᠠ ᠳᠡᠭᠡᠭᠰᠢ ᠪᠣᠯᠵᠤ᠂ ᠲᠣᠰᠬᠤᠨ ᠤ ᠬᠠᠮᠲᠤ ᠶᠢᠨ ᠠᠵᠤ ᠠᠬᠤᠢ 155 ᠲᠦᠮᠡᠨ ᠲᠥᠭᠦᠷᠢᠭ ᠢ ᠳᠠᠪᠠᠵᠠᠢ᠃        2024 ᠣᠨ ᠤ 9 ᠳ᠋ᠦ᠋ᠭᠡᠷ ᠰᠠᠷ᠎ᠠ ᠳᠤ᠂ ᠦ᠋ ᠵᠧᠩ ᠪᠦᠯᠦᠭᠯᠡᠯ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠢᠷᠠᠭᠤ ᠠᠯᠳᠠᠷ ᠢ ᠭᠥᠷᠳᠡᠪᠡ᠃ ᠰᠢᠨ᠎ᠡ ᠭᠠᠷᠤᠭ᠎ᠠ ᠳᠡᠭᠡᠷ᠎ᠡ᠂ ᠪᠢᠳᠡᠨ ᠤ ᠬᠠᠷᠢᠭᠤᠴᠠᠯᠭ᠎ᠠ ᠨᠡᠩ ᠬᠦᠨᠳᠦ᠂ ᠬᠥᠳᠡᠯᠭᠡᠬᠦ ᠬᠦᠴᠦᠨ ᠴᠦ ᠨᠡᠩ ᠭᠦᠢᠴᠡᠳ ᠪᠣᠯᠪᠠ᠃ ᠪᠢᠳᠡ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃         ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠱᠠᠨᠨᠠᠨ ᠬᠤᠲᠠ ᠶᠢᠨ ᠯᠦᠩᠽᠢ ᠰᠢᠶᠠᠨ ᠤ ᠳ᠋ᠧᠦ ᠢᠦᠢ ᠯᠦᠪᠠ ᠦᠨᠳᠦᠰᠦᠲᠡᠨ ᠤ ᠰᠤᠮᠤ ᠶᠢᠨ ᠳᠠᠷᠤᠭ᠎ᠠ ᠵᠠᠰᠢᠵᠢᠶᠠᠩ ᠲᠣᠰᠬᠤᠨ ᠤ ᠲᠥᠯᠥᠭᠡᠯᠡᠭᠴᠢ᠄        ᠠᠷᠢᠭᠤᠨ ᠳᠠᠷᠬᠠᠨ ᠨᠤᠲᠤᠭ ᠳᠡᠪᠢᠰᠬᠡᠷ ᠤᠨ ᠬᠠᠮᠠᠭᠠᠯᠠᠭᠴᠢ᠂ ᠵᠣᠯ ᠵᠢᠷᠭᠠᠯᠲᠤ ᠭᠡᠷ ᠣᠷᠣᠨ ᠤ ᠪᠦᠲᠦᠭᠡᠨ ᠪᠠᠢᠭᠤᠯᠤᠭᠴᠢ ᠪᠣᠯᠬᠤ ᠪᠠᠷ ᠴᠢᠷᠮᠠᠶᠢᠶ᠎ᠠ        2017 ᠣᠨ ᠤ 10 ᠳ᠋ᠤᠭᠠᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠲᠥᠪᠡᠳ ᠤᠨ ᠯᠦᠩᠽᠢ ᠰᠢᠶᠠᠨ ᠤ ᠢᠦᠶ ᠮᠠᠶ ᠰᠢᠶᠠᠩ ᠤᠨ ᠮᠠᠯᠴᠢᠨ ᠵᠦᠸᠠᠭᠠᠷ᠂ ᠶᠠᠩ ᠽᠥᠩ ᠡᠭᠡᠴᠢ ᠥᠬᠢᠨ ᠳᠡᠭᠦᠤ ᠳᠤ ᠬᠠᠷᠢᠭᠤ ᠵᠠᠬᠢᠳᠠᠯ ᠢᠯᠡᠭᠡᠵᠦ᠂ ︽ᠤᠯᠤᠰ ᠪᠠᠶᠢᠪᠠᠯ ᠰᠠᠶ᠋ᠢ ᠭᠡᠷ ᠲᠠᠢ᠂ ᠤᠯᠤᠰ ᠤᠨ ᠬᠢᠯᠢ ᠬᠢᠵᠠᠭᠠᠷ ᠲᠣᠭᠲᠠᠭᠤᠨ ᠥᠬᠡᠶ ᠪᠣᠯ ᠲᠦᠮᠡᠨ ᠡᠷᠦᠬᠡ ᠶᠢᠨ ᠠᠮᠤᠷ ᠠᠮᠤᠭᠤᠯᠠᠩ ᠪᠠᠶᠢᠵᠤ ᠴᠢᠳᠠᠬᠤ ᠥᠬᠡᠶ ᠶᠤᠮ᠃ ᠡᠬᠡ ᠣᠷᠣᠨ ᠤ ᠨᠤᠲᠤᠭ ᠳᠡᠪᠢᠰᠬᠡᠷ ᠳᠡᠭᠡᠷᠡᠬᠢ ᠨᠢᠭᠡ ᠡᠪᠡᠰᠦ ᠨᠢᠭᠡ ᠮᠣᠳᠣ ᠶᠢ ᠴᠤ ᠪᠢᠳᠡ ᠪᠦᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ︾ ᠭᠡᠵᠦ ᠵᠢᠭᠠᠵᠤ ᠭᠠᠷᠭᠠᠪᠠ ᠃ 2021 ᠣᠨ ᠤ 7 ᠳ᠋ᠤᠭᠠᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠲᠥᠪᠡᠳ ᠲᠤ ᠰᠢᠨᠵᠢᠯᠡᠨ ᠪᠠᠶᠢᠴᠠᠭᠠᠬᠤ ᠳᠠᠭᠠᠨ᠂ ︽ᠬᠢᠯᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠢᠯᠢ ᠬᠢᠵᠠᠭᠠᠷ ᠲᠤ ᠦᠨᠳᠦᠰᠦᠯᠡᠵᠦ᠂ ᠤᠯᠤᠰ ᠤᠨ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠵᠤ᠂ ᠨᠤᠲᠤᠭ ᠤᠰᠤ ᠪᠠᠨ ᠪᠥᠲᠥᠭᠡᠨ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠶ︾ ᠭᠡᠵᠦ ᠴᠢᠬᠤᠯᠠᠴᠢᠯᠠᠪᠠ ᠃        ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠳᠣᠣᠷ᠎ᠠ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠢᠷᠭᠠᠭᠤ ᠬᠠᠲᠠᠭᠤᠵᠢᠯᠲᠠᠢ ᠲᠡᠮᠡᠴᠡᠵᠦ᠂ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠬᠢᠯᠢ ᠬᠢᠵᠠᠭᠠᠷ ᠣᠷᠣᠨ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠪᠠ ᠂ ᠬᠢᠯᠢ ᠶᠢᠨ ᠰᠠᠭᠤᠷᠢ ᠨᠡᠩ ᠪᠠᠲᠤ ᠪᠠᠬᠢ ᠂ ᠬᠢᠯᠢ ᠬᠢᠵᠠᠭᠠᠷ ᠣᠷᠣᠨ ᠤ ᠬᠦᠭᠵᠢᠯᠲᠡ ᠨᠡᠩ ᠲᠦᠷᠭᠡᠨ᠂ ᠭᠠᠵᠠᠷ ᠰᠢᠷᠣᠢ ᠶᠢ ᠨᠡᠩ ᠠᠮᠤᠷ ᠲᠦᠪᠰᠢᠨ ᠂ ᠬᠢᠯᠢ ᠶᠢᠨ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ︽ᠠᠷᠢᠭᠤᠨ ᠲᠠᠷᠬᠠᠨ ᠤᠯᠤᠰ ᠤᠨ ᠨᠤᠲᠤᠭ ᠳᠡᠪᠢᠰᠬᠡᠷ ᠢ ᠬᠠᠮᠠᠭᠠᠯᠠᠭᠴᠢ᠂ ᠵᠣᠯ ᠵᠢᠷᠭᠠᠯᠲᠤ ᠭᠡᠷ ᠣᠷᠣᠨ ᠤ ᠪᠦᠳᠦᠭᠡᠨ ᠪᠠᠶᠢᠭᠤᠯᠤᠭᠴᠢ︾ ᠪᠣᠯᠬᠤ ᠪᠠᠷ ᠴᠢᠷᠮᠠᠶᠢᠬᠤ ᠣᠷᠭᠢᠯᠤᠮ᠎ᠠ ᠬᠠᠯᠠᠭᠤᠨ ᠰᠡᠳᠬᠢᠯᠭᠡ ᠨᠡᠩ ᠪᠠᠳᠠᠷᠠᠪᠠ᠃        ᠰᠠᠭᠤᠷᠢ ᠲᠥᠬᠦᠭᠡᠷᠦᠮᠵᠢ ᠪᠥᠬᠦ ᠲᠠᠯ᠎ᠠ ᠪᠠᠷ ᠲᠠᠰ ᠳᠡᠪᠰᠢᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠡᠭᠡ ᠪᠠᠷ ᠳᠡᠭᠡᠭᠰᠢᠯᠡᠪᠡ᠃ ᠨᠢᠭᠡ ᠳᠤ᠂ ᠵᠠᠮ ᠬᠠᠷᠢᠯᠴᠠᠭ᠎ᠠ ᠨᠠᠩ ᠳᠥᠭᠦᠮ ᠪᠣᠯᠪᠠ᠃ ᠯᠦᠩᠽᠢ ᠰᠢᠶᠠᠨ ᠤ ᠬᠢᠯᠢ ᠶᠢᠨ ᠰᠢᠶᠠᠩ ᠪᠠᠯᠭᠠᠰᠤᠨ ᠤ 219 ᠨᠣᠮᠧᠷᠲᠤ ᠤᠯᠤᠰ ᠤᠨ ᠵᠠᠮ ᠤᠨ ᠪᠠᠶᠢᠭᠤᠯᠤᠭᠳᠠᠭᠰᠠᠨ ᠂ ᠵᠠᠰᠠᠮᠠᠯ ᠵᠠᠮ ᠢ ᠬᠠᠮᠠᠭᠠᠯᠠᠬᠤ ᠠᠵᠢᠯ ᠤᠨ ᠥᠨᠳᠥᠷ ᠪᠦᠲᠦᠮᠵᠢᠲᠡᠶ ᠪᠠᠶᠢᠬᠤ ᠶᠢ ᠳᠠᠭᠠᠯᠳᠤᠨ᠂ ᠯᠦᠩᠽᠢ ᠰᠢᠶᠠᠨ ᠤ ᠵᠠᠰᠠᠮᠠᠯ ᠵᠠᠮ ᠨᠡᠪᠲᠡᠷᠡᠬᠦ ᠥᠬᠡᠶ ︽ᠬᠢᠯᠢ ᠶᠢᠨ ᠥᠨᠥᠴᠢᠨ ᠠᠷᠠᠯ ᠤᠨ ᠬᠥᠳᠡᠭᠡ ᠲᠣᠰᠬᠤᠨ︾  ᠨᠢ ᠲᠡᠤᠬᠡ ᠪᠣᠯᠵᠤ ᠬᠤᠴᠤᠷᠪᠠ ᠃  2022 ᠣᠨ ᠤ ᠡᠴᠦᠰ ᠲᠤ ᠱᠠᠨᠨᠠᠨ ᠯᠦᠩᠽᠢ ᠨᠢᠰᠬᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ ᠠᠶᠠᠯᠠᠯ ᠨᠡᠪᠲᠡᠷᠡᠭᠦᠯᠪᠡ᠃ ᠬᠤᠶᠠᠷ ᠲᠤ᠂ ᠤᠰᠤ ᠴᠠᠬᠢᠯᠭᠠᠨ ᠬᠡᠷᠡᠭᠯᠡᠬᠦ ᠨᠡᠩ ᠠᠮᠤᠷ ᠲᠦᠪᠰᠢᠨ ᠪᠣᠯᠪᠠ ᠃ ᠤᠯᠤᠰ ᠤᠨ ᠴᠠᠬᠢᠯᠭᠠᠨ ᠲᠣᠣᠷ ᠨᠢ ᠯᠦᠩᠽᠢ ᠰᠢᠶᠠᠨ ᠤ ᠬᠢᠯᠢ ᠬᠢᠵᠠᠭᠠᠷ ᠤᠨ ᠬᠥᠳᠡᠭᠡ ᠲᠣᠰᠬᠤᠨ ᠳᠤ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢᠨ ᠬᠠᠮᠲᠤ ᠴᠠᠬᠢᠯᠭᠠᠨ ᠤ ᠦᠨ᠎ᠡ ᠶᠢ ᠬᠠᠭᠠᠰ ᠢᠶᠠᠷ ᠪᠠᠭᠠᠰᠬᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠰᠢᠶᠠᠩ ᠤᠨ ᠲᠥᠪᠯᠡᠷᠡᠭᠦᠯᠦᠨ ᠤᠰᠤ ᠬᠠᠩᠭᠠᠬᠤ ᠦᠢᠯᠡᠳᠪᠦᠷᠢ ᠶᠢᠨ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠣᠯᠠᠨ ᠲᠦᠮᠡᠨ ᠳᠤ ᠴᠡᠪᠡᠷ ᠠᠮᠤᠷ ᠲᠦᠪᠰᠢᠨ ᠤᠤᠭᠤᠬᠤ ᠤᠰᠤ ᠬᠦᠷᠭᠡᠪᠡ᠃ ᠭᠤᠷᠪᠠ ᠳᠤ ᠂ ᠬᠢᠯᠢ ᠬᠢᠵᠠᠭᠠᠷ ᠤᠨ ᠬᠥᠳᠡᠭᠡ ᠲᠣᠰᠬᠤᠨ ᠤ ᠰᠦᠯᠵᠢᠶᠡᠨ ᠤ ᠪᠠᠶᠢᠭᠤᠯᠤᠯᠲᠠ ᠲᠦᠷᠭᠡᠳᠴᠦ ᠂ ᠣᠶᠤᠨᠴᠢ ᠭᠠᠷ ᠤᠲᠠᠰᠤ ᠪᠠᠷᠤᠭ ᠬᠥᠮᠦᠨ ᠪᠣᠯᠭᠠᠨ ᠤ ᠭᠠᠷ ᠲᠤ ᠣᠷᠤᠪᠠ ᠃ ᠲᠦᠷᠭᠡᠨ ᠬᠦᠷᠭᠡᠯᠲᠡ ᠶᠢᠨ ᠡᠳ᠋ ᠪᠠᠷᠠᠭᠠᠨ ᠤ ᠭᠦᠢᠯᠭᠡᠭᠡ ᠵᠠᠰᠠᠭ ᠵᠠᠬᠢᠷᠭᠠᠨ ᠤ ᠲᠤᠰᠬᠤᠨ ᠬᠦᠷᠲᠡᠯ᠎ᠡ ᠤᠷᠳᠤᠰᠴᠤ ᠂ ᠰᠦᠯᠵᠢᠶ᠎ᠡ ᠪᠠᠷ ᠡᠳ᠋ ᠪᠠᠷᠠᠭ᠎ᠠ ᠬᠤᠳᠠᠯᠳᠤᠨ ᠠᠪᠬᠤ ᠨᠡᠩ ᠨᠡᠶᠢᠳᠡᠮ ᠪᠣᠯᠪᠠ ᠃ ᠲᠦᠷᠪᠡ ᠳᠤ᠂ ᠣᠷᠣᠨ ᠰᠠᠭᠤᠴᠠ ᠶᠢᠨ ᠠᠮᠤᠷ ᠲᠦᠪᠰᠢᠨ ᠨᠡᠩ ᠪᠠᠲᠤᠯᠠᠭ᠎ᠠ ᠲᠠᠢ ᠪᠣᠯᠪᠠ᠃ ᠬᠢᠯᠢ ᠶᠢᠨ ᠪᠠᠭ᠎ᠠ  ᠴᠢᠨᠡᠭᠡᠯᠢᠭ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠥᠬᠦ ᠲᠠᠯ᠎ᠠ ᠪᠠᠷ ᠰᠡᠭᠦᠯ ᠬᠤᠷᠢᠶᠠᠬᠤ ᠪᠠ ᠨᠡᠭᠦᠯᠭᠡᠨ ᠲᠥᠪᠬᠢᠨᠡᠭᠦᠯᠬᠦ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠳᠠᠭᠠᠯᠳᠤᠨ ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠪᠣᠯᠣᠳ ᠰᠢᠷᠪᠦᠰᠦᠲᠦ ᠱᠦᠢᠨᠢ ᠶᠢᠨ ︽ᠵᠢᠵᠢᠭ ᠵᠤᠰᠠᠯᠠᠩ ︾ ᠳᠤ ᠰᠠᠭᠤᠪᠠ᠃ 2024 ᠣᠨ ᠳᠤ᠂ ᠲᠥᠪᠡᠳ ᠢ ᠲᠤᠰᠠᠯᠠᠬᠤ ᠠᠵᠢᠯᠯᠠᠬᠤ ᠠᠩᠭᠢ ᠳ᠋ᠧᠦ ᠢᠦᠢ ᠰᠢᠶᠠᠩ ᠢ ᠬᠠᠪᠰᠤᠷᠤᠨ ᠥᠨᠳᠥᠷ ᠪᠠᠷᠢᠮᠵᠢᠶᠠᠲᠤ ᠪᠠᠭ᠎ᠠ ᠰᠤᠷᠭᠠᠭᠤᠯᠢ ᠪᠠ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠨᠤᠲᠤᠭ ᠤᠨ ᠠᠬ᠎ᠠ ᠳᠡᠭᠦᠦ ᠨᠡᠷ ᠲᠤ ᠨᠡᠩ ᠲᠠᠭᠠᠯᠠᠮᠵᠢᠲᠠᠢ ᠰᠤᠷᠤᠯᠴᠠᠬᠤ ᠪᠠ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠪᠦᠷᠢᠯᠳᠦᠭᠦᠯᠵᠦ ᠥᠭᠴᠡᠢ᠃ ᠲᠠᠪᠤ ᠳᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠪᠣᠲᠠᠲᠠᠶᠢᠵᠢᠪᠠ ᠃ ᠲᠥᠪᠡᠳ ᠤᠨ ᠬᠢᠨ ᠰᠣᠷᠬᠤ ᠨᠠᠰᠣᠠ ᠠᠴᠠ ᠡᠮᠣᠨᠠᠭᠢ ᠠᠴᠠ ᠣᠢᠠᠲᠣᠷ ᠳᠣᠮᠲᠠᠲᠤ ᠬᠦᠷᠬᠦ ᠰᠣᠷᠭᠠᠭᠤᠯᠢ ᠶᠢᠨ 15 ᠵᠢᠯ ᠤᠨ ᠪᠦᠭᠦ ᠠᠷᠠᠣᠠ ᠤᠨ ᠠᠯᠪᠠᠨ ᠵᠠᠷᠣᠲᠠᠯ ᠤᠨ ᠰᠣᠷᠭᠠᠨ ᠬᠦᠮᠦᠵᠢᠯ ᠤᠨ ᠰᠢᠰᠲ᠋ᠧᠮ ᠢ ᠪᠠᠶᠢᠭᠤᠯᠵᠤ᠂ ᠰᠣᠷᠭᠠᠨ ᠬᠦᠮᠦᠵᠢᠯ ᠤᠨ ︽ᠭᠤᠷᠪᠠ ᠶᠢ ᠪᠠᠲᠤᠯᠠᠬᠤ︾ ᠵᠢᠯ ᠤᠨ ᠰᠣᠷᠣᠬᠴᠢ ᠶᠢᠨ ᠳᠣᠮᠲᠠᠴᠢ ᠵᠠᠷᠣᠲᠠᠯ ᠤᠨ ᠪᠠᠷᠢᠮᠵᠢᠶ᠎ᠡ 5620 ᠳᠦᠭᠦᠷᠢᠭ ᠲᠤ ᠬᠦᠷᠪᠡ ᠂ ᠡᠨᠠ ᠵᠢᠯ ᠳᠤ 5700 ᠳᠦᠭᠦᠷᠢᠭ ᠪᠣᠯᠭᠠᠬᠤ ᠪᠠᠷ ᠨᠢᠭᠡᠨᠲᠡ ᠲᠣᠭᠲᠠᠭᠠᠵᠤ ᠂ ᠡᠮ ᠡᠮᠨᠠᠯᠭᠡ᠂ ᠨᠠᠰᠣᠵᠢᠯ ᠵᠠᠷᠭᠡ ᠨᠢ ᠪᠦᠭᠦ ᠤᠯᠤᠰ ᠲᠠᠢ ᠵᠡᠷᠭᠡᠲᠡ ᠬᠦᠭᠵᠢᠯᠲᠡ ᠶᠢ ᠣᠢᠠᠲᠣᠰᠣᠠ ᠳᠡᠭᠡᠨ ᠪᠡᠶᠡᠯᠡᠭᠦᠯᠪᠡ᠃
图片8.png
        ᠯᠦᠩᠽᠢ ᠰᠢᠶᠠᠨ ᠤ ᠳ᠋ᠧᠦ ᠢᠦᠢ ᠯᠦᠪᠠ ᠦᠨᠳᠦᠰᠦᠲᠡᠨ ᠤ ᠰᠢᠶᠠᠩ ᠤᠨ ᠡᠮᠡᠭᠲᠡᠶᠢᠴᠦᠳ ᠯᠦᠪᠠ ᠦᠨᠳᠦᠰᠦᠲᠡᠨ ᠤ ᠬᠤᠪᠴᠠᠰᠤ ᠵᠠᠰᠠᠯ ᠢ ᠨᠡᠬᠡᠵᠦ ᠪᠠᠶᠢᠭ᠎ᠠ ᠃ ᠲᠤᠬᠠᠶ ᠶᠢᠨ ᠭᠠᠵᠠᠷ ᠨᠢ ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠰᠬᠤᠨ ᠤ ᠠᠷᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠎ᠡ᠃ ᠰᠡᠷᠡᠩ  ᠯᠦᠩᠪᠦ ᠰᠡᠭᠦᠲᠡᠷᠯᠡᠪᠡ        ᠣᠯᠠᠨ ᠲᠦᠮᠡᠨ ᠤ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠪᠠᠶᠠᠵᠢᠯ ᠤᠨ ᠵᠠᠮ ᠤᠯᠠᠮ ᠦᠷᠭᠡᠵᠢᠪᠡ ᠃ ᠨᠢᠭᠡ ᠳᠤ᠂ ᠳᠥᠭᠦᠮ ᠳᠥᠲᠡ ᠵᠠᠮ ᠬᠠᠷᠢᠯᠴᠠᠭᠠᠨ ᠤ ᠨᠥᠬᠦᠴᠡᠯ ᠳᠤ ᠲᠦᠰᠢᠭᠯᠡᠨ᠂ ᠬᠢᠯᠢ ᠬᠢᠵᠠᠭᠠᠷ ᠣᠷᠣᠨ ᠤ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠬᠥᠮᠦᠨ ᠨᠡᠶᠢᠭᠡᠮ ᠤᠨ ᠦᠵᠡᠮᠵᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ︽ᠵᠢᠭᠤᠯᠴᠢᠯᠠᠯ  + ︾ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠣᠷᠣᠨ ᠰᠠᠭᠤᠴᠠ᠂ ᠢᠳᠡᠭᠡᠨ ᠤᠮᠳᠠᠭᠠᠨ ᠵᠡᠷᠭᠡ ᠦᠢᠯᠡᠴᠢᠯᠡᠭᠡᠨ ᠤ ᠦᠢᠯᠡᠰ ᠪᠣᠯᠤᠨ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠵᠢᠭᠤᠯᠴᠢᠯᠠᠯ ᠤᠨ ᠣᠷᠣᠯᠭ᠎ᠠ ᠵᠢᠯ ᠳᠠᠷᠠᠭᠠᠯᠠᠨ ᠳᠡᠭᠡᠭᠰᠢᠯᠡᠪᠡ᠃ ᠬᠤᠶᠠᠷ ᠲᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠯᠴᠠᠬᠤ ᠶᠢ ᠵᠣᠷᠢᠭᠵᠢᠭᠤᠯᠵᠤ᠂ ᠬᠥᠳᠡᠯᠮᠦᠷᠢ ᠬᠦᠴᠦᠨ ᠤ ᠣᠷᠣᠯᠭ᠎ᠠ ᠶᠢ ᠳᠡᠭᠡᠭᠰᠢᠯᠡᠭᠦᠯᠪᠡ ᠃ ᠣᠯᠠᠨ ᠲᠦᠮᠡᠨ ᠢ ᠵᠣᠬᠢᠶᠠᠨ ᠪᠠᠶᠢᠭᠤᠯᠵᠤ ᠪᠠᠶᠢᠭᠠᠳ ᠬᠢᠯᠢ ᠶᠢᠨ ᠬᠠᠮᠠᠭᠠᠯᠠᠭᠴᠢ᠂ ᠣᠢ ᠰᠢᠭᠤᠢ ᠶᠢᠨ ᠬᠠᠮᠠᠭᠠᠯᠠᠭᠴᠢ ᠵᠡᠷᠭᠡ ᠠᠮᠢ ᠠᠬᠤᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠭᠡᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠢᠯᠢ ᠶᠢᠨ ᠠᠷᠠᠳ ᠤᠨ ᠨᠦᠬᠦᠪᠦᠷᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠦᠬᠦᠪᠦᠷᠢ ᠵᠡᠷᠭᠡ ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠨᠦᠬᠦᠪᠦᠷᠢ ᠶᠢ ᠴᠢᠩᠭ᠎ᠠ ᠨᠠᠶᠢᠳᠠᠪᠤᠷᠢᠵᠢᠭᠤᠯᠪᠠ ᠃ ᠭᠤᠷᠪᠠ ᠳᠤ᠂ ᠠᠵᠤ ᠦᠢᠯᠡᠰ ᠤᠨ ᠲᠦᠷᠦᠯ ᠵᠦᠢᠯ ᠤᠨ ᠠᠰᠢᠭ ᠬᠤᠪᠢᠶᠠᠷᠢᠯᠠᠬᠤ᠂ ᠭᠠᠵᠠᠷ ᠰᠢᠷᠣᠢ ᠶᠢᠨ ᠡᠷᠭᠢᠯᠲᠡ ᠶᠢᠨ ᠠᠰᠢᠭ ᠣᠷᠣᠯᠭ᠎ᠠ ᠵᠡᠷᠭᠡ ᠪᠠᠷ ᠳᠠᠮᠵᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠢ ᠴᠤ ᠶᠡᠭᠡ ᠬᠡᠮᠵᠢᠶ᠎ᠡ ᠪᠠᠷ ᠣᠷᠣᠯᠭ᠎ᠠ ᠪᠠᠨ ᠨᠡᠮᠡᠭᠳᠡᠭᠦᠯᠪᠡ᠃        ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠷ᠎ᠡ ᠪᠦᠲᠦᠮᠵᠢ ᠢᠯᠡᠳᠲᠡ ᠪᠣᠯᠵᠤ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠪᠡ᠃ ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ︽ᠭᠤᠷᠪᠠ ᠶᠢ ᠣᠯᠭᠤᠭᠰᠠᠨ ᠨᠢᠭᠡ ᠶᠢ ᠠᠰᠢᠭᠲᠠᠢ ᠪᠠᠶᠢᠯᠭᠠᠬᠤ︾ ᠵᠠᠷᠴᠢᠮ ᠢ ᠪᠠᠷᠢᠮᠲᠠᠯᠠᠵᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ  ᠭᠤᠣᠯ ᠰᠢᠵᠢᠮ ᠪᠣᠯᠭᠠᠵᠤ᠂ ᠬᠢᠯᠢ ᠬᠢᠵᠠᠭᠠᠷ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠤᠨᠤᠯ ᠢ ᠬᠠᠮᠲᠤ ᠪᠠᠷ ᠰᠤᠷᠤᠯᠴᠠᠵᠤ ᠢᠲᠡᠭᠡᠯ ᠪᠢᠰᠢᠷᠡᠯ ᠢᠶᠠᠨ ᠪᠠᠲᠤᠳᠬᠠᠬᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠵᠤ ᠨᠢᠭᠡᠳᠦᠭᠡᠷ ᠹᠷᠣᠨᠲ ᠤᠨ ᠪᠠᠬᠢᠯᠡᠯᠲᠡ ᠶᠢ ᠪᠠᠬᠢᠵᠢᠭᠦᠯᠬᠦ᠂ ᠠᠷᠠᠳ ᠤᠨ ᠠᠮᠢᠳᠤᠷᠠᠯ ᠢ ᠬᠠᠮᠲᠤ ᠪᠠᠷ ᠪᠠᠶᠢᠭᠤᠯᠵᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠪᠣᠯᠪᠠᠰᠤᠨ ᠤ ᠰᠢᠨ᠎ᠡ ᠰᠤᠷᠲᠠᠯ ᠢ ᠬᠠᠮᠲᠤ ᠪᠠᠷ ᠪᠤᠢ ᠪᠣᠯᠭᠠᠵᠤ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ᠂ ᠠᠷᠢᠭᠤᠨ ᠳᠠᠷᠬᠠᠨ ᠤᠯᠤᠰ ᠤᠨ ᠨᠤᠲᠤᠭ ᠳᠡᠪᠢᠰᠬᠡᠷ ᠢ ᠬᠠᠮᠲᠤ ᠪᠠᠷ ᠰᠠᠬᠢᠵᠤ ᠬᠢᠯᠢ ᠬᠢᠵᠠᠭᠠᠷ ᠣᠷᠣᠨ ᠤ ᠠᠮᠤᠷ ᠲᠣᠭᠲᠠᠭᠤᠨ ᠢ ᠪᠠᠲᠤᠯᠠᠬᠤ︾ ᠪᠠᠷ ᠭᠤᠣᠯ ᠠᠭᠤᠯᠭ᠎ᠠ ᠪᠣᠯᠭᠠᠭᠰᠠᠨ ︽ᠲᠠᠪᠤᠨ ᠬᠠᠮᠲᠤ ᠲᠠᠪᠤᠨ ᠪᠠᠬᠢᠵᠢᠯ︾ ᠤᠨ ᠴᠡᠷᠢᠭ ᠠᠩᠭᠢ ᠪᠠ ᠣᠷᠣᠨ ᠨᠤᠲᠤᠭ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠤᠣᠰᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠢᠯᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠭᠠᠴᠠᠭᠤᠯᠬᠤ ᠶᠢ ᠡᠰᠡᠷᠭᠦᠴᠡᠬᠦ ᠲᠡᠮᠡᠴᠡᠯ ᠤᠨ ᠪᠠᠬᠢᠯᠡᠯᠲᠡ᠂ ᠦᠨᠳᠦᠰᠦᠲᠡᠨ ᠤ ᠪᠦᠯᠬᠦᠮᠳᠡᠯ ᠤᠨ ᠠᠵᠢᠯᠯᠠᠬᠤ ᠠᠩᠭᠢ᠂ ᠤᠯᠠᠨ ᠲᠦᠮᠡᠨ ᠢ ᠪᠠᠶᠠᠵᠢᠭᠤᠯᠬᠤ ᠳᠠᠭᠠᠭᠤᠯᠤᠭᠴᠢ ᠪᠣᠯᠭᠠᠬᠤ ᠪᠠᠷ ᠬᠦᠴᠦᠯᠡᠨ ᠴᠢᠷᠮᠠᠶᠢᠵᠤ᠂ ᠨᠠᠮ ᠤᠨ ᠲᠤᠭ ᠢ ᠢᠮᠠᠭᠲᠠ ᠡᠬᠡ ᠤᠯᠤᠰ ᠤᠨ ᠬᠢᠯᠢ ᠬᠢᠵᠠᠭᠠᠷ ᠣᠷᠣᠨ ᠳᠤ ᠥᠨᠳᠥᠷ ᠨᠠᠮᠢᠷᠠᠭᠤᠯᠪᠠ ᠃ ᠬᠤᠶᠠᠷ ᠲᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ᠂ ᠵᠠᠯᠠᠭᠤ ᠰᠤᠷᠤᠭᠴᠢ᠂ ᠮᠠᠯᠴᠢᠨ ᠲᠠᠷᠢᠶᠠᠴᠢᠨ ᠲᠦᠮᠡᠨ᠂ ᠰᠦᠮ᠎ᠡ ᠬᠡᠶᠢᠳ ᠯᠠᠮᠠ ᠨᠠᠷ ᠵᠡᠷᠭᠡ ᠳᠥᠷᠪᠡᠨ ᠬᠠᠮᠲᠤᠯᠢᠭ ᠢ ᠴᠢᠩᠭ᠎ᠠ ᠠᠳᠬᠤᠵᠤ᠂ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠤᠨ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠦᠨᠡᠨ ᠬᠦ ᠬᠥᠲᠥᠯᠥᠨ ᠵᠢᠯᠣᠭᠤᠳᠴᠤ ᠪᠠᠶᠢᠭᠠᠳ ︽ᠲᠠᠪᠤ ᠶᠢ ᠮᠡᠳᠡᠷᠡᠬᠦ︾ ᠶᠢ ᠴᠢᠩᠭᠠᠳᠬᠠᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ ᠃ ᠭᠤᠷᠪᠠ ᠳᠤ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ᠂ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ ᠵᠠᠮ ᠢᠶᠠᠷ ᠬᠠᠮᠲᠤ ᠪᠠᠷ ᠵᠠᠮᠨᠠᠬᠤ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠤᠶᠤᠨ ᠤ ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠭᠠᠭᠤᠯᠤᠨ ᠬᠢᠯᠢ ᠬᠢᠵᠠᠭᠠᠷ ᠲᠤ ᠦᠨᠳᠦᠰᠦᠯᠡᠵᠦ᠂ ᠬᠢᠯᠢ ᠬᠢᠵᠠᠭᠠᠷ ᠢ ᠪᠦᠳᠦᠭᠡᠨ ᠪᠠᠶᠢᠭᠤᠯᠵᠤ᠂ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠡᠬᠡ ᠤᠯᠤᠰ ᠲᠠᠭᠠᠨ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠤᠯᠤᠰ ᠤᠨ ᠢᠮᠠᠬᠤ ᠲᠡᠳᠦᠢ ᠨᠤᠲᠤᠭ ᠳᠡᠪᠢᠰᠬᠡᠷ ᠲᠤ ᠠᠭᠤᠰᠬᠠᠨ ᠣᠷᠣᠭᠤᠯᠵᠤ᠂ ᠬᠢᠯᠢ ᠶᠢᠨ ᠬᠥᠰᠢᠶ᠎ᠡ ᠨᠢᠭᠡᠪᠦᠷᠢ ᠳᠤ ᠬᠠᠳᠠᠩᠰᠢᠭᠤᠯᠵᠤ᠂ ︽ᠨᠠᠮ ᠤᠨ ᠭᠡᠷᠡᠯ ᠰᠠᠴᠤᠷᠠᠩᠭᠤᠶ ᠬᠢᠯᠢ ᠬᠢᠵᠠᠭᠠᠷ ᠢ ᠭᠡᠷᠡᠯᠲᠦᠭᠦᠯᠵᠦ᠂ ᠬᠢᠯᠢ ᠬᠢᠵᠠᠭᠠᠷ ᠤᠨ ᠠᠷᠠᠳ ᠲᠦᠮᠡᠨ ᠰᠡᠳᠬᠢᠯ ᠵᠢᠷᠦᠬᠡ ᠪᠠᠨ ᠨᠠᠮ  ᠤᠨ ᠵᠦᠭ ᠲᠡᠮᠡᠦᠯᠬᠦ ︾ ᠠᠮᠢᠳᠤᠯᠢᠭ ᠬᠠᠭᠤᠳᠠᠰᠤ ᠶᠢ ᠪᠢᠴᠢᠭᠯᠡᠪᠡ ᠃         ᠹᠦᠵᠢᠶᠠᠨ ᠤ ᠪᠠᠶᠢᠭᠠᠯᠢ ᠶᠢᠨ ᠠᠵᠤ ᠦᠢᠯᠡᠳᠪᠦᠷᠢ ᠶᠡᠭᠡ ᠰᠤᠷᠭᠠᠭᠤᠯᠢ ᠶᠢᠨ ᠵᠠᠬᠢᠷᠤᠯ ᠸᠧᠶ ᠵᠢᠶᠠᠨ ᠭᠠᠩ ᠭᠡᠰᠢᠭᠦᠨ᠄        ᠳᠠᠯᠠᠢ ᠶᠢᠨ ᠬᠢᠯᠢ ᠬᠢᠵᠠᠭᠠᠷ ᠤᠨ ᠵᠠᠰᠠᠯᠳᠠ ᠶᠢᠨ ᠤᠳᠤᠬᠢᠴᠢᠯᠠᠯᠳᠠ ᠶᠢ ᠳᠦᠯᠬᠢᠨ ᠤᠷᠤᠭᠰᠢᠯᠠᠭᠤᠯᠵᠤ᠂ ᠳᠠᠯᠠᠢ ᠳᠠᠩᠬᠢᠰ ᠤᠨ ᠬᠦᠴᠦᠷᠬᠡᠭ ᠤᠯᠤᠰ ᠢ ᠳᠦᠷᠭᠡᠪᠴᠢᠯᠡᠨ ᠪᠦᠳᠦᠭᠡᠨ  ᠪᠠᠶᠢᠭᠤᠯᠤᠶ᠎ᠠ        ᠳᠠᠯᠠᠢ ᠶᠢᠨ ᠬᠢᠯᠢ ᠬᠢᠵᠠᠭᠠᠷ ᠤᠨ ᠵᠠᠰᠠᠯᠲᠠ ᠪᠣᠯ ᠬᠢᠯᠢ ᠬᠢᠵᠠᠭᠠᠷ ᠤᠨ ᠵᠠᠰᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ ᠪᠠ ᠬᠥᠭᠵᠢᠯᠲᠡ ᠶᠢᠨ ᠠᠰᠢᠭ ᠲᠤᠰᠠ ᠳᠤ ᠬᠤᠯᠪᠣᠭᠳᠠᠵᠤ᠂ ᠠᠯᠤᠰ ᠬᠡᠳᠦ ᠶᠢᠨ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠤᠮ᠃ ᠶᠡᠷᠦᠩᠬᠡᠶ ᠱᠦᠵᠢ ᠰᠢ ᠶᠢᠨ ᠫᠢᠩ ᠤᠨ ᠬᠢᠯᠢ ᠬᠢᠵᠠᠭᠠᠷ ᠤᠨ ᠵᠠᠰᠠᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠠᠴᠠ ᠲᠡᠯᠡᠶ ᠶᠢᠨ ᠰᠢᠨᠵᠢᠶᠠᠩ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠡᠯᠡᠶ ᠶᠢᠨ ᠬᠢᠯᠢ ᠬᠢᠵᠠᠭᠠᠷ ᠤᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠲᠡᠯᠡᠶ ᠶᠢᠨ ᠬᠢᠵᠠᠭᠠᠷ ᠢᠶᠠᠷ ᠵᠠᠭᠤᠴᠢ ᠪᠣᠯᠭᠠᠨ ᠪᠥᠬᠦ ᠪᠥᠮᠪᠥᠷᠴᠡᠭ ᠤᠨ ᠡᠩᠬᠡ ᠲᠠᠶᠢᠪᠤᠩ ᠲᠣᠭᠲᠠᠭᠤᠨ ᠪᠠᠶᠢᠳᠠᠯ ᠪᠠ ᠬᠠᠮᠲᠤᠷᠠᠯᠴᠠᠭ᠎ᠠ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠯᠡᠶ ᠶᠢᠨ ᠪᠣᠯᠪᠠᠰᠤᠨ ᠤ ᠰᠢᠨ᠎ᠡ ᠬᠠᠭᠤᠳᠠᠰᠤ ᠶᠢ ᠪᠢᠴᠢᠭᠯᠡᠶ᠎ᠡ ᠃
图片9.png
        2024 ᠣᠨ ᠤ 11 ᠳ᠋ᠦ᠋ᠭᠡᠷ ᠰᠠᠷ᠎ᠠ ᠶᠢᠨ 17 ᠤ ᠡᠳᠦᠷ᠂ ᠬᠠᠮᠤᠭ ᠤᠨ ᠶᠡᠭᠡ 11000 ᠮᠧᠲᠷ ᠤᠨ ᠭᠦᠨ ᠥᠷᠥᠮᠳᠡᠬᠦ ᠴᠢᠳᠠᠪᠤᠷᠢ ᠲᠠᠢ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠵᠢᠷᠤᠵᠤ ᠲᠥᠯᠥᠪᠯᠡᠨ ᠪᠠᠶᠢᠭᠤᠯᠤᠭᠰᠠᠨ ᠠᠩᠬᠠᠳᠠᠭᠴᠢ ᠶᠡᠭᠡ ᠲᠡᠯᠡᠶ ᠶᠢᠨ ᠥᠷᠥᠮᠳᠡᠨ ᠬᠠᠶᠢᠬᠤ ᠣᠩᠭᠤᠴᠠ ︽ᠬᠦᠰᠡᠯ︾ ᠨᠡᠷᠡᠮᠵᠢᠲᠦ ᠶᠢ ᠭᠤᠸᠠᠩᠵᠧᠦ ᠳᠤ ᠵᠢᠩᠬᠢᠨᠢ ᠪᠠᠷ ᠣᠷᠣᠭᠤᠯᠤᠭᠰᠠᠨ ᠨᠢ ᠮᠠᠨ ᠤ ᠤᠯᠤᠰ ᠤᠨ ᠭᠦᠨ ᠲᠡᠯᠡᠶ ᠶᠢ ᠬᠠᠶᠢᠨ ᠬᠡᠮᠵᠢᠬᠦ ᠵᠠᠩᠭᠢᠯᠠᠭ᠎ᠠ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ ᠴᠢᠬᠤᠯᠠ ᠶᠡᠭᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠵᠢᠷᠤᠭ ᠪᠤᠯ ᠳᠣᠰ ᠡᠳᠦᠷ ᠲᠤ ᠰᠡᠭᠦᠳᠡᠷᠯᠡᠭᠰᠡᠨ ᠭᠤᠸᠠᠩᠵᠧᠦ ᠶᠢᠨ  ᠲᠠᠯᠠᠢ ᠲᠠᠩᠭᠢᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠳᠣᠪᠴᠢᠶᠠᠨ ᠤ ᠰᠢᠠᠵᠢᠯᠠᠭᠦ ᠣᠬᠠᠭᠠᠨ ᠤ ᠪᠠᠶᠢᠴᠠᠭᠠᠯᠲᠠ ᠶᠢᠨ  ᠭᠠᠷᠠᠮ ᠳᠤ ᠪᠠᠶᠢᠭ᠎ᠠ ᠶᠡᠭᠡ ᠲᠡᠯᠡᠶ ᠶᠢᠨ ᠥᠷᠥᠮᠳᠡᠨ ᠬᠠᠶᠢᠬᠤ ᠣᠩᠭᠤᠴᠠ ︽ᠬᠦᠰᠡᠯ︾ ᠨᠡᠷᠡᠮᠵᠢᠲᠦ ᠪᠤᠯᠣᠨ᠎ᠠ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠯᠢᠤ ᠳ᠋ᠠ ᠸᠧᠢ ᠰᠠᠭᠦᠲᠠᠷᠯᠠᠪᠠ        ᠤᠯᠠᠨ ᠡᠰᠢᠲᠦ ᠭᠤᠣᠯ ᠴᠣᠭᠴᠠ ᠶᠢᠨ ᠬᠠᠮᠵᠢᠯᠴᠠᠬᠤ ᠬᠠᠮᠲᠤᠷᠠᠯ ᠤᠨ ᠬᠦᠴᠦᠨ ᠢ ᠨᠢᠭᠡᠳᠦᠯᠲᠡᠢ ᠲᠦᠯᠦᠪᠯᠡᠵᠦ ᠂ ᠲᠠᠯᠠᠢ ᠶᠢᠨ ᠬᠢᠯᠢ ᠬᠢᠵᠠᠭᠠᠷ ᠤᠨ ᠵᠠᠰᠠᠯᠲᠠ ᠪᠣᠯᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ᠃ ᠲᠠᠯᠠᠢ ᠶᠢᠨ ᠬᠢᠯᠢ ᠬᠢᠵᠠᠭᠠᠷ ᠤᠨ ᠵᠠᠰᠠᠯᠲᠠ ᠪᠣᠯ ᠨᠢᠭᠡᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ᠂ ᠳᠠᠯᠠᠶ ᠲᠠᠩᠭᠢᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠳᠠᠯᠠᠶ ᠲᠠᠩᠭᠢᠰ ᠤᠨ ᠠᠷᠠᠯᠵᠢᠶᠠᠨ ᠤ ᠰᠤᠶᠤᠯ ᠤᠨ ᠦᠢᠯᠡᠳᠦᠯᠴᠡᠯ ᠂ ᠭᠠᠵᠠᠷ  ᠣᠷᠤᠨ ᠤ ᠤᠯᠤᠰ ᠲᠦᠷᠥ ᠪᠠ ᠤᠯᠤᠰ ᠤᠨ ᠠᠮᠤᠷ ᠲᠦᠪᠰᠢᠨ ᠵᠡᠷᠭᠡ ᠣᠯᠠᠨ ᠠᠰᠠᠭᠤᠳᠠᠯ ᠲᠠᠢ ᠬᠤᠯᠪᠤᠭᠳᠠᠨ᠎ᠠ ᠂ ᠲᠠᠯᠠᠢ ᠶᠢᠨ ᠬᠢᠯᠢ ᠬᠢᠵᠠᠭᠠᠷ ᠤᠨ ᠠᠰᠠᠭᠤᠳᠠᠯ ᠢ ᠡᠬᠡ ᠬᠠᠭᠤᠷᠠᠢ ᠳᠠᠯᠠᠶ ᠲᠠᠩᠭᠢᠰ ᠢ ᠨᠢᠭᠡᠳᠦᠯᠲᠡᠶ ᠲᠦᠯᠦᠪᠯᠡᠬᠦ ᠬᠠᠷᠠᠭᠠᠰᠤ ᠠᠴᠠ ᠪᠣᠳᠣᠯᠬᠢᠯᠠᠬᠤ ᠴᠢᠬᠤᠯᠠᠲᠠᠶ᠃ ᠵᠠᠰᠠᠭ ᠤᠨ ᠣᠷᠳᠣᠨ᠂ ᠠᠷᠠᠳ ᠤᠨ ᠬᠦᠴᠦᠨ ᠵᠡᠷᠭᠡ ᠤᠯᠠᠨ ᠡᠰᠢᠲᠦ ᠭᠤᠣᠯ ᠴᠣᠭᠴᠠ ᠶᠢᠨ ᠬᠦᠴᠦᠨ ᠢ ᠭᠦᠢᠴᠡᠳ ᠲᠠᠶᠢᠴᠢᠯᠠᠵᠦ᠂ ᠤᠯᠠᠨ ᠲᠡᠰ ᠳᠠᠪᠬᠤᠷᠭ᠎ᠠ ᠪᠦᠬᠦᠢ ᠲᠠᠯᠠᠢ  ᠶᠢᠨ ᠬᠢᠯᠢ ᠬᠢᠵᠠᠭᠠᠷ ᠤᠨ  ᠵᠠᠰᠠᠯᠲᠠ ᠶᠢᠨ ᠭᠤᠣᠯ ᠴᠣᠭᠴᠠ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠨᠢᠭᠡ ᠲᠠᠯ᠎ᠠ ᠪᠠᠷ᠂ ᠵᠠᠰᠠᠭ ᠤᠨ ᠣᠷᠳᠣᠨ ᠤ ᠳᠡᠰ ᠳᠠᠪᠬᠤᠷᠭ᠎ᠠ ᠶᠢᠨ ᠰᠢᠰᠲ᠋ᠧᠮᠲᠦ ᠴᠢᠨᠠᠷᠲᠠᠶ ᠦᠵᠦ ᠲᠥᠯᠥᠪᠯᠡᠭᠡ ᠶᠢ ᠴᠢᠩᠭᠠᠳᠬᠠᠵᠤ᠂ ᠲᠡᠯᠡᠶ ᠶᠢᠨ ᠬᠢᠯᠢ ᠬᠢᠵᠠᠭᠠᠷ ᠤᠨ ᠵᠠᠰᠠᠯᠲᠠ ᠶᠢᠨ ᠭᠤᠤᠯ ᠱᠤᠭᠤᠮ ᠤᠨ ᠡᠭᠦᠷᠭᠡ ᠪᠣᠯᠤᠨ ᠠᠵᠢᠯ ᠤᠨ ᠠᠷᠭ᠎ᠠ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠰᠢᠰᠲ᠋ᠧᠮ ᠤᠨ ᠬᠠᠮᠵᠢᠯᠴᠠᠬᠤ ᠲᠣᠭᠲᠠᠴᠠ᠂ ᠬᠢᠨᠠᠨ ᠬᠠᠮᠢᠶᠠᠷᠬᠤ ᠳᠦᠷᠢᠮ ᠢ ᠪᠠᠶᠢᠭᠤᠯᠵᠤ᠂ ᠳᠦᠷᠢᠮᠵᠢᠭᠦᠯᠬᠦ ᠪᠠᠶᠢᠭᠤᠯᠤᠯᠲᠠ ᠶᠢ ᠴᠢᠩᠭᠠᠳᠬᠠᠵᠤ᠂ ᠲᠡᠯᠡᠶ ᠲᠠᠩᠭᠢᠰ ᠤᠨ ᠬᠠᠮᠢᠶᠠᠷᠤᠯᠲᠠ᠂ ᠨᠡᠭᠡᠭᠡᠨ ᠬᠥᠭᠵᠢᠭᠦᠯᠬᠦ᠂ ᠪᠦᠲᠦᠭᠡᠨ ᠪᠠᠶᠢᠭᠤᠯᠬᠤ ᠵᠡᠷᠭᠡ ᠣᠯᠠᠨ ᠲᠠᠯ᠎ᠠ ᠶᠢᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠨᠥᠭᠦᠭᠡ ᠲᠠᠯ᠎ᠠ ᠪᠠᠷ᠂ ᠠᠷᠠᠳ ᠤᠨ ᠬᠦᠴᠦᠨ ᠢ ᠳᠠᠶᠢᠴᠢᠯᠠᠵᠤ ᠂ ᠠᠷᠠᠳ ᠤᠨ  ᠬᠦᠴᠦᠨ ᠤ ᠭᠤᠣᠯ ᠴᠣᠭᠴᠠ ᠶᠢᠨ ᠳᠠᠯᠠᠢ ᠲᠠᠩᠭᠢᠰ ᠤᠨ ᠡᠬᠢ ᠪᠠᠶᠠᠯᠢᠭ ᠢ ᠨᠡᠭᠡᠭᠡᠨ  ᠠᠰᠢᠭᠯᠠᠬᠤ ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠲᠠᠯ᠎ᠠ ᠪᠠᠷ ᠬᠢ ᠴᠢᠳᠠᠮᠠᠭᠠᠢ ᠴᠢᠨᠠᠷ ᠢ ᠭᠦᠢᠴᠡᠳ ᠪᠠᠳᠠᠷᠠᠭᠤᠯᠬᠤ ᠬᠡᠷᠡᠭᠲᠡᠢ         ᠴᠢᠬᠤᠯᠠ ᠶᠡᠭᠡ ᠣᠨᠣᠯ ᠤᠨ ᠠᠰᠠᠭᠤᠳᠠᠯ ᠤᠨ ᠰᠤᠳᠤᠯᠤᠯ ᠢ ᠴᠢᠩᠭᠠᠳᠬᠠᠵᠤ ᠳᠠᠯᠠᠢ ᠶᠢᠨ ᠬᠢᠯᠢ ᠬᠢᠵᠠᠭᠠᠷ ᠤᠨ ᠶᠠᠷᠢᠶᠠᠨ ᠤ ᠡᠷᠬᠡ ᠶᠢᠨ ᠪᠠᠶᠢᠭᠤᠯᠤᠯᠲᠠ  ᠶᠢ ᠴᠢᠩᠭᠠᠳᠬᠠᠨ᠎ᠠ ᠃ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠭᠰᠠᠨ ᠳᠠᠯᠠᠢ ᠶᠢᠨ ᠬᠢᠯᠢ ᠬᠢᠵᠠᠭᠠᠷ ᠤᠨ ᠮᠡᠳᠡᠯᠭᠡ ᠶᠢᠨ ᠲᠣᠭᠲᠠᠯᠴᠠᠭ᠎ᠠ ᠪᠣᠯᠤᠨ ᠶᠠᠷᠢᠶᠠᠨ ᠤ ᠲᠣᠭᠲᠠᠯᠴᠠᠭ᠎ᠠ ᠶᠢ ᠪᠠᠶᠢᠭᠤᠯᠬᠤ ᠨᠢ ᠮᠠᠨ ᠤ ᠤᠯᠤᠰ ᠤᠨ ᠳᠠᠯᠠᠶ ᠲᠠᠩᠭᠢᠰ ᠤᠨ ᠡᠷᠬᠡ ᠠᠰᠢᠭ ᠢ ᠬᠠᠮᠠᠭᠠᠯᠠᠬᠤ᠂ ᠳᠡᠯᠡᠬᠡᠢ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠶᠤᠮ᠃ ᠨᠢᠭᠡ ᠳᠤ ᠂ ᠳᠠᠯᠠᠶ ᠶᠢᠨ ᠬᠢᠯᠢ ᠬᠢᠵᠠᠭᠠᠷ ᠤᠨ ᠲᠡᠦᠬᠡ ᠶᠢᠨ ᠡᠷᠬᠡ ᠮᠡᠳᠡᠯ ᠤᠨ ᠨᠤᠲᠠᠯᠠᠯᠲᠠ ᠶᠢᠨ ᠰᠠᠭᠤᠷᠢ ᠶᠢ ᠴᠢᠩᠭᠠᠳᠬᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠲᠠᠯᠠᠢ ᠲᠠᠩᠭᠢᠰ ᠤᠨ ᠦᠢᠯᠡᠳᠦᠯᠭᠡ ᠥᠨᠢ ᠤᠳᠠᠭᠠᠨ ᠲᠡᠦᠬᠡ ᠲᠠᠢ᠂ ᠲᠠᠯᠠᠢ ᠲᠠᠩᠭᠢᠰ ᠤᠨ ᠪᠣᠯᠪᠠᠰᠤᠨ ᠬᠢᠭᠡᠳ ᠡᠬᠡ ᠬᠠᠭᠤᠷᠠᠶ ᠶᠢᠨ ᠪᠣᠯᠪᠠᠰᠤᠨ ᠰᠣᠯᠪᠢᠴᠠᠨ ᠣᠷᠣᠰᠢᠵᠤ᠂ ᠨᠡᠭᠡᠭᠡᠯᠲᠡᠲᠡᠶ ᠪᠠᠭᠲᠠᠭᠠᠮᠵᠢᠲᠠᠶ ᠪᠥᠭᠡᠳ ᠬᠤᠷᠠᠮᠳᠤᠭᠤᠯᠤᠭᠰᠠᠨ ᠳᠤᠮᠳᠠᠳᠤ ᠶᠢᠨ ᠪᠣᠯᠪᠠᠰᠤᠨ ᠢ ᠬᠠᠮᠲᠤ ᠪᠠᠷ ᠬᠥᠮᠦᠵᠢᠭᠦᠯᠵᠡᠶ᠃ ᠤᠯᠠᠨ ᠰᠢᠨᠵᠢᠯᠡᠭᠡᠨ ᠤ ᠬᠠᠷᠠᠭᠠᠰᠤ ᠳᠣᠣᠷᠠᠬᠢ ᠳᠠᠯᠠᠢ ᠶᠢᠨ ᠬᠢᠯᠢ ᠬᠢᠵᠠᠭᠠᠷ ᠤᠨ ᠲᠡᠦᠬᠡ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠡᠷᠲᠡ ᠡᠳᠦᠭᠡ ᠶᠢ ᠨᠡᠪᠲᠡᠷᠡᠭᠦᠯᠵᠦ᠂ ᠳᠤᠮᠳᠠᠳᠤ ᠦᠷᠦᠨᠡᠳᠡᠬᠢ ᠪᠠᠷ ᠳᠤᠮᠳᠠᠳᠤ ᠧᠦ᠋ᠷᠣᠫᠠ ᠶᠢᠨ ᠦᠯᠢᠬᠡᠷ ᠢ ᠰᠠᠶᠢᠲᠤᠷ ᠶᠠᠷᠢᠵᠤ᠂ ᠲᠠᠯᠠᠢ ᠲᠠᠩᠭᠢᠰ ᠤᠨ ᠡᠷᠬᠡ ᠮᠡᠳᠡᠯ᠂ ᠲᠠᠯᠠᠢ ᠲᠠᠩᠭᠢᠰ ᠤᠨ ᠡᠷᠬᠡ ᠠᠰᠢᠭ ᠵᠡᠷᠭᠡ ᠴᠢᠬᠤᠯᠠ ᠶᠡᠭᠡ ᠪᠣᠳᠠᠲᠤ ᠠᠰᠠᠭᠤᠳᠠᠯ ᠤᠨ ᠲᠤᠬᠠᠢ ᠲᠡᠦᠬᠡ ᠶᠢᠨ ᠦᠨᠳᠦᠰᠦᠯᠡᠯ ᠤᠨ ᠰᠤᠳᠤᠯᠭᠠᠨ ᠢ ᠴᠢᠩᠭᠠᠳᠬᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠵᠦᠢᠯ ᠤᠨ ᠤᠬᠠᠭᠤᠯᠭ᠎ᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠨᠡᠶᠢᠭᠡᠮ ᠳᠤ ᠳᠠᠯᠠᠶ ᠶᠢᠨ ᠬᠢᠯᠢ ᠬᠢᠵᠠᠭᠠᠷ ᠤᠨ ᠲᠤᠬᠠᠶ ᠵᠥᠪ ᠮᠡᠳᠡᠯᠭᠡ ᠶᠢ ᠲᠦᠭᠡᠮᠡᠯᠵᠢᠭᠦᠯᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠶ᠃ ᠬᠤᠶᠠᠷ ᠲᠤ᠂ ᠤᠳᠤ ᠦᠶ᠎ᠡ ᠶᠢᠨ ᠳᠠᠯᠠᠢ ᠶᠢᠨ  ᠬᠢᠯᠢ ᠬᠢᠵᠠᠭᠠᠷ ᠤᠨ ᠠᠰᠠᠭᠤᠳᠠᠯ ᠤᠨ ᠳᠡᠯᠡᠬᠡᠢ ᠶᠢᠨ ᠶᠡᠷᠢᠶᠠᠨ ᠤ ᠡᠷᠬᠡ ᠶᠢ ᠳᠡᠭᠡᠭᠰᠢᠯᠡᠭᠦᠯᠬᠦ ᠬᠡᠷᠡᠭᠲᠡᠢ᠃ ᠴᠠᠭ ᠦᠶ᠎ᠡ ᠶᠢᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠥᠨᠡᠳᠠᠬᠢᠨ ᠢᠶᠠᠷ ᠭᠤᠣᠯᠯᠠᠭᠤᠯᠤᠭᠰᠠᠨ ᠡᠵᠡᠷᠬᠡᠬᠦ ᠬᠡᠯᠪᠡᠷᠢ ᠶᠢᠨ ᠳᠠᠯᠠᠢ ᠲᠠᠩᠭᠢᠰ ᠤᠨ ᠶᠠᠷᠢᠶᠠᠨ ᠤ ᠪᠣᠷᠣ ᠲᠥᠯᠥᠪ ᠢ ᠰᠢᠪᠲᠤᠯᠵᠤ᠂ ︽ᠳᠠᠯᠠᠢ ᠲᠠᠩᠭᠢᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ︾ ᠶᠢ ᠪᠠᠶᠢᠭᠤᠯᠬᠤ ᠰᠢᠨ᠎ᠡ ᠬᠡᠯᠪᠡᠷᠢ ᠶᠢᠨ ᠳᠠᠯᠠᠢ ᠲᠠᠩᠭᠢᠰ ᠤᠨ ᠵᠠᠰᠠᠯᠲᠠ ᠶᠢᠨ ᠡᠮᠬᠢ ᠳᠢᠭᠯᠢᠮ ᠢ ᠠᠬᠢᠭᠤᠯᠵᠤ ᠂ ᠤᠯᠠᠨ ᠤᠯᠤᠰ ᠤᠨ ᠳᠠᠯᠠᠢ ᠲᠠᠩᠭᠢᠰ ᠤᠨ ᠵᠢᠭᠤᠷᠠᠯᠳᠤᠭᠠᠨ ᠢ ᠰᠢᠢᠳᠪᠦᠷᠢᠯᠡᠬᠦ ᠳᠤ ᠳᠤᠮᠳᠠᠳᠤ ᠤᠯᠤᠰ ᠤᠨ ᠤᠶᠤᠨ ᠤᠬᠠᠭᠠᠨ ᠪᠠ ᠳᠤᠮᠳᠠᠳᠤ ᠤᠯᠤᠰ ᠤᠨ ᠲᠥᠰᠦᠯ ᠢ ᠬᠠᠩᠭᠠᠨ᠎ᠠ᠃        ᠳᠠᠯᠠᠢ ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ ᠳᠠᠯᠠᠢ ᠲᠠᠩᠭᠢᠰ ᠤᠨ ᠬᠢᠯᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠳᠠᠯᠠᠢ ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠳᠠᠯᠠᠢ ᠶᠢᠨ ᠬᠢᠯᠢ ᠬᠢᠵᠠᠭᠠᠷ ᠤᠨ ᠨᠡᠭᠡᠭᠡᠨ ᠬᠥᠭᠵᠢᠭᠦᠯᠦᠯᠲᠡ ᠶᠢᠨ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠂ ᠳᠠᠯᠠᠢ ᠶᠢᠨ ᠬᠢᠯᠢ ᠬᠢᠵᠠᠭᠠᠷ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠰᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠯᠧᠮᠧᠨ᠋ᠲ ᠢ ᠳᠠᠯᠠᠢ ᠶᠢᠨ ᠬᠢᠯᠢ ᠬᠢᠵᠠᠭᠠᠷ ᠤᠨ ᠵᠠᠰᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠬᠤ ᠴᠢᠬᠤᠯᠠᠲᠠᠢ ᠶᠤᠮ᠃ ᠳᠠᠯᠠᠢ ᠲᠠᠩᠭᠢᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠪᠠ ᠴᠢᠳᠠᠪᠤᠷᠢᠲᠠᠨ ᠤ ᠨᠥᠭᠡᠴᠡᠯᠡᠯᠲᠡ ᠶᠢ ᠭᠦᠢᠴᠡᠳ ᠪᠠᠶᠢᠷᠢᠰᠢᠭᠤᠯᠵᠤ᠂ ᠤᠤᠭᠠᠯ ᠡᠭᠦᠳᠦᠯᠲᠡ ᠶᠢᠨ ᠴᠢᠨᠠᠷᠲᠠᠢ ᠮᠡᠷᠭᠡᠵᠢᠯ ᠢ ᠨᠡᠭᠡᠭᠡᠨ ᠬᠥᠭᠵᠢᠭᠦᠯᠬᠦ ᠪᠠ ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠠᠢ ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠬᠢᠷᠢ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠵᠦ᠂ ᠳᠠᠯᠠᠢ ᠲᠠᠩᠭᠢᠰ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠮᠢ ᠠᠬᠤᠢ ᠶᠢ ᠵᠠᠰᠠᠵᠤ ᠬᠠᠮᠠᠭᠠᠯᠠᠬᠤ ᠤᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠠᠵᠢᠯᠠᠭᠦ ᠣᠬᠠᠭᠠᠨ ᠲᠧᠭᠨᠢᠭ ᠮᠠᠷᠭᠡᠵᠢᠯ ᠤᠨ ᠰᠢᠨ᠎ᠡ ᠶᠢ ᠡᠭᠦᠳᠬᠦ ᠪᠠᠷ ᠳᠠᠯᠠᠢ ᠶᠢᠨ ᠬᠢᠯᠢ ᠬᠢᠵᠠᠭᠠᠷ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ  ᠪᠦᠲᠦᠮᠵᠢᠲᠡᠢ ᠠᠷᠭᠠᠴᠠᠭᠠᠵᠤ᠂ ᠤᠯᠤᠰ ᠤᠨ ᠳᠠᠯᠠᠢ ᠲᠠᠩᠭᠢᠰ ᠤᠨ ᠡᠷᠬᠡ ᠠᠰᠢᠭ ᠢ ᠪᠠᠲᠤᠯᠠᠵᠤ ᠳᠠᠯᠠᠢ  ᠲᠠᠩᠭᠢᠰ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠤᠯᠭ᠎ᠠ ᠳᠤ ᠪᠠᠲᠤ ᠪᠠᠬᠢ ᠲᠤᠯᠭᠠᠭᠤᠷᠢᠯᠠᠯ  ᠬᠠᠩᠭᠠᠨ᠎ᠠ᠃         ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠪᠢᠮᠪᠷᠠᠮ ᠭᠡᠰᠢᠭᠦᠨ᠄        ᠲᠣᠭᠲᠠᠴᠠ ᠪᠠᠨ ᠲᠡᠭᠦᠯᠳᠡᠷᠵᠢᠭᠦᠯᠵᠦ᠂ ᠬᠢᠯᠢ ᠬᠢᠵᠠᠭᠠᠷ ᠤᠨ ᠡᠬᠡ ᠣᠷᠣᠨᠴᠢ ᠦᠵᠡᠯ ᠤᠨ ᠲᠡᠦᠬᠡ ᠰᠣᠶᠣᠯ ᠤᠨ ᠡᠬᠢ ᠪᠠᠶᠠᠯᠢᠭ ᠢ ᠰᠠᠶᠢᠲᠤᠷ ᠠᠰᠢᠭᠯᠠᠶ᠎ᠠ        ᠳᠤᠮᠳᠠᠳᠤ ᠶᠢᠨ ᠦᠨᠳᠦᠰᠦᠲᠡᠨ ᠪᠣᠯ ᠦᠨᠳᠦᠰᠦᠲᠡᠨ ᠨᠦᠭᠦᠳ ᠤᠨ ᠤᠷᠲᠤ ᠬᠤᠭᠤᠴᠠᠭᠠᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠷ᠎ᠡ ᠳ᠋ᠦᠩ ᠮᠥᠨ᠃ ᠦᠨᠳᠦᠰᠦᠲᠡᠨ ᠨᠦᠭᠦᠳ ᠬᠠᠷᠢᠯᠴᠠᠨ ᠠᠭᠤᠰᠤᠯᠴᠠᠬᠤ ᠶᠠᠪᠤᠴᠠ ᠳᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠤ ᠥᠪᠡᠷᠮᠢᠴᠡ ᠣᠨᠴᠠᠯᠢᠭ ᠲᠠᠢ ᠡᠬᠡ ᠣᠷᠣᠨᠴᠢ ᠦᠵᠡᠯ ᠤᠨ ᠲᠡᠤᠬᠡ ᠰᠣᠶᠣᠯ ᠤᠨ ᠡᠬᠢ ᠪᠠᠶᠠᠯᠢᠭ ᠪᠣᠶ ᠪᠣᠯᠪᠠ᠃ ᠡᠳᠡᠭᠡᠷ ᠡᠬᠢ ᠪᠠᠶᠠᠯᠢᠭ ᠢ ᠭᠦᠨᠵᠡᠭᠡᠶ ᠠᠭᠤᠳᠠᠯᠬᠤ ᠳᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠠᠴᠠ ᠲᠣᠳᠣᠷᠬᠠᠶᠢᠯᠠᠨ ᠲᠠᠶᠢᠯᠪᠤᠷᠢᠯᠠᠬᠤ ᠶᠢᠨ ᠬᠠᠮᠲᠤ ᠬᠠᠮᠢᠶ᠎ᠠ ᠪᠦᠬᠦᠢ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠶ᠃
图片10.png
        ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠡᠨᠡ ᠪᠣᠯ ᠪᠡᠯᠭᠡᠯᠡᠬᠦ ᠶᠡᠭᠡ ᠬᠤᠷᠠᠯ ᠤᠨ ᠲᠤᠬᠠᠶ ᠶᠢᠨ ᠲᠠᠯᠠᠪᠠᠶ ᠳᠤ ᠬᠡᠢ ᠪᠥᠮᠪᠦᠭᠡ ᠲᠠᠯᠪᠢᠵᠤ ᠪᠠᠶᠢᠭ᠎ᠠ ᠪᠣᠯᠤᠨ᠎ᠠ ︵2021 ᠣᠨ ᠤ 7 ᠳ᠋ᠤᠭᠠᠷ ᠰᠠᠷ᠎ᠠ ᠶᠢᠨ 1 ᠤ ᠡᠳᠦᠷ ᠰᠡᠭᠦᠳᠡᠷᠯᠡᠪᠡ︶᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠯᠢ ᠭᠠ ᠰᠠᠭᠦᠲᠠᠷᠯᠠᠪᠠ        ᠰᠤᠷᠭᠠᠨ ᠬᠥᠮᠦᠵᠢᠯ᠂ ᠤᠬᠠᠭᠤᠯᠭ᠎ᠠ᠂ ᠬᠠᠤᠯᠢ ᠪᠠᠷ ᠵᠠᠰᠠᠬᠤ ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠡᠨᠡ ᠭᠤᠷᠪᠠᠨ ᠳᠠᠪᠬᠤᠷᠭ᠎ᠠ ᠶᠢᠨ ᠲᠣᠭᠲᠠᠴᠠ ᠪᠡᠶ᠎ᠡ ᠪᠠᠨ ᠳᠠᠭᠠᠭᠠᠨ ᠭᠦᠢᠴᠡᠳᠬᠡᠵᠦ ᠪᠣᠯᠬᠤ ᠪᠠᠷ ᠪᠠᠷᠠᠬᠤ ᠥᠬᠡᠶ᠂ ᠣᠨᠴᠠᠭᠠᠶ ᠨᠥᠬᠦᠴᠡᠯ ᠳᠣᠤᠷ᠎ᠠ ᠪᠠᠰᠠ ᠰᠣᠯᠪᠢᠴᠠᠨ ᠠᠵᠢᠯᠯᠠᠵᠤ ᠪᠣᠯᠤᠨ᠎ᠠ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠳᠤ ᠠᠰᠢᠭᠲᠠᠶ ᠪᠠᠶᠢᠵᠤ᠂ ᠬᠤᠯᠪᠣᠭᠳᠠᠯ ᠪᠥᠬᠦᠶ ᠠᠵᠢᠯ ᠢ ᠨᠠᠩ ᠰᠠᠶᠢᠲᠤᠷ ᠠᠬᠢᠭᠤᠯᠵᠤ ᠴᠢᠳᠠᠬᠤ ᠶᠤᠮ᠃        ᠰᠤᠷᠭᠠᠨ ᠬᠦᠮᠦᠵᠢᠯ ᠤᠨ ᠲᠣᠭᠲᠠᠴᠠ ᠶᠢ ᠳᠡᠭᠦᠯᠳᠡᠷᠵᠢᠭᠦᠯᠦᠨ᠎ᠡ ᠃ ᠨᠢᠭᠡ ᠲᠠᠯ᠎ᠠ ᠪᠠᠷ᠂ ᠬᠢᠯᠢ ᠬᠢᠵᠠᠭᠠᠷ ᠤᠨ ᠡᠬᠡ ᠣᠷᠣᠨᠴᠢ ᠦᠵᠡᠯ ᠤᠨ ᠲᠡᠦᠬᠡ ᠰᠣᠶᠣᠯ ᠤᠨ ᠡᠬᠢ ᠪᠠᠶᠠᠯᠢᠭ ᠲᠠᠬᠢ ᠭᠤᠣᠯ ᠰᠡᠳᠦᠪ ᠨᠢ ᠢᠯᠡ ᠲᠣᠳᠣ᠂ ᠨᠥᠯᠥᠭᠡ ᠪᠠᠷ ᠨᠡᠯᠢᠶᠡᠳ ᠶᠡᠭᠡ ᠬᠡᠷᠡᠭ ᠶᠠᠪᠤᠳᠠᠯ ᠪᠠ ᠨᠡᠶᠢᠲᠡᠯᠢᠭ ᠬᠥᠮᠦᠰ ᠢ ᠰᠣᠩᠭᠤᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠲᠠᠳ ᠬᠡᠯᠡᠨ ᠤ ᠬᠢᠴᠢᠶᠡᠯ ᠤᠨ ᠳᠡᠪᠲᠡᠷ ᠪᠤᠶᠤ ᠲᠤᠰᠠᠯᠠᠬᠤ ᠵᠢᠭᠠᠬᠤ ᠮᠠᠲ᠋ᠧᠷᠢᠶᠠᠯ᠂ ᠬᠢᠴᠢᠶᠡᠯ ᠤᠨ ᠭᠠᠳᠠᠨᠠᠬᠢ ᠤᠩᠰᠢᠬᠤ ᠪᠢᠴᠢᠭ ᠲᠤ ᠨᠠᠶᠢᠷᠠᠭᠤᠯᠤᠨ ᠣᠷᠣᠭᠤᠯᠤᠨ᠎ᠠ ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ︽ᠲᠠᠪᠤᠨ ᠬᠠᠮᠲᠤ︾ ᠶᠢᠨ ᠵᠥᠪ ᠣᠨᠣᠪᠴᠢᠲᠠᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠣᠶᠤᠲᠠᠨ ᠵᠡᠷᠭᠡ ᠠᠳᠠᠯᠢ ᠪᠤᠰᠤ ᠬᠦᠯᠢᠶᠡᠨ ᠠᠪᠤᠭᠴᠢᠳ ᠤᠨ ᠰᠣᠶᠣᠯ ᠤᠨ ᠲᠡᠰ ᠳᠠᠪᠬᠤᠷᠭ᠎ᠠ ᠶᠢ ᠠᠩᠬᠠᠷᠴᠤ᠂ ᠠᠭᠤᠯᠭ᠎ᠠ ᠶᠢᠨ ᠰᠣᠩᠭᠤᠯᠲᠠ ᠶᠢᠨ ᠲᠠᠯ᠎ᠠ ᠪᠠᠷ ᠲᠤᠰ ᠲᠤᠰ ᠤᠨ ᠭᠤᠣᠯᠳᠠᠯᠭ᠎ᠠ ᠲᠠᠢ ᠪᠠᠶᠢᠬᠤ ᠬᠡᠷᠡᠭᠲᠡᠢ᠃ ᠨᠥᠭᠦᠭᠡ ᠲᠠᠯ᠎ᠠ ᠪᠠᠷ᠂ ᠦᠢᠯᠡᠳᠦᠯᠭᠡ ᠶᠢᠨ ᠬᠥᠮᠦᠵᠢᠯ ᠢ ᠠᠮᠢᠳᠤᠯᠢᠭ ᠢᠶᠠᠷ ᠥᠷᠨᠢᠭᠦᠯᠦᠨ᠎ᠡ᠂ ᠵᠢᠱᠢᠶᠡᠯᠡᠪᠡᠯ ᠲᠣᠭᠤᠷᠢᠨ ᠦᠵᠡᠵᠦ ᠪᠠᠶᠢᠴᠠᠭᠠᠨ ᠰᠤᠳᠤᠯᠬᠤ᠂ ᠤᠷᠠᠨ ᠰᠠᠶᠢᠬᠠᠨ ᠤ ᠲᠣᠭᠯᠠᠯᠲᠠ ᠨᠠᠶᠢᠷᠠᠭᠤᠯᠤᠨ ᠲᠣᠭᠯᠠᠬᠤ᠂ ᠭᠠᠵᠠᠷ ᠣᠷᠣᠨ ᠠᠯᠠᠤᠰᠯᠠᠭᠰᠠᠨ ᠵᠠᠯᠠᠭᠤᠴᠤᠳ ᠪᠠᠭᠠᠴᠤᠳ ᠤᠨ ᠵᠤᠰᠠᠯᠠᠩ ᠤᠨ ᠠᠵᠢᠯᠯᠠᠭ᠎ᠠ ᠥᠷᠨᠢᠭᠦᠯᠬᠦ ᠵᠡᠷᠭᠡ ᠶᠢ ᠵᠣᠬᠢᠶᠠᠨ ᠪᠠᠶᠢᠭᠤᠯᠤᠨ᠎ᠠ᠃        ᠤᠬᠠᠭᠤᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ ᠃ ᠭᠤᠤᠯ ᠴᠣᠭᠴᠠ ᠶᠢᠨ ᠲᠠᠯ᠎ᠠ ᠪᠠᠷ᠂ ᠬᠢᠯᠢ ᠬᠢᠵᠠᠭᠠᠷ ᠤᠨ ᠡᠬᠡ ᠣᠷᠣᠨᠴᠢ ᠦᠵᠡᠯ ᠤᠨ ᠲᠡᠦᠬᠡ ᠰᠣᠶᠣᠯ ᠤᠨ ᠡᠬᠢ ᠪᠠᠶᠠᠯᠢᠭ ᠤᠨ ᠤᠬᠠᠭᠤᠯᠭ᠎ᠠ ᠶᠢᠨ ᠭᠤᠤᠯ ᠴᠣᠭᠴᠠ ᠪᠣᠯᠤᠨ ᠬᠦᠯᠢᠶᠡᠨ ᠠᠪᠤᠭᠴᠢᠳ ᠤᠨ ᠭᠤᠤᠯ ᠴᠣᠭᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠤᠬᠠᠭᠤᠯᠬᠤ ᠭᠤᠤᠯ ᠴᠣᠭᠴᠠ ᠶᠢᠨ ᠭᠤᠤᠯ ᠡᠭᠦᠷᠭᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠂ ᠬᠢᠨᠠᠨ ᠰᠢᠯᠭᠠᠬᠤ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠵᠤ᠂ ᠨᠠᠮ ᠤᠨ ᠭᠡᠰᠢᠭᠦᠨ ᠺᠠᠳ᠋ᠷ᠂ ᠰᠤᠷᠤᠭᠴᠢᠳ ᠤᠨ ᠬᠠᠮᠲᠤᠯᠢᠭ ᠪᠣᠯᠤᠨ ᠦᠨᠳᠦᠰᠦᠨ ᠱᠠᠲᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠤᠬᠠᠭᠤᠯᠬᠤ ᠠᠵᠢᠯ ᠤᠨ ᠴᠢᠬᠤᠯᠠ ᠡᠲᠡᠭᠡᠳ ᠪᠣᠯᠭᠠᠬᠤ ᠬᠡᠷᠡᠭᠲᠡᠶ᠃ ᠠᠷᠭ᠎ᠠ ᠮᠠᠶ᠋ᠢᠭ ᠤᠨ ᠲᠠᠯ᠎ᠠ ᠪᠠᠷ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠨ᠂ ᠠᠳᠠᠯᠢ ᠪᠤᠰᠤ ᠲᠠᠰ ᠳᠠᠪᠬᠤᠷᠭ᠎ᠠ ᠶᠢᠨ ᠭᠥᠯᠢᠶᠡᠨ ᠠᠪᠤᠭᠴᠢᠳ ᠤᠨ ᠬᠠᠮᠲᠤᠯᠢᠭ  ᠲᠤ ᠬᠠᠨᠲᠤᠭᠤᠯᠤᠨ ᠨᠠᠷᠢᠯᠢᠭ ᠣᠨᠤᠪᠴᠢᠲᠠᠢ ᠬᠦᠷᠭᠡᠨ᠎ᠡ ᠃ ᠠᠭᠤᠯᠭ᠎ᠠ ᠶᠢᠨ ᠲᠠᠯ᠎ᠠ ᠪᠠᠷ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠲᠦᠷᠢ ᠲᠥᠷᠬᠦ ᠶᠢ ᠲᠤᠪᠤᠶᠢᠯᠭᠠᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠠᠷᠭ᠎ᠠ ᠶᠢᠨ ᠲᠠᠯ᠎ᠠ ᠪᠠᠷ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠨ᠎ᠡ᠃        ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ ᠃ ᠬᠢᠯᠢ ᠬᠢᠵᠠᠭᠠᠷ ᠤᠨ ᠡᠬᠡ ᠣᠷᠣᠨᠴᠢ ᠦᠵᠡᠯ ᠤᠨ ᠲᠡᠤᠬᠡ ᠰᠣᠶᠣᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠴᠠ ᠳᠤ ᠠᠭᠤᠰᠬᠠᠵᠤ᠂ ᠬᠠᠤᠯᠢ ᠲᠣᠭᠲᠠᠭᠠᠬᠤ ᠠᠵᠢᠯ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ᠂ ᠬᠦᠴᠦᠨ ᠴᠢᠳᠠᠪᠤᠷᠢ ᠶᠢ ᠦᠨᠡᠯᠡᠨ ᠵᠢᠱᠢᠬᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠲᠠᠯ᠎ᠠ ᠠᠴᠠ ᠬᠠᠮᠢᠶ᠎ᠠ ᠪᠥᠬᠦᠶ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号