4 ᠳ᠋ᠦ᠋ᠭᠡᠷ ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠶ ᠯᠢᠶᠠᠨ ᠢᠦᠶ | ᠪᠦᠯᠬᠦᠮ ᠳᠠᠭᠠᠭᠤᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠣᠶ ᠰᠢᠭᠤᠶ ᠨᠠᠭᠤᠷ ᠭᠤᠣᠯ ᠢ ᠴᠠᠭᠳᠠᠨ ᠪᠠᠶᠢᠴᠠᠭᠠᠬᠤ | ᠠᠵᠢᠯ ᠢ ᠥᠷᠨᠢᠭᠦᠯᠪᠡ ᠃ | ᠭᠠᠢ ᠯᠢᠶᠠᠨ ᠢᠦᠢ ᠨᠠᠷ ᠤᠷᠢᠳ ᠬᠤᠵᠢᠳ ᠳ᠋ᠠ ᠳ᠋ᠧ ᠾᠧᠩ ᠤᠢ ᠰᠢᠭᠤᠢ ᠶᠢᠨ ᠠᠵᠤ ᠦᠢᠯᠡᠳᠪᠦᠷᠢ ᠶᠢᠨ | ᠦᠷᠳᠡᠭᠡ᠂ ᠰᠢᠶᠠᠩ ᠢᠤᠢ ᠦᠯᠡᠳᠡᠭᠳᠡᠯ ᠬᠦᠳᠡᠷ ᠤᠨ ᠬᠥᠮᠥᠷᠭᠡ᠂ ᠵᠢᠪᠬᠤᠯᠠᠩᠲᠤ ᠰᠤᠮᠤ ᠶᠢᠨ ᠤᠢ ᠰᠢᠭᠤᠢ ᠶᠢᠨ | ᠠᠵᠤ ᠦᠢᠯᠡᠳᠪᠦᠷᠢ ᠶᠢᠨ ᠦᠷᠳᠡᠭᠡ᠂ ᠰᠤᠮᠤ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠵᠢᠴᠢ ᠵᠠᠮ | ᠳᠠᠭᠠᠤ ᠶᠢᠨ ᠭᠤᠣᠯ ᠮᠥᠷᠡᠨ ᠢ ᠪᠠᠶᠢᠴᠠᠭᠠᠵᠤ ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ᠂ ᠭᠠᠯ ᠢ ᠰᠡᠷᠭᠡᠶᠢᠯᠡᠵᠦ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠭᠤᠣᠯ ᠤᠨ ᠵᠠᠮ ᠤᠨ ᠬᠤᠭ ᠨᠣᠪᠰᠢ ᠶᠢ ᠴᠡᠭᠴᠡᠯᠡᠨ ᠵᠠᠰᠠᠬᠤ ᠵᠡᠷᠭᠡ ᠠᠵᠢᠯ ᠤᠨ | ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ ᠶᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ | ᠵᠢᠴᠢ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠯᠠᠪᠯᠠᠨ ᠠᠰᠠᠭᠤᠪᠠ᠃ | ᠭᠠᠢ ᠯᠢᠶᠠᠨ ᠢᠦᠢ᠂ ᠪᠦᠬᠦ ᠲᠤᠭᠤᠷᠢᠭ ᠲᠠᠶᠠᠭᠠᠷ ᠢᠶᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠭᠦᠯᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠰᠠᠶᠢᠲᠤᠷ ᠠᠳᠬᠤᠬᠤ ᠬᠡᠷᠡᠭᠲᠡᠢ᠃ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ | ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯ᠎ᠠ ᠶᠢᠨ ᠠᠷᠭ᠎ᠠ ᠪᠤᠳᠤᠯᠭ᠎ᠠ ᠶᠢ ᠵᠡᠷᠭᠡᠪᠡᠷ | ᠬᠡᠷᠡᠭᠵᠢᠭᠦᠯᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠵᠤ᠂ ᠵᠢᠱᠢᠭᠰᠡᠨ ᠬᠠᠷᠠᠯᠲᠠ ᠳᠠᠭᠠᠨ ᠬᠦᠷᠬᠦ ᠶᠢ ᠪᠠᠲᠤᠯᠠᠬᠤ ᠬᠡᠷᠡᠭᠲᠡᠢ᠃ ᠣᠶ ᠰᠢᠭᠤᠶ ᠶᠢᠨ ᠭᠠᠯ | ᠰᠡᠷᠭᠡᠶᠢᠯᠡᠬᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠡᠷᠴᠢᠮ ᠢᠶᠠᠨ | ᠴᠢᠩᠭᠠᠷᠠᠭᠤᠯᠵᠤ᠂ ᠣᠶᠢᠷ᠎ᠠ ᠶᠢᠨ ᠬᠤᠭᠤᠴᠠᠭᠠᠨ ᠤ ᠬᠠᠩᠰᠢ ᠶᠢᠨ ᠲᠠᠬᠢᠯᠭ᠎ᠠ᠂ ᠬᠠᠪᠤᠷ ᠤᠨ ᠤᠯᠠᠷᠢᠯ ᠤᠨ ᠭᠠᠩ | ᠬᠠᠭᠤᠷᠠᠶ ᠰᠠᠯᠬᠢ ᠣᠯᠠᠨ ᠵᠡᠷᠭᠡ ᠬᠦᠴᠦᠨ ᠵᠦᠢᠯ ᠳᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠡᠩᠨᠡᠭᠡᠨ ᠤ ᠪᠠᠶᠢᠭᠤᠯᠤᠯᠲᠠ ᠪᠠ ᠡᠳ᠋ ᠪᠣᠳᠠᠰ ᠨᠥᠭᠡᠴᠡᠯᠡᠬᠦ ᠠᠵᠢᠯ ᠢ ᠴᠢᠩᠭᠠᠳᠬᠠᠵᠤ᠂ 24 ᠴᠠᠭ ᠢᠶᠠᠷ | ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠠᠯᠠᠭ᠎ᠠ ᠮᠥᠴᠢᠷ᠂ ᠭᠠᠵᠠᠷ ᠣᠷᠣᠨ ᠤ ᠬᠤᠭᠤᠷᠣᠨᠳᠣᠬᠢ | ᠨᠡᠪᠲᠡᠷᠡᠯᠴᠡᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠠᠯ ᠤᠨ ᠠᠶᠤᠯ ᠤᠨ ᠠᠮᠤᠷ | ᠲᠦᠪᠰᠢᠨ ᠤ ᠳᠠᠯᠳᠠ ᠬᠡᠮ ᠢ ᠲᠠᠰᠤᠷᠠᠯᠲᠠ ᠥᠬᠡᠶ ᠪᠠᠭᠠᠰᠬᠠᠬᠤ ᠬᠡᠷᠡᠭᠲᠡᠶ᠃ ᠭᠤᠣᠯ ᠮᠥᠷᠡᠨ ᠤ ᠳᠠᠷᠤᠭ᠎ᠠ ᠶᠢᠨ | ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ | ᠮᠥᠷᠡᠨ ᠢ ᠴᠠᠭᠳᠠᠬᠤ᠂ ᠤᠢ ᠰᠢᠭᠤᠢ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠳᠠᠲᠤ ᠠᠮᠵᠢᠯᠲᠠ ᠪᠦᠲᠦᠮᠵᠢ ᠪᠠᠷ | ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃ | ᠲᠣᠭᠤᠷᠢᠭ ᠤᠨ ᠤᠳᠤᠷᠢᠳᠤᠯᠭ᠎ᠠ ᠴᠧᠨ ᠵᠢᠶᠠ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ ᠃ | |