ᠬᠥᠳᠡᠯᠮᠦᠷᠢ ᠬᠦᠴᠦ ᠬᠡᠷᠡᠭᠯᠡᠬᠦ ᠶᠢ ᠵᠢᠷᠤᠮᠵᠢᠭᠤᠯᠵᠤ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/23
        2025 ᠣᠨ ᠤ 3 ᠳ᠋ᠤᠭᠠᠷ ᠰᠠᠷ᠎ᠠ ᠶᠢᠨ 28 ᠤ ᠡᠳᠦᠷ᠂ ᠰᠢᠭᠤᠶᠢᠲᠤ  ᠲᠣᠭᠤᠷᠢᠭ ᠤᠨ ᠴᠢᠬᠤᠯᠠ ᠶᠡᠭᠡ ᠲᠥᠷᠥᠯ ᠵᠦᠢᠯ ᠥᠪᠥᠷ ᠮᠣᠩᠭᠤᠯ ᠤᠨ ᠶᠦᠩ ᠢ ᠵᠥᠩ ᠰᠢᠩ ᠪᠠᠷᠢᠯᠭ᠎ᠠ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠵᠢᠯ ᠳᠤ 50000 ᠲᠣᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠥᠷᠢᠳᠦᠭᠦᠯᠬᠦ ᠲᠥᠷᠥᠯ ᠵᠦᠢᠯ ᠢ ᠵᠢᠩᠬᠢᠨᠢ ᠪᠠᠷ ᠠᠵᠢᠯ ᠡᠬᠢᠯᠡᠭᠦᠯᠵᠦ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 3.42 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠢ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠮᠡᠷᠭᠡᠵᠢᠯ ᠤᠨ ᠦᠢᠯᠡᠴᠢᠯᠡᠭᠡ ᠲᠡᠶᠢᠰᠢ ᠤᠷᠲᠤᠳᠬᠠᠵᠤ᠂ ᠤᠯᠠᠮᠵᠢᠯᠠᠯᠲᠤ ᠠᠵᠢᠯ ᠲᠥᠷᠥᠯ ᠬᠢᠭᠡᠳ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠤᠶᠠᠯᠳᠤᠯ ᠢ ᠢᠯᠡᠷᠡᠭᠦᠯᠪᠡ᠃        ᠡᠮᠦᠨᠡᠬᠢ ᠬᠤᠭᠤᠴᠠᠭᠠᠨ ᠳᠤ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠨᠢ ᠵᠢᠯ ᠳᠤ 50000 ᠲᠣᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠥᠷᠢᠳᠦᠭᠦᠯᠬᠦ ᠲᠥᠷᠥᠯ ᠵᠦᠢᠯ ᠳᠤ ᠬᠥᠳᠡᠯᠮᠦᠷᠢ ᠬᠦᠴᠦ ᠬᠡᠷᠡᠭᠯᠡᠬᠦ ᠵᠢᠯᠣᠭᠤᠳᠣᠯᠭ᠎ᠠ ᠬᠢᠵᠦ᠂ ᠴᠠᠯᠢᠩ ᠤᠨ ᠲᠤᠰᠬᠠᠶ ᠲᠠᠩᠰᠠᠨ ᠡᠷᠦᠬᠡ ᠶᠢᠨ ᠲᠠᠩᠰᠠ ᠨᠡᠭᠡᠭᠡᠬᠦ ᠱᠠᠭᠠᠷᠳᠠᠯᠭ᠎ᠠ᠂ ᠪᠠᠯᠠ ᠮᠥᠩᠭᠦ ᠬᠠᠳᠠᠭᠠᠯᠠᠬᠤ᠂ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠴᠠᠯᠢᠩ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠠᠷᠭ᠎ᠠ ᠮᠠᠶ᠋ᠢᠭ ᠵᠢᠴᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠠᠷᠢᠨ ᠲᠦᠷᠢᠮ ᠳᠤ ᠮᠠᠳᠠᠭ ᠲᠠᠢ ᠠᠰᠠᠭᠤᠳᠠᠯ ᠢ ᠨᠠᠷᠢᠨ ᠲᠣᠳᠣᠷᠬᠠᠶ ᠬᠠᠷᠢᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠶᠢ ᠵᠢᠷᠤᠮᠵᠢᠭᠤᠯᠪᠠ᠃        ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠬᠡᠪᠰᠢᠭᠰᠡᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ᠂ ᠨᠡᠶᠢᠭᠡᠮ ᠤᠨ ᠳᠠᠭᠠᠳᠬᠠᠯ ᠲᠤᠰᠢᠶᠠᠬᠤ᠂ ᠬᠥᠳᠡᠯᠮᠦᠷᠢ ᠶᠢᠨ ᠭᠡᠷ᠎ᠡ ᠲᠣᠭᠲᠠᠬᠤ᠂ ᠠᠵᠢᠯᠴᠢᠨ ᠬᠡᠷᠡᠭᠯᠡᠬᠦ ᠡᠬᠡ ᠲᠠᠩᠰᠠ ᠵᠣᠬᠢᠶᠠᠬᠤ᠂ ᠠᠵᠢᠯᠯᠠᠬᠤ ᠴᠠᠭ ᠤᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠬᠥᠮᠦᠨ ᠬᠡᠷᠡᠭᠯᠡᠬᠦ ᠨᠢᠭᠡᠴᠢ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ᠬᠥᠳᠡᠯᠮᠦᠷᠢ ᠶᠢᠨ ᠲᠦᠷᠢᠮ ᠲᠣᠭᠲᠠᠭᠠᠯ ᠢ ᠬᠠᠤᠯᠢ ᠶᠣᠰᠣᠭᠠᠷ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号