ᠣᠶᠢᠷ᠎ᠠ ᠳᠤ ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠨᠢᠭᠡᠨ ᠴᠠᠯᠢᠩ ᠥᠷᠢᠲᠦᠭᠰᠡᠨ | ᠵᠠᠭᠠᠯᠳᠤᠯᠭ᠎ᠠ ᠶᠢ ᠬᠦᠯᠢᠶᠡᠨ ᠠᠪᠤᠪᠠ ᠂ ᠺᠣᠮᠫᠠᠨᠢ ᠨᠢ 45 ᠲᠥᠭᠦᠷᠢᠭ ᠤᠨ ᠴᠠᠭ ᠨᠡᠮᠡᠵᠦ ᠠᠵᠢᠯᠯᠠᠭᠰᠠᠨ ᠴᠠᠯᠢᠩ ᠢ | ᠥᠷᠢᠲᠦᠭᠰᠡᠨ ᠪᠣᠯᠬᠤᠷ ᠬᠠᠪᠰᠤᠷᠤᠯᠭ᠎ᠠ ᠭᠤᠶᠤᠵᠠᠢ᠃ ᠬᠡᠳᠦᠶᠢᠪᠡᠷ ᠴᠠᠯᠢᠩ ᠥᠷᠢᠲᠦᠭᠰᠡᠨ ᠡᠨᠡ ᠬᠦ ᠵᠣᠭᠤᠰ ᠤᠨ | ᠲᠤᠭ᠎ᠠ ᠨᠢ ᠠᠷᠪᠢᠨ ᠪᠢᠰᠢ ᠪᠣᠯᠪᠠᠴᠤ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠴᠠᠯᠢᠩ ᠨᠢᠭᠡᠪᠦᠷᠢ ᠨᠢ ᠴᠥᠮ | ᠬᠥᠳᠡᠯᠮᠦᠷᠢᠴᠢᠳ ᠤᠨ ᠰᠢᠷᠭᠠᠭᠤ ᠬᠦᠴᠦ ᠬᠦᠳᠡᠯᠮᠦᠷᠢ ᠪᠠᠷ ᠢᠶᠠᠨ ᠰᠣᠯᠢᠵᠤ ᠢᠷᠡᠭᠰᠡᠨ ᠂ ᠵᠣᠭᠤᠰ ᠤᠨ ᠲᠤᠭ᠎ᠠ ᠨᠢ | ᠬᠡᠳᠦᠢ ᠪᠠᠶᠢᠭᠰᠠᠨ ᠴᠤ ᠴᠥᠮ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠤᠯᠪᠤᠭᠳᠠᠨ᠎ᠠ | ᠭᠡᠳᠡᠭ ᠢ ᠭᠦᠨᠵᠡᠭᠡᠢ ᠣᠶᠢᠯᠠᠭᠠᠨ᠎ᠠ ᠃ | ᠵᠠᠭᠠᠯᠳᠤᠯᠭ᠎ᠠ ᠶᠢ ᠣᠯᠤᠭᠰᠠᠨ ᠤ ᠲᠠᠷᠠᠭ᠎ᠠ᠂ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ | ᠠᠵᠢᠯᠲᠠᠳ ᠳᠠᠷᠦ᠋ᠢᠬᠠᠨ ᠬᠥᠳᠡᠯᠦᠯᠴᠡᠪᠡ᠃ ᠲᠡᠳᠡ ᠡᠩ ᠲᠡᠷᠢᠭᠦᠨ ᠳᠤ ᠭᠤᠮᠣᠳᠠᠯ ᠲᠣᠭᠠᠴᠢᠭᠴᠢ ᠶᠢᠨ ᠪᠣᠳᠠᠲᠠᠶ | ᠪᠠᠶᠢᠳᠠᠯ ᠢ ᠨᠠᠷᠢᠨ ᠣᠶᠢᠯᠠᠭᠠᠪᠠ ᠂ ᠴᠠᠯᠢᠩ ᠦᠷᠢᠲᠦᠭᠰᠡᠨ ᠴᠠᠭ᠂ ᠵᠣᠭᠤᠰ ᠤᠨ ᠲᠤᠭ᠎ᠠ ᠵᠢᠴᠢ ᠺᠣᠮᠫᠠᠨᠢ ᠯᠤᠭ᠎ᠠ | ᠨᠡᠪᠲᠡᠷᠡᠯᠴᠡᠨ ᠰᠢᠢᠳᠪᠦᠷᠢᠯᠡᠬᠦ ᠶᠢ ᠨᠢᠭᠡᠨᠲᠡ ᠲᠤᠷᠰᠢᠭᠰᠠᠨ ᠡᠰᠡᠬᠦ ᠵᠡᠷᠭᠡ ᠶᠢ ᠪᠠᠭᠲᠠᠭᠠᠭᠰᠠᠨ ᠪᠠᠶᠢᠪᠠ᠃ ᠵᠠᠭᠠᠯᠳᠤᠯᠭ᠎ᠠ | ᠦᠨᠡᠨ ᠪᠣᠲᠠᠲᠠᠢ ᠶᠢ ᠨᠤᠲᠠᠯᠠᠭᠰᠠᠨ ᠤ ᠳᠠᠷᠠᠭ᠎ᠠ᠂ ᠠᠵᠢᠯᠲᠠᠳ ᠳᠠᠷᠤᠶ ᠲᠦᠷᠭᠡᠨ ᠬᠡᠷᠡᠭ ᠲᠤ ᠬᠤᠯᠪᠣᠭᠳᠠᠭᠰᠠᠨ | ᠺᠣᠮᠫᠠᠨᠢ ᠲᠠᠢ ᠬᠠᠷᠢᠴᠠᠭ᠎ᠠ ᠬᠤᠯᠪᠣᠭ᠎ᠠ ᠠᠪᠤᠭᠰᠠᠨ ᠪᠥᠭᠡᠳ ᠴᠠᠯᠢᠩ ᠦᠷᠢᠲᠦᠬᠦ ᠪᠠᠶᠢᠭ᠎ᠠ ᠦᠢᠯᠡ ᠠᠵᠢᠯᠯᠠᠭ᠎ᠠ ᠶᠢᠨ | ᠲᠤᠬᠠᠶ ᠲᠥᠪ ᠴᠢᠩᠭ᠎ᠠ ᠰᠠᠨᠠᠭᠤᠯᠭ᠎ᠠ ᠳᠤᠷᠠᠳᠴᠠᠶ᠃ | ᠨᠡᠪᠲᠡᠷᠡᠯᠴᠡᠬᠦ ᠶᠠᠪᠤᠴᠠ ᠳᠤ᠂ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠠᠵᠢᠯᠲᠠᠳ | ᠺᠣᠮᠫᠠᠨᠢ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ | ᠬᠥᠳᠡᠯᠮᠦᠷᠢᠴᠢᠳ ᠤᠨ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢᠨ ᠴᠢᠬᠤᠯᠠ ᠴᠢᠨᠠᠷ ᠢ | ᠴᠢᠬᠤᠯᠠᠴᠢᠯᠠᠪᠠ᠃ ᠴᠠᠯᠢᠩ ᠥᠷᠢᠲᠦᠭᠰᠡᠨ ᠵᠣᠭᠤᠰ ᠤᠨ ᠲᠤᠭ᠎ᠠ ᠬᠡᠳᠦᠶ ᠪᠠᠶᠢᠭᠰᠠᠨ ᠴᠤ ᠴᠥᠮ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠶᠠᠪᠤᠳᠠᠯ ᠮᠥᠨ᠂ ᠴᠥᠮ ᠬᠠᠤᠯᠢ | ᠴᠠᠭᠠᠵᠠ ᠶᠢᠨ ᠵᠠᠯᠬᠠᠭᠠᠯ ᠦᠵᠡᠭᠦᠯᠬᠦ ᠪᠣᠯᠤᠨ᠎ᠠ ᠭᠡᠵᠦ ᠵᠢᠭᠠᠵᠤ ᠭᠠᠷᠭᠠᠪᠠ ᠃ ᠡᠭᠦᠨ ᠤ ᠵᠡᠷᠬᠡ ᠳᠤ ᠪᠠᠰᠠ ᠺᠤᠮᠫᠠᠨᠢ | ᠪᠤᠯᠤᠨ ᠬᠦᠲᠡᠯᠮᠦᠷᠢᠴᠢᠳ ᠤᠨ ᠨᠦᠭᠦᠷᠰᠡᠭ ᠢᠶᠠᠷ ᠵᠦᠪᠲᠡᠯᠴᠡᠵᠦ᠂ ᠴᠠᠯᠢᠩ ᠦᠷᠢᠲᠦᠭᠦ ᠠᠰᠠᠭᠤᠲᠠᠯ ᠢ ᠳᠦᠷᠬᠡᠬᠡᠨ | ᠰᠶᠢᠳᠪᠦᠷᠢᠯᠡᠬᠦ ᠶᠢ ᠵᠤᠷᠢᠭᠵᠢᠭᠤᠯᠵᠠᠢ᠃ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠢᠳᠡᠪᠬᠢᠲᠡᠶ | ᠣᠷᠣᠯᠴᠠᠬᠤ ᠪᠠ ᠬᠦᠯᠢᠴᠡᠩᠭᠦᠶ ᠪᠠᠷ ᠡᠶᠡᠳᠡᠭᠦᠯᠬᠦ ᠪᠠᠷ ᠳᠡᠮᠵᠢᠨ᠂ ᠬᠡᠷᠡᠭ ᠲᠤ ᠬᠤᠯᠪᠣᠭᠳᠠᠭᠰᠠᠨ ᠺᠣᠮᠫᠠᠨᠢ | ᠡᠴᠦᠰ ᠲᠡᠭᠡᠨ ᠥᠪᠡᠷ ᠤᠨ ᠠᠯᠳᠠᠭ᠎ᠠ ᠪᠤᠷᠤᠭᠤ ᠪᠠᠨ ᠲᠠᠨᠢᠵᠤ᠂ ᠲᠡᠷᠡ ᠳᠠᠷᠤᠶ ᠳᠤᠨᠢ ᠥᠷᠢᠲᠦᠭᠰᠡᠨ ᠴᠠᠯᠢᠩ ᠢ | ᠥᠭᠪᠡ᠃ ᠴᠠᠯᠢᠩ ᠢᠶᠠᠨ ᠣᠯᠣᠭᠰᠠᠨ ᠤ ᠳᠠᠷᠠᠭ᠎ᠠ᠂ ᠵᠠᠭᠠᠯᠳᠤᠭᠴᠢ ᠴᠤ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ | ᠲᠥᠪ ᠤᠨ ᠥᠨᠳᠥᠷ ᠪᠦᠲᠦᠮᠵᠢᠲᠡᠶ ᠰᠢᠢᠳᠪᠦᠷᠢᠯᠡᠯᠲᠡ ᠪᠠ ᠳᠣᠲᠣᠨᠣ ᠦᠢᠯᠡᠴᠢᠯᠡᠭᠡ ᠳᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠪᠡ᠃ | ᠲᠣᠰ ᠤᠳᠠᠭᠠᠨ ᠤ ᠬᠡᠷᠡᠭ ᠤᠨ ᠵᠣᠭᠤᠰ ᠤᠨ ᠲᠤᠭ᠎ᠠ ᠨᠢ ᠬᠡᠳᠦ᠋ᠢᠪᠡᠷ ᠲᠡᠶᠢᠮᠦ ᠶᠡᠭᠡ ᠪᠢᠰᠢ ᠪᠣᠯᠪᠠᠴᠤ | ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠬᠠᠮᠠᠭᠠᠯᠠᠬᠤ ᠡᠷᠴᠢᠮ ᠢ ᠢᠯᠡᠷᠡᠭᠦᠯᠪᠡ᠃ ᠡᠷᠬᠡ ᠠᠰᠢᠭ ᠢ | ᠬᠠᠮᠠᠭᠠᠯᠠᠬᠤ ᠦᠢᠯᠡᠴᠢᠯᠡᠭᠡᠨ ᠤ ᠲᠥᠪ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ ᠲᠦᠮᠡᠨ ᠳᠤ ᠴᠠᠯᠢᠩ | ᠥᠷᠢᠲᠦᠭᠰᠡᠨ ᠵᠣᠭᠤᠰ ᠤᠨ ᠲᠤᠭ᠎ᠠ ᠬᠡᠳᠦᠶ ᠪᠠᠶᠢᠭᠰᠠᠨ ᠴᠤ ᠴᠥᠮ ᠨᠠᠷᠢᠨ ᠬᠢᠨᠠᠮᠠᠭᠠᠶ ᠰᠢᠢᠳᠪᠦᠷᠢᠯᠡᠯᠲᠡ ᠪᠠ ᠲᠥᠪ | ᠭᠤᠤᠯᠴᠢ ᠲᠠᠰᠤᠯᠤᠯᠲᠠ ᠣᠯᠣᠨ᠎ᠠ ᠭᠡᠳᠡᠭ ᠢ ᠬᠡᠯᠡᠵᠦ ᠥᠭᠪᠡ᠃ ᠡᠨᠡ ᠨᠢ ᠬᠥᠳᠡᠯᠮᠦᠷᠢᠯᠡᠭᠴᠢᠳ ᠤᠨ ᠬᠠᠤᠯᠢ | ᠴᠠᠭᠠᠵᠠ ᠶᠢᠨ ᠦᠵᠡᠯ ᠤᠬᠠᠮᠰᠠᠷ ᠪᠣᠯᠤᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ | ᠪᠠᠷᠠᠬᠤ ᠦᠭᠡᠶ ᠪᠠᠰᠠ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠠᠬᠢᠭᠤᠯᠤᠭᠰᠠᠨ | ᠪᠠᠶᠢᠨ᠎ᠠ᠃ | ᠠᠳᠡ ᠪᠢᠳᠡ ᠪᠠᠰᠠ ᠥᠷᠭᠡᠨ ᠣᠯᠠᠨ ᠬᠥᠳᠡᠯᠮᠦᠷᠢᠯᠡᠭᠴᠢᠳ ᠲᠤ ᠴᠠᠯᠢᠩ ᠥᠷᠢᠲᠦᠬᠦ ᠵᠡᠷᠭᠡ | ᠬᠥᠳᠡᠯᠮᠦᠷᠢ ᠶᠢᠨ ᠡᠷᠬᠡ ᠠᠰᠢᠭ ᠬᠥᠨᠥᠭᠡᠯ ᠳᠤ ᠤᠴᠠᠷᠠᠭᠰᠠᠨ ᠪᠠᠶᠢᠳᠠᠯ ᠲᠤᠯᠭᠠᠷᠠᠪᠠᠯ ᠡᠷᠬᠡᠪᠰᠢ ᠡᠷᠬᠡ ᠠᠰᠢᠭ ᠢ | ᠬᠠᠮᠠᠭᠠᠯᠠᠬᠤ ᠦᠢᠯᠡᠴᠢᠯᠡᠭᠡᠨ ᠤ ᠲᠥᠪ ᠲᠤ ᠴᠠᠭ ᠲᠤᠬᠠᠶ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ ᠬᠡᠷᠡᠭᠲᠡᠶ | ᠭᠡᠳᠡᠭ ᠢ ᠰᠠᠨᠠᠭᠤᠯᠤᠶ᠎ᠠ ᠃ ᠡᠭᠦᠨ ᠤ ᠬᠠᠮᠲᠤ᠂ ᠪᠢᠳᠡ ᠪᠠᠰᠠ ᠥᠷᠭᠡᠨ ᠣᠯᠠᠨ ᠬᠥᠮᠦᠨ ᠬᠡᠷᠡᠭᠯᠡᠬᠦ ᠨᠢᠭᠡᠴᠢ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠥᠳᠡᠯᠮᠦᠷᠢᠴᠢᠳ ᠤᠨ ᠴᠠᠯᠢᠩ ᠢ ᠴᠠᠭ | ᠲᠤᠬᠠᠶ ᠳᠤᠨᠢ ᠲᠤᠭ᠎ᠠ ᠶᠣᠰᠣᠭᠠᠷ ᠥᠭᠴᠦ᠂ ᠡᠶ᠎ᠡ ᠵᠣᠬᠢᠴᠠᠩᠭᠤᠶ᠂ ᠲᠣᠭᠲᠠᠭᠤᠨ ᠬᠥᠳᠡᠯᠮᠦᠷᠢ ᠶᠢᠨ ᠬᠠᠷᠢᠴᠠᠭᠠᠨ ᠤ | ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠶᠢ ᠤᠷᠢᠶᠠᠯᠠᠵᠤ ᠪᠠᠶᠢᠨ᠎ᠠ᠃ | |