ᠵᠠᠩ ᠰᠢᠶᠤᠤ ᠹᠸᠢ ᠪᠦᠯᠬᠦᠮ ᠳᠠᠭᠠᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2025/4/23
        4 ᠳ᠋ᠦ᠋ᠭᠡᠷ ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃        ᠵᠠᠩ ᠰᠢᠶᠤᠤ ᠹᠸᠢ ᠨᠠᠷ ᠤᠷᠢᠳ ᠬᠤᠵᠢᠳ ᠶᠦᠩ ᠢ ᠪᠣᠯᠣᠳ ᠪᠦᠲᠦᠴᠡ᠂ ᠪᠦᠦ ᠵᠢᠶᠠᠨ ᠪᠣᠯᠣᠳ ᠪᠦᠲᠦᠴᠡ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠪᠤᠭᠤᠲᠤ ᠬᠤᠲᠠ ᠶᠢᠨ ᠴᠧᠨ ᠾᠧ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ᠂ ᠲᠦᠸᠧ ᠬᠤᠩ ᠲᠡᠮᠦᠷᠯᠢᠭ ᠦᠢᠯᠡᠳᠬᠦ ᠺᠣᠮᠫᠠᠨᠢ ᠳᠤ ᠬᠦᠷᠴᠦ᠂ ᠪᠥᠲᠥᠭᠡᠨ ᠪᠠᠶᠢᠭᠤᠯᠤᠯᠲᠠ ᠶᠢ ᠦᠵᠡᠵᠦ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠡᠯ᠎ᠡ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠪᠠ᠃        ᠵᠠᠩ ᠰᠢᠶᠤᠤ ᠹᠸᠢ᠂ ᠠᠶᠤᠯ ᠦᠭᠡᠢ ᠦᠢᠯᠡᠳᠪᠦᠷᠢᠯᠡᠯ ᠤᠨ ︽ᠨᠢᠭᠡ ᠶᠢ ᠠᠯᠳᠠᠪᠠᠯ ᠪᠦᠬᠦᠨ ᠢᠠᠯᠳᠠᠨ᠎ᠠ ︾᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠴᠥᠮ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠭᠡᠮ ᠰᠣᠭᠤᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠬᠢᠨᠠᠯᠲᠠ ᠲᠠᠯᠪᠢᠵᠤ ᠵᠢᠯᠣᠭᠤᠳᠬᠤ ᠪᠠ ᠠᠮᠤᠷ ᠲᠦᠪᠰᠢᠨ ᠤ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠥᠬᠦᠷᠡᠰᠢ ᠦᠭᠡᠢ ᠨᠠᠷᠢᠯᠢᠭ ᠪᠣᠳᠠᠲᠠᠢ ᠠᠳᠬᠤᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃        ᠵᠠᠩ ᠰᠢᠶᠤᠤ ᠹᠸᠢ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠭᠦᠨᠵᠡᠭᠡᠶ ᠥᠷᠨᠢᠭᠦᠯᠵᠦ ᠪᠠᠶᠢᠨ᠎ᠠ᠂ ᠭᠤᠤᠯ ᠬᠠᠷᠠᠯᠲᠠ ᠪᠣᠯ ᠳᠠᠷᠤᠶ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠦᠨᠡᠨ ᠪᠣᠳᠠᠲᠠᠶ ᠪᠠᠷ ᠰᠢᠢᠳᠪᠦᠷᠢᠯᠡᠵᠦ᠂ ᠠᠵᠤ ᠠᠬᠤᠶᠢᠯᠠᠯ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠬᠦ ᠶᠠᠪᠤᠳᠠᠯ ᠪᠣᠯᠤᠨ᠎ᠠ᠃ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤᠨ ᠤ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠨᠠᠷᠢᠯᠢᠭ ᠣᠨᠤᠪᠴᠢᠲᠠᠢ ᠰᠢᠢᠳᠪᠦᠷᠢᠯᠡᠵᠦ᠂ ︽ᠭᠤᠷᠪᠠ ᠠᠴᠠ ᠬᠤᠶᠠᠷ ᠢ ᠡᠷᠢᠬᠦ︾ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠣᠰᠣᠭᠠᠷ᠂ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠭᠵᠢᠷᠡᠯ ᠲᠠᠢ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ︽ ᠰᠢᠭᠤᠶᠢᠲᠤ ᠶᠢᠨ ᠰᠡᠳᠬᠢᠯ︾ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠷ ᠠᠵᠤ ᠠᠬᠤᠶᠢᠯᠠᠯ ᠢ ᠨᠠᠩ ᠰᠠᠶᠢᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ ᠃        ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠮᠦᠨ᠎ᠡ᠂ ᠡᠯ᠎ᠡ ᠠᠵᠤ ᠠᠬᠤᠶᠢᠯᠠᠯ ᠤᠨ ᠬᠢᠨ ᠠᠶᠠᠯᠠᠯ ᠤᠨ ᠴᠢᠭᠯᠡᠯ ᠢᠶᠠᠨ ᠲᠣᠭᠲᠠᠭᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠬᠤ ᠬᠡᠷᠡᠭᠲᠡᠢ᠃ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ ᠪᠠᠷ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠶᠠᠪᠤᠴᠠ ᠶᠢ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠥᠭᠵᠢᠯᠲᠡ ᠶᠢᠨ ᠠᠵᠠ ᠲᠣᠬᠢᠶᠠᠯ ᠢ ᠬᠦᠴᠦᠯᠡᠨ ᠡᠵᠡᠮᠳᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃        ᠲᠣᠭᠤᠷᠢᠭ ᠤᠨ ᠤᠳᠤᠷᠢᠳᠤᠯᠭ᠎ᠠ ᠶᠠᠨ ᠵᠢᠶᠠ ᠸᠧᠢ᠂ ᠴᠧᠨ ᠶᠦᠩ ᠫᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号