ᠬᠠᠪᠤᠷ ᠤᠨ ᠡᠬᠢ ᠪᠠᠷ ᠡᠬᠡ ᠭᠠᠵᠠᠷ ᠨᠣᠭᠤᠭᠠᠷᠠᠵᠤ ᠪᠠᠰᠠ ᠬᠠᠩᠰᠢ ᠶᠢᠨ ᠡᠳᠦᠷ ᠪᠣᠯᠪᠠ᠃ | 4 ᠳ᠋ᠦ᠋ᠭᠡᠷ ᠰᠠᠷ᠎ᠠ ᠶᠢᠨ 2 ᠤᠨ ᠡᠳᠦᠷ᠂ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠲᠣᠭᠤᠷᠢᠭ ᠤᠨ ᠰᠣᠶᠣᠯ | ᠲᠠᠮᠢᠷ ᠤᠨ ᠲᠣᠪᠴᠢᠶ᠎ᠠ︶᠂ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠥᠪᠯᠡᠯ᠂ ᠡᠪᠯᠡᠯ ᠤᠨ ᠬᠤᠷᠢᠶ᠎ᠠ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ | ᠰᠤᠷᠭᠠᠭᠤᠯᠢ᠂ ᠰᠢᠭᠤᠶᠢᠲᠤ ᠨᠢᠭᠡᠳᠦᠭᠡᠷ ᠳᠤᠮᠳᠠᠳᠤ ᠰᠤᠷᠭᠠᠭᠤᠯᠢ ᠂ ᠰᠢᠭᠤᠶᠢᠲᠤ ᠪᠠᠭ᠎ᠠ ᠰᠤᠷᠭᠠᠭᠤᠯᠢ ᠠᠴᠠ | ᠳᠠᠭᠠᠭᠠᠴᠢᠯᠠᠨ ᠡᠷᠭᠢᠯᠡᠭᠰᠡᠨ ︽ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ | ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠬᠦ︾ ᠬᠠᠩᠰᠢ ᠶᠢᠨ ᠡᠳᠦᠷ ᠤᠨ ᠭᠤᠤᠯ ᠰᠡᠳᠦᠪᠲᠦ | ᠠᠵᠢᠯᠯᠠᠭ᠎ᠠ ᠨᠢ ᠪᠤᠭᠤᠲᠤ ᠬᠤᠲᠠ ᠶᠢᠨ ᠵᠢᠩ ᠫᠢᠩ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ | ᠳᠤᠷᠠᠰᠬᠠᠬᠤ ᠠᠭᠤᠳᠠᠮ ᠲᠠᠯᠠᠪᠠᠶ ᠳᠤ ᠲᠥᠪ ᠴᠢᠩᠭ᠎ᠠ ᠪᠠᠷ ᠶᠠᠪᠤᠭᠳᠠᠵᠤ᠂ ᠳᠤᠮᠳᠠᠳᠤ ᠶᠢᠨ ᠦᠨᠳᠦᠰᠦᠲᠡᠨ ᠤ | ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ | ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠥᠷᠭᠡᠨ ᠣᠯᠠᠨ ᠺᠠᠳ᠋ᠷ ᠣᠯᠠᠨ | ᠲᠦᠮᠡᠨ ᠵᠢᠴᠢ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠵᠦ᠂ ᠪᠥᠬᠦ | ᠲᠣᠭᠤᠷᠢᠭ ᠲᠤ ᠪᠣᠯᠪᠠᠰᠤᠨ ᠲᠠᠬᠢᠯᠭ᠎ᠠ᠂ ᠪᠣᠬᠢᠷᠲᠤᠯ ᠥᠬᠡᠶ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠣᠶ ᠪᠣᠯᠭᠠᠪᠠ᠃ | | ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠨᠠᠷᠠᠰᠤᠨ ᠮᠣᠳᠣ ᠰᠡᠬᠦ᠋ᠢᠨ | ᠰᠦᠨᠳᠡᠷᠯᠡᠵᠦ᠂ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦ᠋ᠢᠨ ᠰᠦᠨᠳᠡᠷᠯᠡᠨ᠎ᠡ᠃ ᠪᠦᠬᠦ ᠬᠥᠮᠦᠰ ᠲᠡᠷᠢ | ᠲᠡᠭᠰᠢ ᠵᠢᠭᠰᠠᠵᠤ᠂ ᠴᠠᠭᠠᠨ ᠤᠳᠪᠠᠯᠠ ᠪᠠᠷᠢᠵᠤ᠂ ᠳᠤᠷᠠᠰᠬᠠᠯ ᠤᠨ ᠬᠦᠰᠢᠶ᠎ᠡ ᠥᠭᠡᠳᠡ ᠬᠠᠨᠳᠤᠵᠤ ᠬᠢᠴᠢᠶᠡᠩᠭᠦᠶᠢᠯᠡᠨ | ᠵᠣᠭᠰᠣᠵᠤ᠂ ᠤᠯᠤᠰ ᠤᠨ ᠳᠠᠭᠤᠤ ᠶᠢ ᠬᠠᠮᠲᠤ ᠪᠠᠷ ᠳᠠᠭᠤᠯᠠᠪᠠ᠃ ᠳᠠᠷᠠᠭ᠎ᠠ ᠨᠢ ᠮᠠᠯᠠᠭᠠᠢ ᠪᠠᠨ ᠠᠪᠴᠤ ᠬᠤᠶᠠᠷ | ᠮᠢᠨᠦ᠋ᠲ ᠨᠠᠮᠠᠨᠴᠢᠯᠠᠨ ᠭᠠᠰᠢᠭᠤᠳᠠᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ | ᠪᠣᠯᠤᠨ ᠤᠯᠤᠰ ᠤᠨ ᠪᠠᠶᠠᠨ ᠬᠦᠴᠦᠷᠬᠡᠭ ᠤᠨ ᠲᠦᠯᠦᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ | ᠵᠣᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠭᠠᠰᠢᠭᠤᠳᠠᠪᠠ᠃ ᠨᠠᠮᠠᠨᠴᠢᠯᠠᠨ | ᠭᠠᠰᠢᠭᠤᠳᠠᠵᠤ ᠪᠠᠷᠠᠭᠰᠠᠨ ᠤ ᠳᠠᠷᠠᠭ᠎ᠠ᠂ ᠪᠤᠭᠤᠲᠤ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ | ᠶᠣᠰᠣᠯᠠᠯ ᠤᠨ ᠠᠩᠬᠢ ᠶᠢᠨ ᠭᠡᠰᠢᠭᠦᠳ ᠡᠩ ᠲᠡᠷᠢᠭᠦᠨ ᠳᠤ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠪᠡ ᠂ | ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠤᠷᠳᠤ ᠮᠥᠷᠯᠡᠵᠦ᠂ ᠪᠦᠬᠦ ᠬᠥᠮᠦᠰ ᠡᠮᠬᠢ ᠵᠢᠷᠤᠮ | ᠲᠠᠢ᠂ ᠦᠭᠡ ᠳᠠᠭᠤᠨ ᠦᠭᠡᠢ ᠪᠠᠷ ᠱᠠᠳᠤᠯᠢᠭ ᠢᠶᠠᠷ ᠭᠠᠷᠴᠤ᠂ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ | ᠡᠮᠦᠨ᠎ᠡ ᠵᠣᠭᠰᠣᠨ ᠲᠡᠷᠢᠭᠦᠯᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ | ᠬᠦᠷᠭᠡᠵᠦ᠂ ᠦᠷᠡᠭᠳᠡᠭᠰᠡᠨ ᠪᠠᠭᠠᠲᠤᠷᠴᠤᠳ ᠢ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠵᠤ ᠪᠠᠶᠢᠬᠤ ᠪᠠᠨ | ᠢᠯᠡᠳᠬᠡᠪᠡ᠃ | | ︽ᠥᠨᠥᠳᠦᠷ ᠪᠢᠳᠡ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠳᠤ ᠢᠷᠡᠭᠰᠡᠨ ᠨᠢ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠲᠠᠯᠠᠷᠬᠠᠯ ᠪᠠ ᠬᠦᠨᠳᠦᠳᠬᠡᠯ ᠢᠶᠠᠨ ᠳᠡᠪᠰᠢᠭᠦᠯᠦᠭᠰᠡᠨ ᠢᠶᠠᠷ | ᠪᠠᠷᠠᠬᠤ ᠦᠭᠡᠢ᠂ ᠪᠠᠰᠠ ᠴᠤ ᠥᠪᠡᠷ ᠢᠶᠠᠨ ᠤᠭ ᠦᠨᠳᠦᠰᠦ ᠪᠠᠨ ᠮᠠᠷᠲᠠᠬᠤ ᠦᠭᠡᠢ ᠭᠡᠳᠡᠭ ᠢ ᠰᠠᠨᠠᠭᠤᠯᠵᠤ ᠪᠠᠶᠢᠨ᠎ᠠ᠃ | ᠠᠳᠡ ᠪᠢᠳᠡ ᠬᠤᠪᠢᠰᠬᠠᠯ ᠤᠨ ᠦᠷᠡᠭᠳᠡᠭᠰᠡᠳ ᠪᠠ ᠪᠠᠭᠠᠲᠤᠷᠴᠤᠳ ᠠᠴᠠ ᠰᠤᠷᠤᠯᠴᠠᠵᠤ᠂ ᠣᠳᠣᠬᠠᠨ ᠤ ᠰᠠᠶᠢᠨ | ᠰᠠᠶᠢᠬᠠᠨ ᠴᠠᠭ ᠮᠥᠴᠡ ᠪᠠᠨ ᠨᠠᠨᠳᠢᠩᠨᠠᠬᠤ ᠶᠢᠨ ᠬᠠᠮᠲᠤ᠂ ᠨᠡᠩ ᠴᠤ ᠡᠷᠡᠯᠬᠡᠭᠯᠡᠨ ᠲᠡᠮᠡᠴᠡᠵᠦ᠂ ᠪᠤᠭᠤᠲᠤ ᠶᠢᠨ | ᠢᠷᠡᠭᠡᠳᠦᠢ ᠶᠢ ᠨᠡᠩ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠪᠠᠯ ᠵᠣᠬᠢᠨ᠎ᠠ︾ ᠭᠡᠵᠦ ᠲᠣᠭᠤᠷᠢᠭ ᠤᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠵᠢᠯᠲᠠᠨ ᠵᠸᠦ ᠵᠢᠶᠠ ᠵᠢᠶᠠ ᠬᠡᠯᠡᠪᠡ᠃ | ᠶᠣᠰᠣᠯᠠᠯ ᠳᠠᠭᠤᠰᠤᠭᠰᠠᠨ ᠤ ᠲᠠᠷᠠᠭ᠎ᠠ᠂ ᠪᠦᠬᠦ ᠬᠥᠮᠦᠰ ᠲᠠᠶᠢᠯᠪᠤᠷᠢᠯᠠᠭᠴᠢ ᠶᠢᠨ ᠵᠢᠯᠤᠭᠤᠳᠤᠯᠭ᠎ᠠ ᠳᠣᠣᠷ᠎ᠠ | ᠪᠤᠭᠤᠲᠤ ᠬᠤᠳᠠ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ ᠢ ᠲᠣᠭᠤᠷᠢᠨ | ᠦᠵᠡᠪᠡ᠃ ᠡᠷᠬᠢᠮ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠮᠠᠭᠲᠠᠨ ᠳᠠᠭᠤᠯᠠᠭᠤᠰᠢᠲᠠᠢ | ᠬᠤᠪᠢᠰᠬᠠᠯ ᠤᠨ ᠦᠯᠢᠭᠡᠷ ᠢᠶᠠᠷ ᠳᠠᠮᠵᠢᠨ᠂ ᠤᠯᠠᠨ ᠢᠶᠠᠷ ᠢᠶᠠᠨ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ | ᠦᠨᠳᠦᠰᠦᠲᠡᠨ ᠤ ᠴᠢᠯᠥᠭᠡᠯᠡᠯᠲᠡ ᠶᠢᠨ ᠦᠢᠯᠡᠰ ᠤᠨ ᠲᠥᠯᠥᠭᠡ ᠠᠶᠤᠯ ᠲᠦᠭᠰᠢᠭᠦᠷᠢ ᠠᠴᠠ ᠠᠶᠤᠬᠤ ᠦᠭᠡᠢ᠂ ᠬᠠᠷᠠᠮ | ᠦᠭᠡᠢ ᠵᠣᠷᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠣᠶᠢᠯᠠᠭᠠᠪᠠ ᠂ ᠨᠢᠭᠡᠨ ᠠᠬᠠᠮᠠᠳ ᠨᠠᠮ ᠤᠨ ᠭᠡᠰᠢᠭᠦᠨ ᠄ ︽ | ᠡᠨᠡ ᠳᠣᠲᠤᠷ᠎ᠠ ᠲᠠᠯᠪᠢᠵᠦ ᠪᠠᠶᠢᠬᠤ ᠨᠢ ᠲᠡᠦᠬᠡ᠂ ᠭᠠᠳᠠᠨᠠᠬᠢ ᠨᠢ ᠬᠠᠷᠢᠨ ᠢᠷᠡᠭᠡᠳᠦᠶ ᠶᠢ ᠠᠴᠢᠶᠠᠯᠠᠵᠤ ᠪᠠᠶᠢᠭ᠎ᠠ ᠶᠤᠮ ︾ | ᠭᠡᠵᠦ ᠰᠡᠳᠬᠢᠯ ᠳᠣᠭᠳᠣᠯᠤᠨ ᠬᠡᠯᠡᠪᠡ᠃ | | ᠤᠳᠠᠭ᠎ᠠ ᠪᠦᠷᠢ ᠶᠢᠨ ᠲᠡᠦᠬᠡ ᠶᠢ ᠡᠷᠭᠢᠴᠡᠭᠦᠯᠬᠦ ᠨᠢ ᠪᠦᠷ ᠰᠢᠨ᠎ᠡ ᠠᠶᠠᠨ ᠳᠤ ᠮᠣᠷᠳᠠᠬᠤ ᠶᠢᠨ ᠲᠥᠯᠥᠭᠡ | ᠶᠤᠮ᠃ ︽ᠬᠠᠩᠰᠢ ᠶᠢᠨ ᠡᠳᠦᠷ ᠪᠣᠯ ᠮᠠᠨ ᠤ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠮᠥᠨ᠂ | ᠬᠡᠳᠦᠨ ᠮᠢᠩᠭᠠᠨ ᠵᠢᠯ ᠤᠨ ᠲᠡᠦᠬᠡ ᠲᠠᠢ ᠶᠤᠮ᠃ ᠰᠢᠭᠤᠶᠢᠲᠤ ᠲᠣᠭᠤᠷᠢᠭ ᠨᠢᠭᠡᠨᠲᠡ 10 ᠵᠢᠯ ᠳᠠᠷᠠᠭᠠᠯᠠᠨ ᠰᠢᠷᠢᠰ | ᠠᠵᠢᠯᠯᠠᠭ᠎ᠠ ᠥᠷᠨᠢᠭᠦᠯᠪᠡ ︾᠃ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ | ᠪᠠᠶᠢᠩᠭᠤ ᠶᠢᠨ ᠳᠡᠳ᠋ ᠡᠷᠬᠢᠯᠡᠭᠴᠢ ᠶᠠᠨ ᠰᠢᠶᠤᠤ ᠹᠧᠩ᠂ ᠲᠡᠦᠬᠡ ᠶᠢ ᠪᠠᠲᠤ ᠴᠡᠭᠡᠵᠢᠯᠡᠪᠡᠯ ᠵᠤᠬᠢᠨ᠎ᠠ᠂ ᠪᠠᠭᠠᠲᠤᠷ | ᠥᠨᠢᠳᠡ ᠪᠠᠯᠠᠷᠠᠰᠢ ᠦᠭᠡᠢ ᠶᠤᠮ᠃ ᠵᠠᠯᠠᠭᠤᠴᠤᠳ ᠪᠠᠭᠠᠴᠤᠳ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢᠶᠠᠨ | ᠨᠠᠨᠳᠢᠩᠨᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ | ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠰᠢᠨ᠎ᠡ ᠭᠡᠷᠡᠯ ᠭᠢᠯᠪᠠᠭ᠎ᠠ ᠰᠠᠴᠤᠷᠠᠭᠤᠯᠵᠤ᠂ ᠰᠢᠨ᠎ᠡ ᠴᠠᠭ ᠦᠶ᠎ᠡ ᠶᠢᠨ | ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠪᠡ ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ | ᠬᠢᠨ ︽ᠪᠢᠳᠡᠨ ᠤ ᠪᠠᠶᠠᠷ ᠤᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠶᠢᠨ ᠠᠭᠤᠯᠤᠭᠳᠠᠬᠤᠨ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠤᠪᠢᠰᠬᠠᠯ ᠤᠨ ᠰᠣᠶᠣᠯ ᠢᠶᠠᠷ ᠬᠥᠮᠥᠰ ᠤᠨ ᠰᠡᠳᠬᠢᠯ ᠢ ᠤᠮᠳᠠᠯᠠᠵᠤ᠂ | ᠪᠣᠯᠪᠠᠰᠤᠨ ᠤ ᠣᠶᠢᠯᠠᠭᠠᠭᠳᠠᠬᠤᠨ ᠢᠶᠠᠷ ᠬᠡᠪ ᠰᠤᠷᠲᠠᠯ ᠢ ᠬᠦᠳᠦᠯᠦᠨ ᠳᠠᠭᠠᠭᠤᠯᠵᠤ᠂ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠪᠣᠯᠤᠨ᠎ᠠ᠃ | |