ᠡᠯᠢᠭᠡ ᠪᠠᠨ ᠬᠠᠮᠠᠭᠠᠯᠠᠬᠤ ᠵᠥᠪ ᠠᠷᠭ᠎ᠠ᠂ ᠡᠨᠡ ᠬᠦ ᠡᠯᠢᠭᠡ ᠪᠠᠨ ᠬᠠᠮᠠᠭᠠᠯᠠᠬᠤ ᠵᠦᠭᠯᠡᠭᠦᠷ ᠢ ᠰᠠᠶᠢᠬᠠᠨ ᠬᠤᠷᠢᠶᠠᠭᠠᠷᠠᠢ︕
ᠨᠡᠶᠢᠲᠡᠯᠡᠭᠰᠡᠨ ᠴᠠᠭ᠄
2025/4/23
        ᠡᠯᠢᠭᠡ  ᠪᠠᠨ ᠬᠠᠮᠠᠭᠠᠯᠠᠬᠤ ︽ᠠᠷᠢᠬᠢᠨ ᠰᠢᠷᠡᠭᠡᠨ ᠤ ᠳᠦᠷᠢᠮ︾        ᠡᠯᠢᠭᠡ ᠶᠢ ᠬᠥᠮᠥᠨ ᠤ ᠪᠡᠶ᠎ᠡ ᠶᠢᠨ ︽ᠬᠡᠳᠦ ᠳᠡᠰ ᠤᠨ ᠬᠤᠣᠷ ᠲᠠᠶᠢᠯᠬᠤ ᠦᠢᠯᠡᠳᠪᠦᠷᠢ︾ ᠭᠡᠳᠡᠭ᠂ ᠡᠩ ᠤᠨ ᠴᠠᠭ ᠲᠤ ᠳᠠᠭᠤ ᠦᠭᠡᠢ ᠬᠦᠨᠳᠦ ᠨᠣᠴᠢᠲᠠᠢ ︽ᠠᠵᠢᠯ︾ ᠢ ᠡᠭᠦᠷᠭᠡᠯᠡᠵᠦ᠂ ᠨᠢᠭᠡ ᠮᠥᠴᠡ ᠴᠦ ᠵᠣᠭᠰᠣᠯ ᠦᠭᠡᠢ ᠪᠠᠶᠢᠳᠠᠭ ᠃ ᠡᠯᠢᠭᠡᠨ ᠤ ᠡᠪᠡᠳᠴᠢᠲᠡᠢ ᠬᠦᠮᠦᠰ ᠲᠤ ᠠᠪᠴᠤ ᠬᠡᠯᠡᠪᠡᠯ᠂ ᠡᠯᠢᠭᠡ ᠨᠢ ᠨᠢᠭᠡᠨᠲᠡ ︽ᠠᠴᠢᠶ᠎ᠠ ᠬᠡᠲᠦᠷᠡᠭᠦᠯᠬᠦ︾ ᠠᠵᠢᠯᠯᠠᠭᠠᠨ ᠤ ᠪᠠᠶᠢᠳᠠᠯ ᠳᠤ  ᠪᠠᠶᠢᠵᠤ᠂ ᠣᠨᠴᠠᠭᠠᠢ ᠬᠡᠪᠡᠷᠡᠭ ᠶᠤᠮ ᠃ ᠠᠷᠢᠬᠢ ᠤᠤᠭᠤᠬᠤ ᠦᠶ᠎ᠡ ᠳᠤ ᠪᠢᠳᠡ ᠵᠠᠪᠠᠯ ᠰᠫᠢᠷᠲ ᠲᠤ ︽ᠦᠭᠡᠢ︾ ᠭᠡᠵᠦ ᠡᠷᠡᠰ ᠪᠠᠲᠤ ᠪᠠᠷ ᠬᠡᠯᠡᠬᠦ  ᠬᠡᠷᠡᠭᠲᠡᠢ ᠃         ᠰᠫᠢᠷᠲ ᠬᠦᠮᠦᠨ ᠤ ᠪᠡᠶ᠎ᠡ ᠳᠤ ᠣᠷᠣᠮᠠᠭᠴᠠ ᠴᠢᠰᠤ ᠶᠢ ᠳᠠᠭᠠᠵᠤ ᠡᠯᠢᠭᠡᠨ ᠳᠤ ᠤᠷᠤᠰᠤᠨ᠎ᠠ᠃ ᠲᠡᠭᠦᠨ ᠤ ᠰᠣᠯᠢᠯᠴᠠᠭ᠎ᠠ ᠶᠢᠨ ᠡᠳ᠋ ᠨᠢ ᠬᠤᠷᠴᠠ ᠬᠢᠲᠤᠭ᠎ᠠ ᠲᠠᠢ ᠠᠳᠠᠯᠢ ᠪᠠᠷ ᠡᠯᠢᠭᠡᠨ ᠤ ᠡᠰ ᠢ ᠰᠢᠭᠤᠳ ᠴᠣᠴᠢᠷᠳᠠᠭᠤᠯᠵᠤ᠂ ᠣᠣᠯ ᠠᠴᠠ ᠪᠠᠨ ᠶᠠᠳᠠᠷᠠᠭᠰᠠᠨ ᠡᠯᠢᠭᠡᠨ ᠳᠤ ᠳᠠᠭᠠᠭᠠᠬᠤ ᠶᠢᠨ ᠠᠷᠭ᠎ᠠ ᠦᠭᠡᠢ ᠬᠦᠨᠦᠭᠡᠯ ᠠᠪᠴᠢᠷᠠᠳᠠᠭ ᠃ ᠬᠡᠷᠪᠡ ᠡᠯᠢᠭᠡᠨ ᠤ ᠡᠪᠡᠳᠴᠢᠲᠡᠢ ᠬᠦᠮᠦᠨ ᠦᠷᠭᠦᠯᠵᠢᠯᠡᠨ ᠠᠷᠢᠬᠢ ᠤᠤᠭᠤᠪᠠᠯ ᠡᠪᠡᠳᠴᠢᠨ ᠬᠦᠨᠳᠦᠷᠡᠵᠦ᠂ ᠬᠦᠨᠳᠦ ᠨᠣᠴᠢᠲᠠᠢ ᠦᠶ᠎ᠡ ᠳᠤ ᠠᠮᠢ ᠨᠠᠰᠤᠨ ᠤ ᠠᠶᠤᠯ ᠤᠴᠠᠷᠠᠭᠤᠯᠵᠤ ᠮᠡᠳᠡᠨ᠎ᠡ᠃        ᠡᠯᠢᠭᠡ ᠬᠠᠮᠠᠭᠠᠯᠠᠬᠤ ᠠᠮᠲᠠᠲᠤ ᠢᠳᠡᠭᠡᠨ ᠰᠣᠩᠭᠤᠬᠤ ᠨᠢᠭᠤᠴᠠ ᠨᠣᠮ        ᠡᠯᠢᠭᠡᠨ ᠤ ᠡᠪᠡᠳᠴᠢᠲᠡᠢ ᠬᠦᠮᠦᠰ ᠠᠮᠲᠠᠲᠤ ᠬᠤᠭᠤᠯᠠ ᠶᠢ ᠰᠣᠩᠭᠤᠬᠤ ᠶᠠᠪᠤᠴᠠ ᠳᠤ ᠡᠯᠢᠭᠡᠨ ᠤ ᠠᠰᠢᠭᠲᠠᠢ ᠬᠤᠭᠤᠯᠠ ᠤᠮᠳᠠ  ᠰᠣᠩᠭᠤᠬᠤ ᠬᠡᠷᠡᠭᠲᠡᠢ ᠃ ᠶᠠᠭᠤᠨ ᠤ ᠡᠮᠦᠨ᠎ᠡ ᠥᠭᠡᠬᠦ ᠶᠡᠭᠡ ᠲᠠᠢ᠂ ᠤᠭᠤᠷᠠᠭ ᠶᠡᠭᠡ᠂ ᠰᠢᠬᠢᠷ ᠶᠡᠭᠡ ᠲᠠᠢ ᠢᠳᠡᠭᠡᠨ ᠠᠴᠠ ᠵᠠᠶᠢᠳᠠᠨ᠎ᠠ ᠃ ᠡᠨᠡ ᠲᠥᠷᠥᠯ ᠤᠨ ᠢᠳᠡᠭᠡᠨ ᠬᠦᠨᠳᠦ ᠳᠠᠷᠤᠮᠲᠠ ᠲᠠᠢ ᠠᠳᠠᠯᠢ ᠡᠯᠢᠭᠡᠨ ᠤ ᠰᠣᠯᠢᠯᠴᠠᠭᠠᠨ ᠤ ᠳᠠᠷᠤᠭᠠᠰᠤ ᠶᠢ ᠨᠡᠮᠡᠭᠳᠡᠭᠦᠯᠳᠡᠭ ᠶᠤᠮ ᠃ ᠡᠰᠡᠷᠭᠦ ᠪᠠᠷ ᠪᠢᠳᠡ ᠴᠢᠨᠠᠷ ᠰᠠᠶᠢᠲᠠᠢ ᠤᠭᠤᠷᠠᠭ ᠤᠨ  ᠠᠭᠤᠯᠤᠭᠳᠠᠴᠠ ᠡᠯᠪᠡᠭ ᠶᠡᠭᠡ ᠲᠠᠢ ᠢᠳᠡᠭᠡᠨ ᠰᠣᠩᠭᠤᠨ᠎ᠠ ᠂ ᠲᠤᠬᠠᠶᠢᠯᠠᠪᠠᠯ ᠬᠠᠷ᠎ᠠ ᠮᠢᠬ᠎ᠠ᠂ ᠲᠠᠬᠢᠶᠠᠨ ᠤ ᠮᠢᠬ᠎ᠠ᠂ ᠵᠢᠭᠠᠰᠤᠨ ᠮᠢᠬ᠎ᠠ ᠵᠡᠷᠭᠡ᠃ ᠡᠳᠡᠭᠡᠷ ᠢᠳᠡᠭᠡᠨ ᠤ ᠪᠦᠲᠦᠭᠡᠭᠳᠡᠬᠦᠨ ᠨᠢ ᠲᠡᠵᠢᠭᠡᠯ ᠶᠡᠭᠡ ᠲᠠᠢ ᠮᠦᠷᠲᠡᠭᠡᠨ ᠬᠦᠮᠦᠨ ᠤ ᠪᠡᠶ᠎ᠡ ᠳᠤ ᠠᠮᠠᠷᠬᠠᠨ ᠰᠢᠩᠭᠡᠭᠡᠭᠳᠡᠨ᠂ ᠡᠯᠢᠭᠡᠨ ᠳᠤ ᠭᠦᠢᠴᠡᠳ ᠲᠡᠵᠢᠭᠡᠯ ᠬᠠᠩᠭᠠᠵᠤ᠂ ᠡᠯᠢᠭᠡ ᠶᠢᠨ ᠰᠡᠷᠭᠦᠯᠲᠡ ᠪᠣᠯᠤᠨ ᠡᠷᠡᠭᠦᠯ ᠮᠡᠨᠳᠦ ᠳᠤ ᠲᠤᠰᠠᠲᠠᠢ ᠶᠤᠮ ᠃        ᠸᠢᠲ᠋ᠠᠮᠢᠨ ᠴᠤ ᠡᠯᠢᠭᠡᠨ ᠤ ᠳᠤᠲᠠᠭᠳᠠᠵᠤ ᠪᠣᠯᠣᠰᠢ ᠦᠭᠡᠢ ︽ᠰᠠᠶᠢᠨ ᠨᠠᠶᠢᠵᠠ︾ ᠪᠣᠯᠤᠨ᠎ᠠ᠃ ᠸᠢᠲ᠋ᠠᠮᠢᠨ ᠶᠡᠭᠡ ᠲᠠᠢ ᠵᠢᠮᠢᠰ ᠪᠣᠯᠤᠨ ᠢᠳᠡᠰᠢᠨ ᠨᠣᠭᠤᠭ᠎ᠠ ᠶᠢ ᠢᠯᠡᠭᠦᠦ ᠢᠳᠡᠪᠡᠯ ᠡᠯᠢᠭᠡᠨ ᠳᠤ ᠶᠡᠭᠡ ᠲᠤᠰᠠᠲᠠᠢ᠃ ᠨᠢᠮᠪᠡᠭᠡ᠂ ᠭᠦᠵᠡᠯᠵᠡᠭᠡᠨ᠎ᠡ᠂ ᠵᠦᠷᠵᠢ᠂ ᠲᠣᠰᠢᠯᠤᠭ᠂ ᠵᠡᠷᠭᠡ ᠵᠢᠮᠢᠰ ᠪᠣᠯᠤᠨ ᠴᠢᠨᠵᠦᠦ᠂ ᠥᠷᠭᠡᠰᠦᠲᠦ ᠨᠣᠭᠤᠭ᠎ᠠ᠂ ᠰᠢᠯᠠᠨ ᠨᠣᠭᠤᠭ᠎ᠠ ᠵᠡᠷᠭᠡ ᠨᠢ ᠴᠥᠮ ᠸᠢᠲ᠋ᠠᠮᠢᠨ ᠨᠥᠬᠦᠪᠥᠷᠢᠯᠡᠬᠦ ᠴᠢᠨᠠᠷ ᠰᠠᠶᠢᠲᠠᠢ ᠢᠷᠡᠯᠲᠡ  ᠪᠣᠯᠤᠨ᠎ᠠ ᠃ ᠲᠡᠳᠡ ᠪᠡᠶ᠎ᠡ ᠶᠢᠨ ᠡᠭᠡᠯᠢᠯᠡᠬᠦ ᠴᠢᠳᠠᠯ ᠢ ᠰᠠᠶᠢᠵᠢᠷᠠᠭᠤᠯᠬᠤ ᠪᠠᠷ ᠪᠠᠷᠠᠬᠤ ᠦᠭᠡᠢ ᠂ ᠡᠯᠢᠭᠡ  ᠶᠢ ᠡᠪᠡᠳᠴᠢᠨ ᠠᠴᠠ  ᠡᠰᠡᠷᠭᠦᠴᠡᠬᠦ  ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ ᠃        ᠡᠭᠦᠨ ᠠᠴᠠ ᠭᠠᠳᠠᠨ᠎ᠠ᠂ ᠪᠢᠳᠡ ᠪᠠᠰᠠ ᠳᠠᠪᠤᠰᠤᠨ ᠤ ᠰᠢᠩᠭᠡᠭᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠰᠠᠨᠠᠭᠠᠴᠢᠯᠠᠭᠰᠠᠨ ᠢᠶᠠᠷ ᠂ ᠬᠦᠮᠦᠨ ᠪᠦᠷᠢ ᠶᠢᠨ ᠡᠳᠦᠷ ᠪᠦᠷᠢ ᠶᠢᠨ ᠳᠠᠪᠤᠰᠤᠨ ᠤ ᠬᠡᠮᠵᠢᠶ᠎ᠡ ᠶᠢ 5 ᠭᠷᠠᠮ ᠠᠴᠠ ᠬᠡᠲᠦᠷᠡᠭᠦᠯᠵᠦ ᠪᠣᠯᠬᠤ ᠦᠭᠡᠢ ᠭᠡᠳᠡᠭ ᠃ ᠨᠠᠲᠷᠢ  ᠪᠠᠭ᠎ᠠ ᠳᠠᠪᠤᠰᠤ ᠪᠠᠷ ᠡᠩ ᠤᠨ ᠢᠳᠡᠰᠢᠨ ᠳᠠᠪᠤᠰᠤ ᠶᠢ ᠣᠷᠣᠯᠠᠭᠤᠯᠵᠤ ᠪᠣᠯᠤᠨ᠎ᠠ᠂ ᠢᠩᠭᠢᠪᠡᠯ ᠠᠮᠲᠠ ᠶᠢᠨ ᠴᠣᠣᠷᠠᠢ ᠶᠢᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠡᠯᠢᠭᠡᠨ ᠤ ᠡᠷᠡᠭᠦᠯ ᠮᠡᠨᠳᠦ ᠶᠢ ᠬᠠᠮᠠᠭᠠᠯᠠᠵᠤ ᠴᠢᠳᠠᠨ᠎ᠠ᠃ ᠬᠡᠷᠪᠡ ᠬᠡᠪᠡᠯᠢ ᠤᠰᠤᠳᠤᠬᠤ ᠪᠤᠶᠤ ᠤᠰᠤᠨ ᠬᠠᠪᠤᠳᠠᠷ ᠤᠨ ᠪᠠᠶᠢᠳᠠᠯ ᠪᠠᠶᠢᠪᠠᠯ᠂ ᠨᠡᠩ ᠴᠤ ᠳᠠᠪᠤᠰᠤ ᠶᠢ ᠬᠢᠵᠠᠭᠠᠷᠯᠠᠨ ᠤᠰᠤ ᠶᠢ ᠬᠢᠵᠠᠭᠠᠷᠯᠠᠬᠤ ᠬᠡᠷᠡᠭᠲᠡᠶ᠂ ᠢᠳᠡᠰᠢᠨ ᠳᠠᠪᠤᠰᠤ ᠰᠢᠩᠭᠡᠭᠡᠬᠦ ᠬᠡᠮᠵᠢᠶ᠎ᠡ ᠶᠢ 2 ᠭᠷᠠᠮ ᠤᠨ ᠳᠣᠲᠣᠷ᠎ᠠ ᠬᠢᠵᠠᠭᠠᠷᠯᠠᠵᠤ᠂ ᠬᠡᠪᠡᠯᠢ ᠤᠰᠤᠳᠤᠬᠤ ᠡᠪᠡᠳᠴᠢᠲᠡᠨ ᠤ ᠤᠰᠤ ᠰᠢᠩᠭᠡᠭᠡᠬᠦ ᠬᠡᠮᠵᠢᠶ᠎ᠡ ᠶᠢ 500 — 1500 ᠮᠢᠯᠢᠭᠷᠡᠮ ᠬᠤᠭᠤᠷᠣᠨᠳᠣ ᠬᠢᠵᠠᠭᠠᠷᠯᠠᠨ᠎ᠠ᠃        ᠵᠠᠷᠢᠮ ᠬᠤᠭᠤᠯᠠ ᠤᠮᠳᠠ ᠨᠢ ᠡᠯᠢᠭᠡᠨ ᠡᠪᠡᠳᠴᠢᠲᠡᠢ ᠬᠦᠮᠦᠰ ᠲᠤ ᠠᠪᠴᠤ ᠬᠡᠯᠡᠪᠡᠯ᠂ ᠨᠢᠭᠤᠴᠠ ᠭᠠᠵᠠᠷ ᠤᠨ ︽ ᠴᠠᠭᠲᠤ ᠳᠡᠯᠪᠡᠷᠢᠬᠦ ᠪᠥᠮᠪᠦᠭᠡ︾ ᠮᠡᠲᠦ  ᠂ ᠡᠷᠬᠡᠪᠰᠢ ᠪᠣᠯᠭᠤᠮᠵᠢᠯᠠᠨ  ᠵᠠᠶᠢᠯᠠᠰᠬᠢᠬᠤ ᠬᠡᠷᠡᠭᠲᠡᠢ᠃        ᠵᠢᠱᠢᠶᠡᠯᠡᠪᠡᠯ᠂ ᠬᠠᠲᠠᠭᠤ ᠵᠢᠮᠢᠰᠦᠨ ᠤ ᠬᠠᠯᠢᠰᠤ᠂ ᠬᠠᠲᠠᠭᠤ ᠰᠢᠷᠠᠭᠰᠠᠨ ᠲᠠᠯᠬ᠎ᠠ ᠵᠡᠷᠭᠡ ᠠᠷᠵᠠᠭᠠᠷ᠂ ᠬᠠᠲᠠᠭᠤ ᠢᠳᠡᠭᠡᠨ᠃ ᠣᠨᠴᠠᠭᠠᠶᠢᠯᠠᠨ ᠡᠯᠢᠭᠡ ᠬᠠᠲᠠᠭᠤᠷᠠᠬᠤ ᠡᠪᠡᠳᠴᠢᠲᠡᠨ ᠳᠤ ᠠᠪᠴᠤ ᠬᠡᠯᠡᠪᠡᠯ᠂ ᠤᠯᠠᠭᠠᠨ ᠬᠤᠭᠤᠯᠠᠢ ᠂ ᠬᠤᠳᠣᠭᠤᠳᠣᠨ ᠢᠷᠤᠭᠠᠯ ᠤᠨ ᠨᠠᠮᠵᠢᠭᠤᠨ ᠰᠤᠳᠠᠯ ᠨᠢ ᠨᠢᠭᠡᠨᠲᠡ ᠮᠣᠷᠤᠶᠢᠵᠤ ᠭᠦᠷᠪᠡᠶᠢᠬᠦ ᠪᠠᠶᠢᠳᠠᠯ ᠲᠠᠢ ᠪᠣᠯᠪᠠ ᠂ ᠡᠳᠡᠭᠡᠷ ᠢᠳᠡᠭᠡᠨ ᠤ ᠪᠦᠲᠦᠭᠡᠭᠳᠡᠬᠦᠨ ᠢᠳᠡᠪᠡᠯ ᠴᠢᠰᠤᠨ ᠤ ᠰᠤᠳᠠᠰᠤ ᠠᠮᠠᠷᠬᠠᠨ ᠵᠢᠷᠤᠨ ᠴᠣᠭᠤᠯᠵᠤ ᠂ ᠰᠢᠩᠭᠡᠭᠡᠯᠲᠡ ᠶᠢᠨ ᠵᠠᠮ ᠠᠴᠠ ᠶᠡᠭᠡ ᠴᠢᠰᠤ ᠭᠠᠷᠴᠤ ᠮᠡᠳᠡᠨ᠎ᠡ᠃        ᠡᠯᠢᠭᠡ ᠪᠠᠨ ᠬᠠᠶᠢᠷᠠᠯᠠᠬᠤ ︽ᠠᠵᠢᠯᠯᠠᠵᠤ ᠠᠮᠠᠷᠠᠬᠤ ᠪᠠᠭ᠎ᠠ ᠰᠠᠨᠠᠭᠤᠯᠭ᠎ᠠ︾        ᠡᠯᠢᠭᠡ ᠨᠢ ᠰᠥᠨᠢ ᠣᠷᠣᠢ ᠪᠡᠶ᠎ᠡ ᠶᠢᠨ ᠬᠤᠣᠷ ᠢ ᠲᠠᠶᠢᠯᠬᠤ ᠪᠣᠯᠤᠨ ᠰᠡᠯᠪᠢᠬᠦ ᠶᠢᠨ ᠴᠢᠬᠤᠯᠠ ᠴᠢᠳᠠᠪᠤᠷᠢ ᠶᠢ ᠡᠭᠦᠷᠭᠡᠯᠡᠵᠦ ᠪᠠᠶᠢᠳᠠᠭ᠃ ᠰᠥᠨᠢᠵᠢᠨ ᠰᠠᠭᠤᠬᠤ ᠨᠢ ᠡᠯᠢᠭᠡᠨ ᠤ ᠬᠡᠪ ᠤᠨ ᠠᠵᠢᠯ ᠤᠨ ᠠᠢᠵᠠᠮ ᠢ ᠰᠠᠮᠠᠭᠤᠷᠠᠭᠤᠯᠵᠤ ᠲᠡᠭᠦᠨ ᠤ ᠴᠢᠳᠠᠮᠵᠢ ᠶᠢ ᠪᠠᠳᠠᠷᠠᠭᠤᠯᠬᠤ ᠶᠢ ᠬᠦᠨᠳᠦ ᠨᠣᠴᠢᠲᠠᠢ ᠨᠥᠯᠥᠭᠡᠯᠡᠨ᠎ᠡ᠃ ᠡᠶᠢᠮᠦ ᠠᠴᠠ ᠪᠢᠳᠡ ᠠᠯᠢ ᠴᠢᠳᠠᠬᠤ ᠪᠠᠷ ᠭᠦᠢᠴᠡᠳ ᠤᠨᠲᠠᠬᠤ ᠪᠠᠲᠤᠯᠠᠵᠤ᠂ ᠡᠯᠢᠭᠡ ᠪᠠᠨ ᠭᠦᠢᠴᠡᠳ ᠠᠮᠠᠷᠠᠭᠤᠯᠬᠤ ᠬᠡᠷᠡᠭᠲᠡᠢ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号